ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠬᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠡᠢ
ᠨᠡᠶᠢᠲᠡᠯᠡᠭᠰᠡᠨ ᠴᠠᠭ᠄
2023/11/23
      ᠳᠡᠭᠡᠳᠦ ᠱᠠᠲᠤᠨ ᠤ ᠪᠠᠶᠢᠷᠢᠯᠠᠭᠤᠯᠤᠭᠰᠠᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠶᠢᠩᠭᠤ ᠶᠢᠨ ᠤᠬᠠᠭᠤᠯᠭ᠎ᠠ ᠶᠢᠨ ᠠᠵᠢᠯ ᠪᠣᠯᠣᠨ ᠰᠦᠪᠡᠭᠴᠢ ᠴᠤᠭᠯᠠᠭᠤᠯᠬᠤ ᠠᠵᠢᠯ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠬᠤ ᠶᠢᠨ ᠲᠥᠯᠥᠭᠡ᠂ ᠡᠶ᠎ᠡ ᠵᠣᠬᠢᠴᠠᠩᠭᠤᠢ ᠨᠡᠶᠢᠭᠡᠮ ᠤᠨ ᠠᠭᠤᠷ ᠠᠮᠢᠰᠬᠤᠯ ᠢ ᠪᠤᠢ ᠪᠣᠯᠭᠠᠵᠤ᠂ ᠣᠶᠢᠷ᠎ᠠ ᠶᠢᠨ ᠡᠳᠦᠷ ᠤᠳ ᠲᠤ᠂ ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠡᠷᠦᠬᠡ ᠳᠤ ᠣᠷᠣᠵᠤ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠢ ᠰᠤᠷᠪᠤᠯᠵᠢᠯᠠᠨ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠰᠠᠭᠤᠭᠠᠯᠢ ᠠᠷᠠᠳ ᠤᠯᠠᠨ ᠤ ᠪᠠᠶᠢᠩᠭᠤ ᠶᠢᠨ ᠴᠢᠨᠠᠷᠲᠠᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠣᠶᠢᠯᠠᠭᠠᠬᠤ ᠨᠤᠷᠮ᠎ᠠ ᠶᠢ ᠴᠢᠨᠠᠭᠰᠢᠳᠠ ᠳᠡᠭᠡᠭᠰᠢᠯᠡᠭᠦᠯᠵᠦ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠤ ᠲᠥᠷᠥᠭᠳᠡᠯ ᠪᠣᠯᠣᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠵᠡᠢ᠃
     ᠠᠵᠢᠯᠯᠠᠭ᠎ᠠ ᠶᠢᠨ ᠳᠤᠮᠳᠠ᠂ ᠨᠡᠶᠢᠭᠡᠮ ᠲᠣᠭᠤᠷᠢᠭ ᠤᠨ ᠰᠦᠯᠵᠢᠶᠡᠨ ᠤ ᠠᠵᠢᠯᠲᠠᠨ ᠰᠠᠭᠤᠭᠠᠯᠢ ᠠᠷᠠᠳ ᠤᠨ ᠲᠣᠭᠤᠷᠢᠭ᠂ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ ᠰᠠᠭᠤᠭᠠᠯᠢ ᠠᠷᠠᠳ ᠲᠤ ᠨᠢᠭᠤᠷᠲᠠᠨ ᠤᠬᠠᠭᠤᠯᠭ᠎ᠠ ᠬᠢᠵᠦ ᠂ ᠰᠠᠭᠤᠭᠠᠯᠢ ᠠᠷᠠᠳ ᠲᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠰᠠᠭᠤᠭᠠᠯᠢ ᠠᠷᠠᠳ ᠲᠤ ︽ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ︾ ᠠᠮᠵᠢᠯᠲᠠ ᠲᠠᠢ ᠬᠡᠷᠡᠭ ᠤᠨ ᠵᠢᠱᠢᠶ᠎ᠡ ᠶᠢ ᠨᠠᠷᠢᠨ ᠲᠠᠶᠢᠯᠪᠤᠷᠢᠯᠠᠨ ᠥᠭᠴᠦ᠂ ᠰᠠᠭᠤᠭᠠᠯᠢ ᠠᠷᠠᠳ ᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠳᠡᠮᠵᠢᠬᠦ ᠶᠢ ᠤᠷᠢᠶᠠᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠳᠤ ᠬᠤᠯᠪᠣᠭᠳᠠᠭᠰᠠᠨ ᠦᠶᠯᠡ ᠠᠵᠢᠯᠯᠠᠭ᠎ᠠ ᠶᠢ ᠣᠯᠵᠤ ᠮᠡᠳᠡᠪᠡᠯ ᠬᠤᠯᠪᠣᠭᠳᠠᠯ ᠪᠦᠬᠦᠢ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠪᠡ᠃ ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠡᠨᠡᠬᠦ ᠠᠵᠢᠯ ᠳᠤ ᠬᠠᠮᠵᠢᠯᠴᠠᠬᠤ ᠶᠢᠨ ᠬᠠᠮᠲᠤ ᠬᠢᠨᠠᠮᠠᠭᠠᠢ ᠬᠡᠷᠡᠭᠵᠢᠭᠦᠯᠵᠦ᠂ ᠨᠡᠶᠢᠭᠡᠮ ᠲᠣᠭᠤᠷᠢᠭ ᠤᠨ ᠰᠠᠶᠢᠨ ᠰᠠᠶᠢᠬᠠᠨ ᠠᠭᠤᠷ ᠠᠮᠢᠰᠬᠤᠯ ᠢ ᠬᠠᠮᠲᠤ ᠪᠠᠷ ᠪᠤᠶ ᠪᠣᠯᠭᠠᠨ᠎ᠠ ᠭᠡᠵᠦ ᠢᠯᠡᠷᠬᠡᠶᠢᠯᠡᠵᠡᠢ᠃      ᠣᠳᠣᠬᠠᠨ ᠪᠣᠯᠲᠠᠯ᠎ᠠ᠂ ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠬᠢᠨ ᠨᠡᠶᠢᠳᠡ 200 ᠭᠠᠷᠤᠢ ᠬᠤᠪᠢ ᠤᠬᠠᠭᠤᠯᠬᠤ ᠮᠠᠲᠧᠷᠢᠶᠠᠯ ᠲᠠᠷᠬᠠᠭᠠᠵᠠᠢ᠃ ᠡᠨᠡ ᠤᠳᠠᠭ᠎ᠠ ᠶᠢᠨ ᠡᠷᠦᠭᠡ ᠳᠤ ᠣᠷᠣᠵᠤ ᠤᠬᠠᠭᠤᠯᠬᠤ ᠠᠵᠢᠯᠯᠠᠭ᠎ᠠ ᠨᠢ ᠰᠠᠭᠤᠭᠠᠯᠢ ᠠᠷᠠᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ ᠢ ᠴᠢᠩᠭᠠᠳᠬᠠᠵᠤ᠂ ᠤᠯᠠᠨ ᠤ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ ᠪᠠᠶᠢᠩᠭᠤᠵᠢᠭᠤᠯᠤᠨ ᠥᠷᠨᠢᠭᠦᠯᠬᠦ ᠶᠢ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠬᠠᠶᠢᠰᠢ ᠵᠠᠮ ᠤᠨ ᠨᠡᠶᠢᠭᠡᠮ ᠲᠣᠭᠤᠷᠢᠭ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号