ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠲᠤᠭᠤᠰᠢᠯᠠᠭᠤᠯᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠮᠠᠷᠠᠲᠤ ᠬᠢᠯᠢ ᠶᠢᠨ ᠰᠣᠶᠣᠯ ᠢ ᠪᠦᠲᠦᠭᠡᠨ ᠪᠠᠶᠢᠭᠤᠯᠬᠤ᠂ ᠪᠣᠬᠢᠷᠲᠤᠯ ᠦᠭᠡᠢ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠣᠷᠣᠨ ᠢ ᠡᠭᠦᠳᠦᠨ ᠪᠠᠶᠢᠭᠤᠯᠬᠤ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/11/17
ᠪᠣᠣ ᠭᠠᠩ ᠬᠤᠷᠠᠯ ᠢ ᠡᠷᠬᠢᠯᠡᠵᠠᠢ      ︵ᠰᠤᠷᠪᠤᠯᠵᠢᠯᠠᠭᠴᠢ ᠶᠦᠨ ᠵᠢᠩ︶ 11 ᠳ᠋ᠦ᠋ᠭᠡᠷ ᠰᠠᠷ᠎ᠠ ᠶᠢᠨ 15 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠾᠧᠪᠧᠢ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ ᠰᠠᠨᠠᠭ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠣᠸ ᠴᠧᠩ ᠮᠠᠨ ᠤ ᠬᠤᠲᠠ ᠳᠤ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠪᠠᠶᠢᠴᠠᠭᠠᠨ ᠰᠤᠳᠤᠯᠵᠤ ᠳᠤᠷᠠᠳᠤᠭᠰᠠᠨ ᠠᠵᠢᠯ ᠤᠨ ᠱᠠᠭᠠᠷᠳᠠᠯᠭ᠎ᠠ ᠶᠢ ᠤᠯᠠᠮᠵᠢᠯᠠᠨ ᠰᠤᠷᠤᠯᠴᠠᠵᠤ᠂ ᠮᠠᠨ ᠤ ᠬᠤᠲᠠ ᠶᠢᠨ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠣᠣ ᠭᠠᠩ ᠬᠤᠷᠠᠯ ᠢ ᠡᠷᠬᠢᠯᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠭᠤᠷᠪᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠥᠭᠡᠷᠡᠴᠢᠯᠡᠯᠲᠡ ᠶᠢᠨ ᠠᠷᠭ᠎ᠠ ᠪᠣᠯᠣᠨ ᠰᠢᠨ᠎ᠡ ᠶᠢ ᠡᠭᠦᠳᠬᠦ ᠰᠡᠳᠬᠢᠬᠦᠢ ᠪᠠᠷ ᠬᠥᠭᠵᠢᠯᠲᠡ ᠶᠢᠨ ᠳᠤᠮᠳᠠᠬᠢ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ᠃ ᠠᠮᠢ ᠠᠬᠤᠢ ᠶᠢᠨ ᠪᠣᠯᠪᠠᠰᠤᠨ ᠤ ᠬᠦᠷᠢᠶᠡᠨ ᠤ ᠥᠭᠡᠷᠡᠴᠢᠯᠡᠯᠲᠡ ᠶᠢᠨ ᠠᠵᠢᠯ ᠢ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ ᠰᠢᠩᠭᠡᠭᠡᠬᠦ᠂ ᠪᠣᠬᠢᠷᠲᠤᠯ ᠦᠭᠡᠢ ᠴᠠᠬᠢᠯᠭᠠᠨ ᠢ ᠠᠷᠠᠯᠵᠢᠶᠠᠯᠠᠬᠤ ᠵᠡᠷᠭᠡ ᠲᠠᠯ᠎ᠠ ᠪᠠᠷ ᠣᠷᠢᠳᠠᠪᠡᠷ ᠭᠡᠷᠡᠭᠵᠢᠬᠦᠯᠵᠦ ᠤᠷᠢᠳᠠᠪᠡᠷ ᠲᠤᠷᠰᠢᠬᠤ ᠬᠡᠷᠡᠭᠲᠡᠢ᠃ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷᠴᠢᠯᠡᠨ ᠰᠣᠩᠭᠤᠨ ᠤᠷᠢᠬᠤ᠂ ᠭᠡᠷ᠎ᠡ ᠪᠠᠷ ᠬᠠᠮᠢᠶᠠᠷᠬᠤ᠂ ᠵᠦᠷᠢᠶᠡᠴᠢᠯᠡᠭᠰᠡᠨ ᠴᠠᠯᠢᠩ ᠬᠥᠯᠥᠰᠦ᠂ ᠵᠠᠬ᠎ᠠ ᠳᠡᠯᠭᠡᠭᠦᠷᠴᠢᠯᠡᠨ ᠤᠬᠤᠷᠢᠨ ᠭᠠᠷᠬᠤ ᠵᠡᠷᠭᠡ ᠲᠣᠭᠲᠠᠴᠠ ᠶᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠤᠯᠤᠰ ᠤᠨ ᠥᠮᠴᠢᠯᠡᠯᠲᠦ ᠬᠥᠷᠥᠩᠭᠡ ᠶᠢᠨ ᠡᠵᠡᠩᠨᠡᠯᠲᠡ ᠶᠢᠨ ᠲᠥᠰᠥᠪ ᠤᠨ ᠳᠦᠷᠢᠮ ᠢ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠡᠵᠡᠩᠨᠡᠯᠲᠡ ᠶᠢᠨ ᠦᠷ᠎ᠡ ᠠᠰᠢᠭ ᠢ ᠳᠡᠭᠡᠭᠰᠢᠯᠡᠭᠦᠯᠵᠦ᠂ ᠬᠤᠳᠠ ᠶᠢᠨ ᠬᠠᠷᠢᠶ᠎ᠠ ᠤᠯᠤᠰ ᠤᠨ ᠥᠮᠴᠢᠯᠡᠯᠲᠦ ᠠᠵᠤ ᠠᠬᠤᠶᠢᠯᠠᠯ ᠢ ᠳᠠᠰᠤᠷᠠᠯᠳᠠ ᠦᠭᠡᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠶᠡᠷᠦᠩᠬᠡᠢ ᠱᠦᠵᠢ ᠰᠢ ᠶᠢᠨ ᠫᠢᠩ ᠤᠨ ᠪᠡᠭᠡᠵᠢᠩ ᠾᠧᠪᠧᠢ ᠳᠤ ᠭᠠᠮᠰᠢᠭ ᠤᠨ ᠳᠠᠷᠠᠭᠠᠬᠢ ᠰᠡᠷᠭᠦᠭᠡᠨ ᠳᠠᠬᠢᠨ ᠪᠦᠲᠦᠭᠡᠨ ᠪᠠᠶᠢᠭᠤᠯᠬᠤ ᠠᠵᠢᠯ ᠢ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠂ ᠵᠦᠢ ᠵᠣᠬᠢᠰᠲᠠᠢ ᠪᠠᠶᠢᠷᠢᠯᠠᠭᠤᠯᠵᠤ᠂ ᠳᠤᠲᠠᠭᠤ ᠪᠠᠨ ᠱᠠᠯᠠᠪᠳᠠᠨ ᠨᠥᠬᠦᠪᠦᠷᠢᠯᠡᠨ᠂ ᠪᠠᠭᠤᠷᠠᠢ ᠪᠠᠨ ᠬᠦᠴᠦᠷᠬᠡᠭᠵᠢᠭᠦᠯᠵᠦ᠂ ᠭᠤᠣᠯᠳᠠᠯᠭ᠎ᠠ ᠲᠠᠢ ᠤᠰᠤᠨ ᠠᠰᠢᠭᠯᠠᠯᠲᠠ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠬᠤᠳᠠ ᠶᠢᠨ ᠤᠰᠤ ᠵᠠᠯᠠᠵᠤ ᠤᠰᠤᠲᠤᠯ ᠢ ᠰᠡᠷᠭᠡᠶᠢᠯᠡᠬᠦ᠂ ᠤᠰᠤᠨ ᠴᠥᠭᠦᠷᠥᠮ ᠭᠤᠣᠯ ᠤᠨ ᠦᠶᠡᠷ ᠢ ᠰᠡᠷᠭᠡᠶᠢᠯᠡᠨ ᠵᠠᠰᠠᠬᠤ ᠵᠢᠴᠢ ᠪᠠᠶᠢᠭᠠᠯᠢ ᠶᠢᠨ ᠭᠠᠮᠰᠢᠭ ᠢ ᠶᠡᠷᠦᠩᠬᠡᠶᠢᠯᠡᠨ ᠰᠡᠷᠭᠡᠶᠢᠯᠡᠨ ᠵᠠᠰᠠᠬᠤ  ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠣᠰᠣᠭᠠᠷ᠂ ᠰᠢ ᠶᠢᠨ ᠫᠢᠩ ᠤᠨ ᠰᠣᠶᠣᠯ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠡᠨᠡᠬᠦ ᠭᠤᠣᠯ ᠰᠢᠵᠢᠮ ᠢ ᠪᠠᠲᠤ ᠡᠵᠡᠮᠳᠡᠨ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠤᠮᠠᠷᠠᠲᠤ ᠬᠢᠯᠢ ᠶᠢᠨ ᠰᠣᠶᠣᠯ ᠤᠨ ᠰᠤᠳᠤᠯᠭᠠᠨ᠂ ᠲᠠᠶᠢᠯᠪᠤᠷᠢᠯᠠᠯᠲᠠ᠂ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠤ ᠪᠠᠶᠠᠯᠢᠭ ᠠᠭᠤᠯᠬᠤᠨ ᠢ ᠭᠦᠢᠴᠡᠳ ᠠᠭᠤᠳᠠᠯᠵᠤ᠂ ᠮᠣᠩᠭᠤᠯ ᠮᠣᠷᠢᠨ ᠤ ᠵᠣᠷᠢᠭ ᠰᠠᠨᠠᠭ᠎ᠠ ᠪᠣᠯᠣᠨ ︽ᠤᠮᠠᠷᠠᠲᠤ ᠶᠢᠨ ᠭᠤᠷᠪᠠᠨ ᠣᠷᠣᠨ ᠤ ᠵᠣᠷᠢᠭ ᠰᠠᠨᠠᠭ᠎ᠠ︾ ᠶᠢ ᠶᠡᠬᠡᠪᠡᠷ ᠪᠠᠳᠠᠷᠠᠭᠤᠯᠵᠤ᠂ ᠤᠮᠠᠷᠠᠲᠤ ᠬᠢᠯᠢ ᠶᠢᠨ ᠰᠣᠶᠣᠯ ᠳᠤ ᠨᠡᠩ ᠢᠯᠡ ᠲᠣᠳᠣ ᠤᠶᠤᠨ ᠰᠠᠨᠠᠭᠠᠨ ᠤ ᠣᠨᠴᠠᠯᠢᠭ ᠭᠠᠷᠭᠠᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠱᠠᠨᠳᠦ᠋ᠩ ᠤᠨ ᠪᠡᠯᠡᠳᠬᠡᠮᠵᠢᠲᠦ ᠲᠠᠷᠢᠶᠠᠯᠠᠩ ᠪᠣᠯᠣᠨ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠪᠣᠯᠪᠠᠰᠤᠷᠠᠭᠤᠯᠬᠤ ᠳᠤ ᠣᠯᠣᠭᠰᠠᠨ ᠠᠮᠵᠢᠯᠲᠠ ᠲᠠᠢ ᠲᠤᠷᠰᠢᠯᠭ᠎ᠠ ᠶᠢ ᠰᠤᠷᠤᠯᠴᠠᠨ ᠲᠣᠯᠢ ᠪᠣᠯᠭᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠪᠠᠶᠢᠷᠢ ᠲᠣᠭᠲᠠᠭᠠᠯᠲᠠ ᠶᠢ ᠤᠯᠠᠮ ᠨᠢᠭᠡ ᠠᠯᠬᠤᠮ ᠲᠣᠳᠣᠷᠬᠠᠢ ᠪᠣᠯᠭᠠᠵᠤ᠂ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠬᠦᠷᠢᠶᠡᠯᠡᠩ ᠲᠣᠭᠤᠷᠢᠭ ᠢ ᠢᠳᠡᠪᠬᠢᠲᠡᠢ ᠪᠠᠷ ᠴᠢᠷᠮᠠᠶᠢᠨ ᠪᠠᠶᠢᠭᠤᠯᠵᠤ᠂ ᠠᠵᠤ ᠦᠢᠯᠡᠳᠪᠦᠷᠢ ᠶᠢᠨ ᠰᠡᠳᠬᠢᠬᠦᠢ ᠪᠠᠷ ᠲᠠᠷᠢᠶᠠᠯᠠᠩ ᠮᠠᠯ ᠠᠵᠤ ᠠᠬᠤᠢ ᠶᠢ ᠠᠳᠬᠤᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠡᠳ᠋ᠰᠢᠭᠦᠯᠬᠦ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠬᠥᠲᠥᠴᠢ ᠠᠵᠤ ᠠᠬᠤᠶᠢᠯᠠᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢ ᠡᠭᠦᠳᠴᠦ᠂ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠪᠦᠷᠢᠨᠰᠢᠭᠦᠯᠵᠦ᠂ ᠤᠯᠠᠮᠵᠢᠯᠠᠯᠲᠤ ᠲᠠᠷᠢᠶᠠᠯᠠᠩ ᠠᠴᠠ ᠣᠲᠣ ᠦᠶ᠎ᠡ ᠶᠢᠨ ᠲᠠᠷᠢᠶᠠᠯᠠᠩ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠪᠣᠯᠣᠨ ᠬᠤᠶᠠᠷ ᠢ ᠬᠦᠷᠢᠶᠡᠯᠡᠬᠦ ᠠᠵᠢᠯ ᠢ ᠪᠣᠳᠠᠲᠠᠢ ᠠᠳᠬᠤᠵᠤ᠂ ᠪᠦᠬᠦ ᠤᠯᠤᠰ ᠤᠨ ᠬᠤᠶᠠᠷ ᠢ ᠬᠦᠷᠢᠶᠡᠯᠡᠬᠦ ᠵᠢᠱᠢᠶᠡᠴᠢ ᠬᠤᠳᠠ ᠶᠢᠨ ︽ᠠᠷᠪᠠᠨ ᠵᠢᠯ ᠤᠨ ᠮᠠᠩᠯᠠᠢ︾ ᠪᠣᠯᠬᠤ ᠪᠠᠷ ᠬᠠᠷᠠᠯᠲᠠ ᠪᠣᠯᠭᠠᠵᠤ᠂ ᠴᠡᠷᠢᠭ ᠠᠩᠭᠢ ᠪᠠ ᠣᠷᠣᠨ ᠨᠤᠲᠤᠭ ᠢ ᠬᠠᠮᠲᠤᠪᠠᠷ ᠪᠠᠶᠢᠭᠤᠯᠬᠤ᠂ ᠬᠥᠬᠡᠬᠤᠲᠠ ᠳᠤ ᠰᠠᠭᠤᠭ᠎ᠠ ᠴᠡᠷᠢᠭ ᠠᠩᠭᠢ ᠶᠢᠨ ᠦᠢᠯᠡᠴᠢᠯᠡᠭᠡ ᠶᠢ ᠪᠠᠲᠤᠯᠠᠬᠤ᠂ ᠴᠡᠷᠢᠭ ᠤᠨ ᠠᠯᠪᠠᠨ ᠠᠴᠠ ᠬᠠᠯᠠᠭᠳᠠᠭᠰᠠᠳ ᠢ ᠲᠥᠪᠬᠢᠨᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠴᠡᠷᠢᠭ ᠢᠶᠠᠨ ᠬᠦᠷᠢᠶᠡᠯᠡᠵᠦ ᠴᠡᠷᠢᠭ ᠤᠨ ᠭᠡᠷ ᠪᠦᠯᠢ ᠶᠢ ᠬᠠᠷᠠᠭᠠᠯᠵᠠᠬᠤ ᠭᠦᠨ ᠵᠤᠵᠠᠭᠠᠨ ᠠᠭᠤᠷ ᠠᠮᠢᠰᠬᠤᠯ ᠢ ᠦᠨᠡᠨᠬᠦ ᠪᠤᠢ ᠪᠣᠯᠭᠠᠬᠤ ᠬᠡᠷᠡᠭᠲᠡᠢ ᠭᠡᠵᠡᠢ᠃      ᠬᠤᠷᠠᠯ ᠠᠴᠠ ︽ᠬᠥᠬᠡᠬᠤᠲᠠ ᠶᠢᠨ ︿ᠤᠯᠤᠰ ᠤᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠤᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ ︵2023︱2030 ᠣᠨ︶﹀ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ︾ ᠢ ᠬᠢᠨᠠᠨ ᠵᠥᠪᠯᠡᠪᠡ᠃ ᠣᠷᠣᠨ ᠤ ᠲᠥᠪ ᠤᠨ ᠢᠯᠴᠢ ᠶᠢᠨ ᠴᠠᠬᠢᠯᠭᠠᠨ ᠤ ᠡᠬᠢ ᠪᠠᠶᠠᠯᠢᠭ ᠡᠯᠪᠡᠭ ᠳᠡᠯᠪᠡᠭ᠂ ᠰᠢᠨ᠎ᠡ ᠡᠨᠧᠷᠭᠢ ᠶᠢᠨ ᠬᠡᠷᠡᠭᠯᠡᠭᠡᠨ ᠤ ᠲᠠᠯᠠᠪᠠᠶ ᠣᠯᠠᠨ ᠵᠡᠷᠭᠡ ᠳᠠᠪᠠᠭᠤᠯᠢᠭ ᠢ ᠪᠠᠳᠠᠷᠠᠭᠤᠯᠵᠤ᠂ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ︽ᠰᠠᠯᠬᠢ ᠭᠡᠷᠡᠯ ᠢᠯᠴᠢ ᠶᠢ ᠤᠰᠤᠳᠦ᠋ᠷᠦᠭᠴᠢᠭᠦᠯᠦᠨ ᠬᠠᠳᠠᠭᠠᠯᠠᠬᠤ︾ ᠠᠵᠤ ᠦᠢᠯᠡᠰ ᠤᠨ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠴᠠᠬᠢᠯᠭᠠᠨ ᠲᠣᠣᠷ ᠤᠨ ᠪᠦᠲᠦᠭᠡᠨ ᠪᠠᠶᠢᠭᠤᠯᠤᠯᠲᠠ ᠶᠢ ᠵᠣᠬᠢᠬᠤ ᠬᠡᠮᠵᠢᠶ᠎ᠡ ᠪᠠᠷ ᠤᠷᠢᠳᠴᠢᠯᠠᠨ ᠲᠥᠯᠥᠪᠵᠢᠭᠦᠯᠵᠦ᠂ ᠨᠣᠭᠤᠭᠠᠨ ᠦᠨᠡᠮᠯᠡᠯ ᠤᠨ ᠠᠷᠠᠯᠵᠢᠶ᠎ᠠ ᠶᠢ ᠶᠡᠭᠡ ᠪᠠᠷ ᠲᠦᠯᠬᠢᠨ ᠠᠬᠢᠭᠤᠯᠵᠤ᠂ ᠨᠣᠭᠤᠭᠠᠨ ᠴᠠᠬᠢᠯᠭᠠᠨ ᠢ ᠰᠢᠩᠭᠡᠭᠡᠬᠦ ᠵᠢᠱᠢᠶ᠎ᠡ ᠦᠵᠡᠭᠦᠯᠬᠦ ᠣᠷᠣᠨ ᠢ ᠢᠳᠡᠪᠬᠢᠲᠡᠢ ᠪᠠᠷ ᠡᠭᠦᠳᠦᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠷᠠᠯ ᠠᠴᠠ ᠮᠠᠨ ᠤ ᠬᠤᠲᠠ ᠶᠢᠨ ᠲᠦᠯᠡᠰᠢᠨ ᠨᠡᠭᠦᠷᠡᠰᠦ ᠶᠢ ᠰᠤᠯᠠ ᠰᠢᠲᠠᠭᠠᠬᠤ᠂ ᠰᠤᠷᠭᠠᠭᠤᠯᠢ ᠶᠢᠨ ᠣᠯᠠᠨ ᠨᠡᠶᠢᠲᠡ ᠶᠢᠨ ᠲᠠᠯᠠᠪᠠᠶ ᠣᠷᠳᠣᠨ ᠤ ᠠᠶᠤᠯᠭᠦᠢ ᠶᠢᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠪᠥᠬᠦ ᠬᠤᠲᠠ ᠶᠢᠨ ᠭᠤᠣᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠬᠤ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ ᠪᠠᠷ ᠪᠠᠶᠢᠭ᠎ᠠ ︽ᠭᠤᠣᠯᠳᠠᠯᠭ᠎ᠠ ᠲᠠᠢ ᠠᠵᠢᠯ ᠤᠨ ᠡᠭᠦᠷᠭᠡ ᠶᠢᠨ ᠨᠠᠷᠢᠨ ᠬᠠᠭᠤᠳᠠᠰᠤ︾ ᠶᠢ ᠬᠢᠨᠠᠨ ᠵᠥᠪᠯᠡᠭᠰᠡᠨ ᠪᠥᠭᠡᠳ ᠬᠤᠯᠪᠣᠭᠳᠠᠯ ᠪᠦᠬᠦᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号