ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/11/23
      11 ᠳ᠋ᠦᠭᠡᠷ ᠰᠠᠷ᠎ᠠ ᠶᠢᠨ 14 ᠤ ᠡᠳᠦᠷ ᠤᠨ ᠦᠳᠡ ᠶᠢᠨ ᠡᠮᠦᠨ᠎ᠡ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠠᠵᠢᠯ ᠢ ᠲᠦᠯᠬᠢᠨ ᠠᠬᠢᠭᠤᠯᠬᠤ ᠬᠤᠷᠠᠯ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠬᠤᠷᠠᠯᠳᠤᠪᠠ᠃ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ ᠯᠢᠦ ᠴᠢᠶᠠᠨ ᠬᠦᠶ᠂ ᠰᠤᠷᠭᠠᠭᠤᠯᠢ ᠶᠢᠨ ᠳᠡᠳ᠋ ᠵᠠᠬᠢᠷᠤᠯ ᠰᠢᠶᠣᠣ ᠹᠠᠩ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠣᠣ ᠶᠠᠨ ᠷᠦ᠂ ᠲᠣᠭᠤᠷᠢᠭ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠲᠣᠭᠤᠷᠢᠭ ᠤᠨ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠴᠢ ᠽᠧ ᠧᠨ᠂ ᠲᠣᠭᠤᠷᠢᠭ ᠤᠨ ᠳᠡᠳ᠋ ᠳᠠᠷᠤᠭ᠎ᠠ ᠢᠦᠢ ᠬᠠᠢ ᠵᠢᠶᠦ᠋ᠨ᠂ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠦ᠋ ᠬᠠᠢ ᠶᠢᠩ ᠬᠤᠷᠠᠯ ᠳᠤ ᠣᠷᠣᠯᠴᠠᠵᠠᠢ᠃ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠨᠠᠮ ᠵᠠᠰᠠᠭ ᠤᠨ ᠠᠯᠪᠠᠨ ᠭᠡᠷ᠂ ᠠᠵᠢᠯᠲᠠᠨ ᠤ ᠶᠠᠪᠤᠳᠠᠯ ᠤᠨ ᠭᠠᠵᠠᠷ ᠤᠨ ᠬᠠᠷᠢᠭᠤᠴᠠᠯᠭᠠᠲᠠᠨ᠂ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠥᠷᠥᠯ ᠵᠦᠢᠯ ᠤᠨ ᠢᠨᠵᠧᠨᠧᠷᠢᠩ ᠤᠨ ᠨᠢᠭᠡᠴᠡ ᠶᠢᠨ ᠬᠠᠮᠢᠶ᠎ᠠ ᠪᠦᠬᠦᠢ ᠬᠥᠮᠥᠰ ᠬᠤᠷᠠᠯ ᠳᠤ ᠣᠷᠣᠯᠴᠠᠵᠠᠢ᠃ ᠯᠢᠦ ᠴᠢᠶᠠᠨ ᠬᠦᠶ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠬᠤᠲᠣᠩ ᠠᠷᠠᠳ ᠤᠨ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠠᠷᠤᠭ᠎ᠠ ᠦ᠋ ᠬᠠᠢ ᠶᠢᠩ ᠬᠠᠷᠢᠶᠠᠲᠤ ᠰᠤᠷᠭᠠᠭᠤᠯᠢ ᠶᠢᠨ ᠦᠨᠳᠦᠰᠦᠨ ᠪᠠᠶᠢᠳᠠᠯ᠂ ᠲᠥᠷᠥᠯ ᠵᠦᠢᠯ ᠢ ᠭᠦᠢᠴᠡᠳᠬᠡᠭᠰᠡᠨ ᠠᠬᠢᠴᠠ᠂ ᠰᠤᠷᠭᠠᠭᠤᠯᠢ ᠶᠢᠨ ᠪᠠᠶᠢᠭᠤᠯᠤᠮᠵᠢ ᠶᠢᠨ ᠲᠣᠬᠢᠷᠠᠭᠤᠯᠤᠯᠲᠠ᠂ ᠪᠠᠭᠰᠢ ᠶᠢᠨ ᠲᠣᠬᠢᠷᠠᠭᠤᠯᠤᠯᠲᠠ ᠵᠡᠷᠭᠡ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠬᠢᠵᠡᠢ᠃ ᠲᠥᠷᠥᠯ ᠵᠦᠢᠯ ᠤᠨ ᠵᠢᠷᠤᠭ ᠲᠥᠯᠥᠪᠯᠡᠭᠡ ᠶᠢᠨ ᠨᠢᠭᠡᠴᠡ ᠠᠴᠠ ᠬᠠᠷᠢᠶᠠᠲᠤ ᠰᠤᠷᠭᠠᠭᠤᠯᠢ ᠶᠢᠨ ᠪᠠᠷᠢᠯᠭ᠎ᠠ ᠶᠢᠨ ᠵᠢᠷᠤᠭ ᠲᠥᠯᠥᠪᠯᠡᠭᠡ ᠶᠢ ᠨᠠᠷᠢᠨ ᠲᠠᠨᠢᠯᠴᠠᠭᠤᠯᠪᠠ᠃      ᠵᠣᠣ ᠶᠠᠨ ᠷᠦ ᠢᠯᠡᠷᠬᠡᠶᠢᠯᠡᠬᠦ ᠳᠡᠭᠡᠨ᠂ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠨᠢ ᠡᠯ᠎ᠡ ᠡᠲᠡᠭᠡᠳ ᠤᠨ ᠬᠢᠨ ᠤ ᠠᠩᠬᠠᠷᠤᠯ ᠢ ᠲᠠᠲᠠᠵᠤ᠂ ᠬᠤᠲᠣᠩ ᠠᠷᠠᠳ ᠤᠨ ᠲᠣᠭᠤᠷᠢᠭ ᠤᠨ ᠨᠠᠮ ᠤᠨ ᠬᠤᠷᠢᠶ᠎ᠠ᠂ ᠣᠷᠣᠨ ᠤ ᠵᠠᠰᠠᠭ ᠤᠨ ᠣᠷᠳᠣᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠵᠤ᠂ ᠡᠯ᠎ᠡ ᠵᠦᠢᠯ ᠤᠨ ᠪᠡᠯᠡᠳᠬᠡᠯ ᠠᠵᠢᠯ ᠢ ᠡᠮᠬᠢ ᠵᠢᠷᠤᠮ ᠲᠠᠢ ᠶᠠᠪᠤᠭᠳᠠᠭᠤᠯᠵᠤ᠂ 2024 ᠣᠨ ᠤ 9 ᠳ᠋ᠦ᠋ᠭᠡᠷ ᠰᠠᠷ᠎ᠠ ᠶᠢᠨ ᠰᠣᠷᠣᠭᠴᠢ ᠡᠯᠰᠡᠬᠦ ᠬᠠᠷᠠᠯᠲᠠ ᠶᠢ ᠪᠡᠶᠡᠯᠡᠭᠦᠯᠬᠦ ᠪᠠᠷ ᠴᠢᠷᠮᠠᠶᠢᠭᠰᠠᠭᠠᠷ ᠢᠷᠡᠵᠡᠶ᠃ ᠰᠤᠷᠭᠠᠭᠤᠯᠢ ᠪᠠ ᠣᠷᠣᠨ ᠨᠤᠲᠤᠭ ᠬᠤᠶᠠᠷ ᠲᠠᠯ᠎ᠠ ᠪᠠᠷ ᠢᠶᠠᠨ ᠣᠯᠣᠯᠴᠠᠭ᠎ᠠ ᠪᠠᠨ ᠴᠢᠩᠭᠠᠳᠬᠠᠵᠤ᠂ ᠪᠥᠬᠦ ᠬᠤᠲᠠ ᠶᠢᠨ ᠬᠠᠮᠤᠭ ᠤᠨ ᠰᠢᠯᠢᠳᠡᠭ ᠰᠤᠷᠭᠠᠭᠤᠯᠢ ᠶᠢ ᠡᠷᠭᠢᠯᠡᠬᠦ ᠬᠠᠷᠠᠯᠲᠠ ᠶᠣᠰᠣᠭᠠᠷ᠂ ᠨᠠᠷᠢᠨ ᠨᠢᠮᠪᠠᠢ ᠲᠥᠯᠥᠪᠯᠡᠨ᠂ ᠭᠦᠢᠴᠡᠳ ᠪᠡᠯᠡᠳᠬᠡᠵᠦ᠂ ᠳᠡᠭᠡᠳᠦ ᠡᠬᠢᠯᠡᠯᠲᠡ ᠲᠠᠢ ᠪᠠᠷ ᠴᠢᠨᠠᠷ ᠰᠠᠶᠢᠲᠠᠢ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠰᠠᠭᠤᠷᠢ ᠰᠤᠷᠭᠠᠨ ᠬᠥᠮᠦᠵᠢᠯ ᠤᠨ ᠰᠢᠨ᠎ᠡ ᠬᠥᠭᠵᠢᠯᠲᠡ ᠶᠢ ᠪᠥᠬᠦ ᠲᠠᠯ᠎ᠠ ᠪᠠᠷ ᠲᠦᠯᠬᠢᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
     ᠯᠢᠦ ᠴᠢᠶᠠᠨ ᠬᠦᠶ ᠵᠢᠭᠠᠵᠤ ᠭᠠᠷᠭᠠᠭᠰᠠᠨ ᠨᠢ᠂ ᠬᠠᠷᠢᠶᠠᠲᠤ ᠰᠤᠷᠭᠠᠭᠤᠯᠢ ᠶᠢ ᠰᠠᠶᠢᠲᠤᠷ ᠡᠷᠭᠢᠯᠡᠬᠦ ᠪᠣᠯ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ ᠭᠤᠣᠯᠳᠠᠯᠭ᠎ᠠ ᠲᠠᠢ ᠠᠵᠢᠯ ᠤᠨ ᠨᠢᠭᠡ ᠮᠥᠨ᠂ ᠰᠤᠷᠭᠠᠭᠤᠯᠢ ᠪᠥᠬᠦ ᠬᠦᠴᠦᠨ ᠢᠶᠠᠷ ᠢᠶᠠᠨ ᠴᠢᠷᠮᠠᠶᠢᠵᠤ᠂ ᠡᠯ᠎ᠡ ᠲᠠᠯ᠎ᠠ ᠶᠢᠨ ᠡᠬᠢ ᠪᠠᠶᠠᠯᠢᠭ ᠢ ᠬᠤᠷᠠᠮᠳᠤᠭᠤᠯᠤᠨ ᠂ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠲᠠᠢ ᠬᠠᠮᠵᠢᠯᠴᠠᠨ ᠰᠢᠯᠢᠳᠡᠭ ᠬᠠᠷᠢᠶᠠᠲᠤ ᠰᠤᠷᠭᠠᠭᠤᠯᠢ ᠶᠢ ᠪᠥᠬᠦ ᠬᠦᠴᠦᠨ ᠢᠶᠠᠷ ᠢᠶᠠᠨ ᠪᠠᠶᠢᠭᠤᠯᠤᠨ᠎ᠠ᠃ ᠰᠤᠷᠭᠠᠭᠤᠯᠢ ᠶᠢᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠢᠳᠡᠪᠬᠢᠲᠡᠢ ᠪᠠᠷ ᠵᠣᠯᠭᠠᠯᠴᠠᠵᠤ᠂ ᠬᠠᠷᠢᠶᠠᠲᠤ ᠰᠤᠷᠭᠠᠭᠤᠯᠢ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠶᠢᠨ ᠲᠥᠯᠦᠪᠵᠢᠭᠦᠯᠭᠡ᠂ ᠬᠠᠮᠢᠶᠠᠷᠤᠯᠲᠠ ᠶᠢᠨ ᠪᠦᠯᠬᠦᠮ ᠨᠡᠶᠢᠲᠡ ᠶᠢᠨ ᠲᠣᠬᠢᠷᠠᠭᠤᠯᠤᠯᠲᠠ ᠵᠡᠷᠭᠡ ᠠᠵᠢᠯ ᠤᠨ ᠳᠤᠮᠳᠠ᠂ ᠰᠢᠯᠢᠳᠡᠭ ᠰᠠᠶᠢᠨ ᠰᠤᠷᠭᠠᠭᠤᠯᠢ ᠡᠷᠭᠢᠯᠡᠬᠦ ᠣᠨᠴᠠᠯᠢᠭ ᠪᠠ ᠣᠲᠣ ᠦᠶ᠎ᠡ ᠶᠢᠨ ᠰᠤᠷᠭᠠᠭᠤᠯᠢ ᠡᠷᠭᠢᠯᠡᠬᠦ ᠣᠨᠣᠯᠵᠢᠬᠤᠨ ᠢ ᠪᠥᠬᠦ ᠲᠠᠯ᠎ᠠ ᠪᠠᠷ ᠢᠯᠡᠷᠡᠭᠦᠯᠬᠦ ᠶᠢᠨ ᠬᠠᠮᠲᠤ᠂ ᠰᠤᠷᠭᠠᠭᠤᠯᠢ ᠪᠠ ᠣᠷᠣᠨ ᠨᠤᠲᠤᠭ ᠬᠠᠮᠲᠤᠷᠠᠨ ᠬᠠᠷᠢᠶᠠᠲᠤ ᠰᠤᠷᠭᠠᠭᠤᠯᠢ ᠡᠭᠦᠳᠦᠨ ᠪᠠᠶᠢᠭᠤᠯᠬᠤ ᠶᠢ ᠥᠪᠡᠷᠲᠡᠭᠡᠨ ᠵᠠᠰᠠᠬᠤ ᠣᠷᠣᠨ ᠤ ︽ᠲᠠᠪᠤᠨ ᠶᠡᠭᠡ ᠡᠭᠦᠷᠭᠡ︾ ᠳᠤ ᠦᠢᠯᠡᠴᠢᠯᠡᠬᠦ ᠴᠢᠬᠤᠯᠠ ᠠᠷᠭ᠎ᠠ ᠮᠠᠶ᠋ᠢᠭ ᠪᠣᠯᠭᠠᠵᠤ᠂ ᠲᠣᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠤᠨ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠳᠤ ᠳᠣᠲᠣᠭᠠᠳᠤ ᠡᠳ᠋ ᠤᠨ ᠵᠠᠰᠠᠭ ᠤᠨ ᠶᠡᠭᠡ ᠬᠦᠴᠦᠨ ᠴᠢᠳᠠᠯ ᠢᠶᠠᠨ ᠨᠡᠮᠡᠷᠢᠯᠡᠨ᠎ᠡ᠃      ᠬᠤᠷᠠᠯ ᠳᠤ ᠣᠷᠣᠯᠴᠠᠭᠰᠠᠳ ᠰᠤᠷᠭᠠᠭᠤᠯᠢ ᠶᠢᠨ ᠲᠣᠭᠤᠷᠢᠭ ᠤᠨ ᠵᠢᠷᠤᠭ ᠲᠥᠯᠥᠪᠯᠡᠭᠡ ᠶᠢᠨ ᠪᠠᠶᠢᠷᠢᠯᠠᠭᠤᠯᠤᠯᠲᠠ᠂ ᠪᠠᠶᠢᠭᠤᠯᠤᠮᠵᠢ ᠶᠢᠨ ᠪᠠᠶᠢᠷᠢᠯᠠᠭᠤᠯᠤᠯᠲᠠ᠂ ᠠᠵᠢᠯᠯᠠᠭᠠᠨ ᠤ ᠪᠠᠲᠤᠯᠠᠭ᠎ᠠ᠂ ᠪᠠᠭᠰᠢ ᠶᠢᠨ ᠪᠡᠯᠡᠳᠬᠡᠯ ᠂ ᠬᠠᠮᠢᠶᠠᠷᠤᠯᠲᠠ ᠶᠢᠨ ᠪᠦᠯᠬᠦᠮ ᠨᠡᠶᠢᠲᠡ ᠶᠢᠨ ᠲᠣᠬᠢᠷᠠᠭᠤᠯᠤᠯᠲᠠ᠂ ᠰᠣᠷᠣᠭᠴᠢ ᠡᠯᠰᠡᠬᠦ ᠲᠥᠯᠥᠪᠯᠡᠭᠡ ᠵᠡᠷᠭᠡ ᠪᠣᠳᠠᠲᠠᠢ ᠤᠴᠢᠷ ᠶᠠᠪᠤᠳᠠᠯ ᠤᠨ ᠲᠣᠭᠤᠷᠢᠨ ᠳᠤ ᠰᠠᠨᠠᠯ ᠢᠶᠠᠨ ᠭᠦᠨᠵᠡᠭᠡᠢ ᠰᠣᠯᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠳᠤ ᠰᠠᠨᠠᠭᠤᠯᠭ᠎ᠠ ᠳᠤᠷᠠᠳᠪᠠ᠃      ᠶᠠᠷᠢᠯᠴᠠᠬᠤ ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠣᠶᠢᠯᠠᠭᠠᠭᠰᠠᠨ ᠢᠶᠠᠷ᠂ ᠰᠢᠨ᠎ᠡ ᠪᠠᠷ ᠪᠠᠶᠢᠭᠤᠯᠤᠭᠰᠠᠨ ᠡᠳ᠋ ᠤᠨ ᠵᠠᠰᠠᠭ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠪᠣᠯ ᠬᠤᠲᠣᠩ ᠠᠷᠠᠳ ᠤᠨ ᠲᠣᠭᠤᠷᠢᠭ ᠤᠨ ᠠᠯᠪᠠᠨ ᠠᠴᠠ ᠡᠷᠭᠢᠯᠡᠭᠰᠡᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠂ ᠬᠤᠲᠣᠩ ᠠᠷᠠᠳ ᠤᠨ ᠲᠣᠭᠤᠷᠢᠭ ᠤᠨ ᠠᠵᠢᠯᠴᠢᠨ ᠲᠠᠷᠢᠶᠠᠴᠢᠨ ᠴᠡᠷᠢᠭ ᠤᠨ ᠵᠠᠮ ᠠᠴᠠ ᠪᠠᠷᠠᠭᠤᠨᠰᠢᠬᠢ᠂ ᠭᠤᠣᠯ ᠳᠠᠭᠠᠤ ᠶᠢᠨ ᠵᠡᠭᠦᠨ ᠵᠠᠮ  ᠠᠴᠠ ᠵᠡᠭᠦᠨᠰᠢᠬᠢ᠂ ᠰᠢᠨ᠎ᠡ ᠪᠣᠯᠣᠳ ᠲᠡᠮᠦᠷ ᠤᠨ ᠴᠡᠴᠡᠷᠯᠢᠭ ᠤᠨ ᠪᠠᠷᠠᠭᠤᠨ ᠲᠣᠭᠤᠷᠢᠭ ᠠᠴᠠ ᠤᠮᠠᠷᠠᠰᠢᠬᠢ ᠭᠠᠵᠠᠷ ᠲᠤ ᠪᠠᠶᠢᠷᠢᠯᠠᠵᠤ᠂ 64.5 ᠮᠦ ᠲᠠᠯᠠᠪᠠᠶ ᠡᠵᠡᠯᠡᠵᠦ᠂ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 3.7 ᠲᠦᠮᠡᠨ ᠲᠡᠭᠰᠢ ᠳᠥᠷᠪᠡᠯᠵᠢᠨ ᠮᠧᠲᠷ ᠪᠠᠶᠢᠨ᠎ᠠ᠃ ᠰᠤᠷᠭᠠᠭᠤᠯᠢ ᠶᠢ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠠᠴᠠ ᠪᠠᠶᠢᠭᠤᠯᠵᠤ᠂ ᠥᠪᠥᠷ ᠮᠣᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠳᠤ ᠬᠠᠮᠢᠶᠠᠷᠤᠯᠲᠠ ᠶᠢᠨ ᠪᠦᠯᠬᠦᠮ ᠲᠣᠮᠢᠯᠠᠨ ᠰᠠᠭᠤᠯᠭᠠᠵᠤ᠂ ᠰᠤᠷᠭᠠᠭᠤᠯᠢ ᠡᠷᠭᠢᠯᠡᠬᠦ ᠶᠠᠰᠤ ᠴᠢᠨᠠᠷ ᠢ ᠦᠨᠡᠨ ᠬᠦ ᠪᠠᠲᠤᠯᠠᠵᠤ᠂ 2024 ᠣᠨ ᠤ 9 ᠳ᠋ᠦ᠋ᠭᠡᠷ ᠰᠠᠷ᠎ᠠ ᠳᠤ ᠰᠣᠷᠣᠭᠴᠢ ᠣᠳᠣᠬᠠᠨ ᠳᠤ᠂ ᠲᠥᠷᠥᠯ ᠵᠦᠢᠯ ᠤᠨ ᠵᠢᠷᠤᠭ ᠲᠥᠯᠥᠪᠯᠡᠭᠡ ᠶᠢ ᠨᠢᠭᠡᠨᠲᠡ ᠪᠡᠶᠡᠯᠡᠭᠦᠯᠵᠦ᠂ ᠭᠠᠵᠠᠷ ᠰᠢᠷᠣᠢ ᠶᠢᠨ ᠭᠠᠷ ᠭᠦᠢᠴᠡᠳᠬᠡᠯ᠂ ᠪᠠᠭᠰᠢ ᠶᠢᠨ ᠪᠡᠯᠡᠳᠬᠡᠯ ᠡᠮᠬᠢ ᠵᠢᠷᠤᠮ ᠲᠠᠢ ᠠᠬᠢᠵᠤ᠂ ᠰᠤᠷᠭᠠᠭᠤᠯᠢ ᠶᠢᠨ ᠪᠠᠶᠢᠭᠤᠯᠤᠯᠲᠠ ᠨᠢ ᠣᠷᠣᠨ ᠪᠦᠰᠡ ᠶᠢᠨ ᠰᠢᠯᠢᠳᠡᠭ ᠰᠤᠷᠭᠠᠨ ᠬᠥᠮᠦᠵᠢᠯ ᠤᠨ ᠪᠠᠶᠢᠷᠢᠰᠢᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号