ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠷᠤᠭᠰᠢᠲᠠᠢ ᠬᠤᠷᠠᠯᠳᠤᠵᠠᠢ︕
ᠨᠡᠶᠢᠲᠡᠯᠡᠭᠰᠡᠨ ᠴᠠᠭ᠄
2023/11/29
      ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠣᠩ ᠠᠷᠠᠳ ᠤᠨ ᠲᠣᠭᠤᠷᠢᠭ ᠤᠨ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ 2023 ᠣᠨ ᠤ 11 ᠳ᠋ᠦ᠋ᠭᠡᠷ ᠰᠠᠷ᠎ᠠ ᠶᠢᠨ 22  ᠤᠨ ᠡᠳᠦᠷ ᠠᠮᠵᠢᠯᠲᠠ ᠲᠠᠢ ᠬᠤᠷᠠᠯᠳᠤᠵᠤ᠂ ᠪᠦᠬᠦ ᠣᠷᠣᠨ ᠤ ᠡᠯ᠎ᠡ ᠠᠵᠢᠯ ᠲᠦᠷᠦᠯ ᠠᠴᠠ ᠢᠷᠡᠭᠰᠡᠨ ᠡᠪᠯᠡᠯ ᠤᠨ ᠲᠥᠯᠥᠭᠡᠯᠡᠭᠴᠢᠳ ᠪᠦᠬᠦ ᠣᠷᠣᠨ ᠤ ᠡᠪᠯᠡᠯ ᠤᠨ ᠭᠡᠰᠢᠭᠦᠨ ᠵᠠᠯᠠᠭᠤᠴᠤᠳ ᠤᠨ ᠬᠦᠨᠳᠦ ᠨᠠᠶᠢᠳᠠᠯᠭ᠎ᠠ ᠶᠢ ᠡᠭᠦᠷᠭᠡᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠰ ᠲᠤ ᠬᠡᠬᠦᠳᠡᠭ ᠳᠦᠭᠦᠷᠡᠩ ᠬᠠᠯᠠᠭᠤᠨ ᠰᠡᠳᠬᠢᠯᠭᠡ ᠶᠢ ᠡᠪᠦᠷᠯᠡᠨ᠂ ᠨᠢᠭᠡ ᠲᠠᠩᠬᠢᠮ ᠳᠤ ᠴᠤᠭᠯᠠᠷᠠᠵᠤ᠂ ᠪᠦᠬᠦ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠦᠢᠯᠡᠰ ᠤᠨ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤᠪᠠᠷ ᠵᠥᠪᠳᠡᠪᠡ᠃      ᠶᠡᠭᠡ ᠬᠤᠷᠠᠯ ᠡᠬᠢᠯᠡᠬᠦ ᠬᠤᠷᠠᠯ      ᠪᠦᠭᠦᠳᠡᠭᠡᠷ ᠢᠶᠠᠨ ᠤᠯᠤᠰ ᠤᠨ ᠳᠠᠭᠤᠤ ᠬᠥᠭᠵᠢᠮᠳᠡᠨ᠎ᠡ
     ᠪᠠᠭᠠᠴᠤᠳ ᠤᠨ ᠬᠤᠰᠢᠭᠤᠴᠢ ᠠᠩᠭᠢ ᠶᠢᠨ ᠭᠡᠰᠢᠭᠦᠨ ᠦᠭᠡ ᠡᠭᠦᠷᠪᠡ
     ᠡᠨᠡ ᠤᠳᠠᠭ᠎ᠠ ᠶᠢᠨ ᠡᠬᠢᠯᠡᠬᠦ ᠶᠡᠭᠡ ᠬᠤᠷᠠᠯ ᠳᠤ ᠣᠷᠣᠯᠴᠠᠬᠤ ᠤᠳᠤᠷᠢᠳᠤᠯᠭ᠎ᠠ ᠨᠠᠷ᠄ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠷᠢᠶ᠎ᠠ ᠶᠢᠨ ᠳᠡᠳ᠋ ᠱᠦᠵᠢ ᠯᠢᠦ ᠴᠠᠩ᠂ ᠲᠣᠭᠤᠷᠢᠭ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠠᠩ ᠬᠠᠢ ᠲᠤᠸ᠂ ᠲᠣᠭᠤᠷᠢᠭ ᠤᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠣᠣ ᠪᠥᠸᠧ᠂ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠫᠠᠩ ᠯᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠯᠢ ᠬᠠᠢ ᠶᠢᠩ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢᠨ ᠪᠠᠢ᠂ ᠲᠣᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠳᠠᠷᠤᠭ᠎ᠠ ᠶᠦᠨ ᠱᠦᠦ ᠹᠸᠡᠭ᠂ ᠲᠣᠭᠤᠷᠢᠭ ᠤᠨ ᠤᠯᠤᠰ ᠲᠥᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠯᠢᠦ ᠺᠦᠨ᠃
     ᠬᠤᠷᠠᠯ ᠳᠡᠭᠡᠷ᠎ᠡ᠂ ᠲᠣᠭᠤᠷᠢᠭ ᠤᠨ ᠡᠮᠡᠭᠲᠡᠶᠢᠴᠦᠳ ᠤᠨ ᠬᠤᠯᠪᠣᠭ᠎ᠠ ᠶᠢᠨ ᠲᠡᠷᠢᠭᠦᠯᠡᠭᠴᠢ ᠭᠦᠸᠧ ᠵᠢᠶᠠᠨ ᠭᠦᠸᠧ ᠨᠥᠬᠦᠷ ᠤᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢ ᠲᠥᠯᠥᠭᠡᠯᠡᠨ ᠪᠠᠶᠠᠷ ᠤᠨ ᠦᠭᠡ ᠬᠡᠯᠡᠪᠡ᠃
     ᠬᠤᠲᠠ ᠶᠢᠨ ᠡᠪᠯᠡᠯ ᠤᠨ ᠬᠤᠷᠢᠶᠠᠨ ᠤ ᠳᠡᠳ᠋ ᠱᠦᠵᠢ ᠯᠢᠦ ᠴᠠᠩ ᠤᠨ ᠲᠥᠯᠥᠭᠡᠯᠡᠭᠴᠢᠳ ᠤᠨ ᠪᠦᠯᠬᠦᠮ ᠤᠨ ᠬᠤᠲᠠ ᠶᠢᠨ ᠨᠠᠮ ᠤᠨ ᠬᠤᠷᠢᠶ᠎ᠠ ᠶᠠᠷᠢᠶ᠎ᠠ ᠲᠠᠯᠪᠢᠪᠠ᠃ ᠲᠡᠷᠡ ᠬᠤᠲᠣᠩ ᠠᠷᠠᠳ ᠤᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠣᠶᠢᠷ᠎ᠠ ᠶᠢᠨ ᠵᠢᠯ ᠤᠳ ᠲᠤ ᠣᠯᠣᠭᠰᠠᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ ᠬᠤᠶᠢᠰᠢᠳᠠ ᠶᠢᠨ ᠬᠡᠳᠦᠨ ᠵᠢᠯ ᠤᠨ ᠬᠤᠲᠣᠩ ᠠᠷᠠᠳ ᠤᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠳᠤ ᠭᠤᠷᠪᠠᠨ ᠱᠠᠭᠠᠷᠳᠠᠯᠭ᠎ᠠ ᠳᠤᠷᠠᠳᠴᠠᠢ᠄ ᠨᠢᠭᠡᠳᠦᠭᠡᠷ ᠲᠤ᠂ ︽ᠤᠯᠤᠰ ᠲᠦᠷᠦ ᠶᠢᠨ ᠰᠤᠷᠭᠠᠭᠤᠯᠢ︾ ᠶᠢᠨ ᠦᠨᠳᠦᠰᠦᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠥᠷᠭᠡᠨ ᠤᠯᠠᠨ ᠡᠪᠯᠡᠯ ᠤᠨ ᠭᠡᠰᠢᠭᠦᠨ ᠵᠠᠯᠠᠭᠤᠴᠤᠳ ᠢ ᠤᠯᠤᠰ ᠲᠦᠷᠦ ᠶᠢᠨ ᠲᠠᠯ᠎ᠠ ᠪᠠᠷ ᠬᠥᠲᠥᠯᠥᠨ ᠵᠢᠯᠤᠭᠤᠳᠬᠤ ᠶᠢ ᠦᠨᠡᠨ ᠬᠦ ᠴᠢᠩᠭᠠᠳᠬᠠᠨ᠎ᠠ᠃ ᠬᠤᠶᠠᠳᠤᠭᠠᠷ ᠲᠤ᠂ ︽ᠬᠥᠭᠦᠷᠭᠡ ᠬᠤᠯᠪᠣᠭᠠᠰᠤ︾ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠵᠠᠯᠠᠭᠤᠴᠤᠳ ᠪᠠᠭᠠᠴᠤᠳ ᠤᠨ ᠦᠰᠦᠨ ᠪᠤᠶᠢᠵᠢᠯᠲᠠ ᠬᠥᠭᠵᠢᠯᠲᠡ ᠳᠤ ᠦᠨᠡᠨ ᠬᠦ ᠦᠢᠯᠡᠴᠢᠯᠡᠨ᠎ᠡ᠃ ᠭᠤᠷᠪᠠᠳᠤᠭᠠᠷ ᠲᠤ᠂ ︽ᠬᠤᠰᠢᠭᠤᠴᠢ ᠬᠦᠴᠦᠨ︾  ᠤ ᠢᠷᠠᠭᠤ ᠠᠯᠳᠠᠷᠲᠤ ᠡᠭᠦᠷᠭᠡ ᠬᠠᠷᠢᠭᠤᠴᠠᠯᠭ᠎ᠠ ᠶᠢ ᠵᠣᠷᠢᠭᠲᠠᠢ ᠪᠠᠷ ᠡᠭᠦᠷᠭᠡᠯᠡᠵᠦ᠂ ᠦᠨᠳᠦᠰᠦᠲᠡᠨ ᠨᠦᠭᠦᠳ ᠤᠨ ᠡᠪᠯᠡᠯ ᠤᠨ ᠭᠡᠰᠢᠭᠦᠨ ᠵᠠᠯᠠᠭᠤᠴᠤᠳ ᠢ ᠵᠣᠬᠢᠶᠠᠨ ᠪᠠᠶᠢᠭᠤᠯᠤᠨ ᠣᠷᠣᠨ ᠤ ᠲᠥᠪ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠴᠢᠷᠮᠠᠶᠢᠨ ᠣᠷᠣᠯᠴᠠᠭᠤᠯᠤᠨ᠎ᠠ︔ ᠳᠥᠷᠪᠡᠳᠦᠭᠡᠷ ᠲᠤ᠂ ︽ᠬᠥᠭᠦᠷᠭᠡ ᠬᠤᠯᠪᠣᠭᠠᠰᠤ︾ ᠶᠢᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠵᠠᠯᠠᠭᠤᠴᠤᠳ ᠲᠠᠢ ᠰᠡᠳᠬᠢᠯ ᠵᠢᠷᠦᠬᠡ ᠪᠠᠨ ᠬᠤᠯᠪᠣᠬᠤ ᠲᠠᠯ᠎ᠠ ᠪᠠᠷ ᠰᠢᠨ᠎ᠡ ᠰᠢᠪᠲᠤᠯᠤᠯᠲᠠ ᠲᠠᠢ ᠪᠣᠯᠬᠤ ᠬᠡᠷᠡᠭᠲᠡᠢ︔ ᠲᠠᠪᠤᠳᠤᠭᠠᠷ ᠲᠤ᠂ ︽ᠲᠡᠷᠢᠭᠦᠨ ᠤ ᠵᠣᠬᠢᠶᠠᠨ ᠪᠠᠶᠢᠭᠤᠯᠤᠯᠲᠠ︾ ᠶᠢᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠬᠤᠲᠣᠩ ᠠᠷᠠᠳ ᠤᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠢ ᠨᠡᠩ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠨᠡᠩ ᠡᠷᠡᠰ ᠴᠢᠩᠭ᠎ᠠ ᠬᠦᠴᠦᠨ ᠲᠠᠢ ᠪᠣᠯᠭᠠᠨ ᠪᠠᠶᠢᠭᠤᠯᠤᠨ᠎ᠠ᠃
     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠵᠤᠤ ᠪᠥᠸᠧ ᠥᠪᠡᠷᠲᠡᠭᠡᠨ ᠵᠠᠰᠠᠬᠤ ᠣᠷᠣᠨ ᠤ ᠳᠦᠷᠪᠡᠨ ᠶᠡᠭᠡ ᠪᠠᠭ ᠤᠨ ᠡᠮᠦᠨ᠎ᠡ ᠠᠴᠠ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ᠂ ᠶᠡᠭᠡ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢ ᠳᠤ᠂ ᠲᠡᠷᠡᠴᠢᠯᠡᠨ ᠲᠥᠯᠥᠭᠡᠯᠡᠭᠴᠢᠳ ᠢᠶᠠᠷ ᠳᠠᠮᠵᠢᠭᠤᠯᠤᠨ ᠪᠦᠬᠦ ᠣᠷᠣᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠵᠠᠯᠠᠭᠤᠴᠤᠳ᠂ ᠡᠪ ᠬᠠᠮᠲᠤ ᠵᠠᠯᠠᠭᠤᠴᠤᠳ ᠤᠨ ᠡᠪᠯᠡᠯ ᠤᠨ ᠭᠡᠰᠢᠭᠦᠨ᠂ ᠡᠪᠯᠡᠯ ᠤᠨ ᠺᠠᠳ᠋ᠷ ᠪᠣᠯᠣᠨ ᠵᠠᠯᠠᠭᠤᠴᠤᠳ ᠪᠠᠭᠠᠴᠤᠳ ᠤᠨ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠬᠦᠷᠭᠡᠵᠦ᠂ ᠶᠡᠭᠡ ᠬᠤᠷᠠᠯ ᠤᠨ ᠵᠢᠯᠣᠭᠤᠳᠤᠯᠭ᠎ᠠ ᠳᠤ ᠢᠷᠡᠭᠰᠡᠨ ᠡᠪᠯᠡᠯ ᠤᠨ ᠬᠤᠳᠠ ᠶᠢᠨ ᠨᠠᠮ ᠤᠨ ᠬᠤᠷᠢᠶ᠎ᠠ ᠶᠢᠨ ᠤᠳᠤᠷᠢᠳᠤᠯᠭ᠎ᠠ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠡᠢ᠃      ᠲᠡᠷᠡ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠨᠢ ᠡᠪ ᠬᠠᠮᠲᠤ ᠵᠠᠯᠠᠭᠤᠴᠤᠳ ᠤᠨ ᠡᠪᠯᠡᠯ ᠪᠣᠯᠣᠨ ᠵᠠᠯᠠᠭᠤᠴᠤᠳ ᠤᠨ ᠠᠵᠢᠯ ᠳᠤ ᠬᠠᠨᠤᠮᠵᠢᠲᠠᠢ ᠪᠠᠶᠢᠨ᠎ᠠ᠂ ᠪᠦᠬᠦ ᠣᠷᠣᠨ ᠤ ᠥᠷᠭᠡᠨ ᠤᠯᠠᠨ ᠵᠠᠯᠠᠭᠤᠴᠤᠳ ᠲᠤᠭ ᠢᠶᠠᠨ ᠥᠨᠳᠥᠷ ᠮᠠᠨᠳᠤᠭᠤᠯᠵᠤ᠂ ᠨᠠᠮ ᠤᠨ ᠵᠢᠯᠣᠭᠤᠳᠤᠯᠭ᠎ᠠ ᠶᠢ ᠳᠠᠭᠠᠵᠤ᠂ ᠰᠠᠨᠠᠭᠠᠴᠢᠯᠠᠭ᠎ᠠ ᠠᠴᠠ ᠪᠠᠨ ᠠᠵᠢᠯ ᠶᠠᠪᠤᠳᠠᠯ ᠬᠢᠵᠦ᠂ ᠡᠮᠦᠨ᠎ᠡ ᠨᠢ ᠭᠠᠪᠰᠢᠭᠠᠶᠢᠯᠠᠵᠤ᠂ ᠣᠮᠣᠭᠰᠢᠯᠲᠠᠢ ᠵᠠᠯᠠᠭᠤ ᠨᠠᠰᠤᠨ ᠤ ᠭᠠᠪᠢᠶ᠎ᠠ ᠵᠢᠳᠬᠦᠯ ᠢ ᠡᠭᠦᠳᠴᠦ ᠂ ᠭᠤᠶᠢᠳᠠ ᠰᠠᠶᠢᠬᠠᠨ ᠵᠠᠯᠠᠭᠤ ᠨᠠᠰᠤᠨ ᠤ ᠬᠡᠷᠡᠯ ᠭᠢᠯᠪᠠᠭ᠎ᠠ ᠪᠠᠨ ᠰᠠᠴᠤᠷᠠᠭᠤᠯᠤᠭᠰᠠᠨ ᠪᠠᠶᠢᠨ᠎ᠠ ᠭᠡᠵᠦ ᠢᠯᠡᠳᠬᠡᠪᠡ᠃ ᠡᠭᠦᠨ ᠤ ᠬᠠᠮᠲᠤ᠂ ᠥᠷᠭᠡᠨ ᠤᠯᠠᠨ ᠵᠠᠯᠠᠭᠤᠴᠤᠳ ᠲᠤ ᠭᠤᠷᠪᠠᠨ ᠬᠦᠰᠡᠯ ᠡᠷᠡᠮᠡᠯᠵᠡᠯ ᠳᠤᠷᠠᠳᠴᠠᠢ᠄ ᠨᠢᠭᠡ ᠳᠤ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠳᠤᠮᠳᠠ ᠵᠠᠯᠠᠭᠤ ᠨᠠᠰᠤᠨ ᠤ ᠠᠶᠠᠯᠠᠯ ᠤᠨ ᠴᠢᠭᠯᠡᠯ ᠢᠶᠠᠨ ᠪᠠᠲᠤᠳᠬᠠᠬᠤ ᠬᠡᠷᠡᠭᠲᠡᠢ᠃ ᠬᠤᠶᠠᠷ ᠲᠤ᠂ ᠴᠠᠭ ᠦᠶ᠎ᠡ ᠶᠢᠨ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ᠂ ᠬᠤᠲᠣᠩ ᠠᠷᠠᠳ ᠤᠨ ᠲᠣᠭᠤᠷᠢᠭ ᠤᠨ ᠬᠥᠭᠵᠢᠯᠲᠡ ᠶᠢᠨ ᠦᠢᠯᠡᠳᠦᠯᠭᠡ ᠳᠤᠮᠳᠠ ᠵᠠᠯᠠᠭᠤ ᠨᠠᠰᠤᠨ ᠤ ᠵᠢᠳᠬᠦᠯ ᠴᠢᠷᠮᠠᠶᠢᠯᠭ᠎ᠠ ᠪᠠᠨ ᠢᠯᠡᠷᠡᠭᠦᠯᠬᠦ ᠬᠡᠷᠡᠭᠲᠡᠢ᠃ ᠭᠤᠷᠪᠠ ᠳᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠣᠷᠢᠭᠲᠠᠢ ᠪᠠᠷ ᠠᠵᠢᠯ ᠬᠢᠬᠦ᠂ ᠴᠢᠳᠠᠮᠠᠭᠠᠢ ᠪᠠᠷ ᠠᠵᠢᠯ ᠬᠢᠬᠦ᠂ ᠠᠵᠢᠯ ᠬᠢᠵᠦ ᠳᠡᠶᠢᠯᠬᠦ ᠳᠤᠮᠳᠠ ᠵᠠᠯᠠᠭᠤ ᠨᠠᠰᠤᠨ ᠤ ᠳᠦᠷᠰᠦ ᠪᠠᠶᠢᠳᠠᠯ ᠢᠶᠠᠨ ᠢᠯᠡᠷᠡᠭᠦᠯᠬᠦ ᠬᠡᠷᠡᠭᠲᠡᠢ᠃
     ᠶᠡᠭᠡ ᠬᠤᠷᠠᠯ ᠤᠨ ᠠᠩᠬᠠᠳᠤᠭᠠᠷ ᠪᠦᠬᠦᠳᠡ ᠬᠤᠷᠠᠯ ᠠᠴᠠ ᠰᠦᠨ ᠢᠦᠢ ᠨᠥᠬᠦᠷ ᠤᠨ ᠬᠤᠲᠣᠩ ᠠᠷᠠᠳ ᠤᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢ ᠲᠥᠯᠥᠭᠡᠯᠡᠨ ᠬᠢᠭᠰᠡᠨ ︽ᠲᠤᠭ ᠢ ᠡᠷᠭᠦᠨ ᠰᠦᠭ ᠰᠦᠨᠡᠰᠦ ᠶᠢ ᠱᠤᠭᠤᠵᠤ ᠰᠢᠨ᠎ᠡ ᠶᠢ ᠨᠡᠭᠡᠭᠡᠬᠦ ᠠᠶᠠᠨ ᠵᠠᠮ ᠵᠣᠷᠢᠭᠲᠠᠢ ᠪᠠᠷ ᠤᠷᠤᠭᠰᠢᠯᠠᠨ ᠳᠠᠪᠰᠢᠵᠤ ᠰᠢᠨ᠎ᠡ ᠭᠠᠪᠢᠶ᠎ᠠ ᠪᠠᠶᠢᠭᠤᠯᠤᠶ᠎ᠠ ︱ ᠬᠤᠲᠣᠩ ᠠᠷᠠᠳ ᠤᠨ ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤᠨ ᠳᠤ ᠵᠠᠯᠠᠭᠤ ᠨᠠᠰᠤᠨ ᠤ ᠠᠶᠠᠰ ᠢ ᠬᠠᠩᠭᠢᠨᠠᠭᠤᠯᠤᠶ᠎ᠠ︾ ᠭᠡᠬᠦ ᠰᠡᠳᠦᠪ ᠢᠶᠠᠷ ᠬᠢᠭᠰᠡᠨ ᠠᠵᠢᠯ ᠤᠨ ᠮᠡᠳᠡᠭᠦᠯᠦᠯᠲᠡ ᠶᠢ ᠰᠣᠨᠣᠰᠴᠠᠢ᠃ ︽ᠢᠯᠡᠳᠬᠡᠯ︾ ᠳᠤ ᠥᠩᠭᠡᠷᠡᠭᠰᠡᠨ ᠲᠠᠪᠤᠨ ᠵᠢᠯ ᠤᠨ ᠪᠦᠬᠦ ᠣᠷᠣᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠢ ᠪᠦᠬᠦ ᠲᠠᠯ᠎ᠠ  ᠪᠠᠷ ᠡᠷᠭᠢᠴᠡᠭᠦᠯᠵᠦ᠂ ᠡᠭᠦᠨ ᠤ ᠬᠠᠮᠲᠤ ᠬᠤᠶᠢᠰᠢᠳᠠ ᠶᠢᠨ ᠲᠠᠪᠤᠨ ᠵᠢᠯ ᠤᠨ ᠬᠤᠲᠣᠩ ᠠᠷᠠᠳ ᠤᠨ ᠲᠣᠭᠤᠷᠢᠭ ᠤᠨ ᠡᠪ ᠬᠠᠮᠲᠤ ᠵᠠᠯᠠᠭᠤᠴᠤᠳ ᠤᠨ ᠡᠪᠯᠡᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ ᠪᠣᠯ᠄ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ  ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠢ ᠱᠦᠵᠢ ᠶᠢᠨ ᠵᠠᠯᠠᠭᠤᠴᠤᠳ ᠤᠨ ᠠᠵᠢᠯ ᠤᠨ ᠲᠤᠬᠠᠢ ᠴᠢᠬᠤᠯᠠ ᠦᠵᠡᠯ ᠰᠠᠨᠠᠭ᠎ᠠ ᠪᠣᠯᠣᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠡᠪᠯᠡᠯ ᠤᠨ ᠠᠷᠪᠠ ᠶᠢᠰᠦᠳᠦᠭᠡᠷ ᠶᠡᠭᠡ ᠬᠤᠷᠠᠯ᠂ ᠡᠪᠯᠡᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠲᠠᠪᠤᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ᠂ ᠡᠪᠯᠡᠯ ᠤᠨ ᠬᠥᠬᠡᠬᠤᠲᠠ ᠶᠢᠨ ᠠᠷᠪᠠᠨ ᠳᠣᠯᠣᠳᠤᠭᠠᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠷᠠᠯᠲᠠ ᠡᠭᠦᠷᠭᠡ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠤᠯᠤᠰ ᠲᠥᠷᠥ ᠪᠠᠷ ᠡᠪᠯᠡᠯ ᠪᠠᠶᠢᠭᠤᠯᠬᠤ᠂ ᠦᠵᠡᠯ ᠰᠠᠨᠠᠭ᠎ᠠ ᠪᠠᠷ ᠡᠪᠯᠡᠯ ᠪᠠᠶᠢᠭᠤᠯᠬᠤ᠂ ᠦᠨᠳᠦᠰᠦ ᠪᠠᠨ ᠪᠠᠬᠢᠵᠢᠭᠦᠯᠦᠨ ᠡᠪᠯᠡᠯ ᠪᠠᠶᠢᠭᠤᠯᠬᠤ᠂ ᠥᠭᠡᠷᠡᠴᠢᠯᠡᠯᠲᠡ ᠪᠠᠷ ᠡᠪᠯᠡᠯ ᠢᠶᠠᠨ ᠬᠦᠴᠦᠷᠬᠡᠭᠵᠢᠭᠦᠯᠬᠦ᠂ ᠡᠪᠯᠡᠯ ᠢ ᠴᠢᠩᠭ᠎ᠠ ᠵᠠᠰᠠᠬᠤ︾ ᠠᠵᠢᠯ ᠤᠨ ᠪᠠᠶᠢᠷᠢᠯᠠᠭᠤᠯᠤᠯᠲᠠ ᠶᠢ ᠪᠠᠲᠤ ᠡᠵᠡᠮᠰᠢᠵᠦ᠂ ᠵᠠᠯᠠᠭᠤᠴᠤᠳ ᠢ ᠬᠥᠲᠥᠯᠥᠨ ᠳᠠᠭᠠᠭᠤᠯᠵᠤ ᠨᠢᠭᠲᠠᠷᠠᠭᠤᠯᠬᠤ᠂ ᠵᠠᠯᠠᠭᠤᠴᠤᠳ ᠢ ᠵᠣᠬᠢᠶᠠᠨ ᠪᠠᠶᠢᠭᠤᠯᠵᠤ ᠳᠠᠶᠢᠴᠢᠯᠠᠬᠤ᠂ ᠵᠠᠯᠠᠭᠤᠴᠤᠳ ᠲᠠᠢ ᠬᠠᠷᠢᠯᠴᠠᠵᠤ ᠲᠡᠳᠡᠨ ᠳᠤ ᠦᠢᠯᠡᠴᠢᠯᠡᠬᠦ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠪᠦᠬᠦ ᠣᠷᠣᠨ ᠤ ᠥᠷᠭᠡᠨ ᠤᠯᠠᠨ ᠡᠪᠯᠡᠯ ᠤᠨ ᠭᠡᠰᠢᠭᠦᠨ ᠪᠣᠯᠣᠨ ᠵᠠᠯᠠᠭᠤᠴᠤᠳ ᠢ ᠪᠦᠯᠬᠦᠮᠳᠡᠭᠦᠯᠦᠨ ᠳᠠᠭᠠᠭᠤᠯᠵᠤ ᠢᠯᠠᠯᠲᠠ ᠶᠢᠨ ᠡᠷᠴᠢᠨ ᠳᠡᠭᠡᠷ᠎ᠡ ᠰᠢᠨ᠎ᠡ ᠪᠠᠶᠢᠳᠠᠯ ᠢ ᠨᠡᠭᠡᠭᠡᠵᠦ᠂ ᠡᠷᠡᠮᠡᠬᠡᠶᠢᠯᠡᠨ ᠤᠷᠤᠭᠰᠢᠯᠠᠵᠤ ᠰᠢᠨ᠎ᠡ ᠬᠠᠭᠤᠳᠠᠰᠤ ᠶᠢ ᠪᠢᠴᠢᠭᠯᠡᠵᠦ᠂ ᠬᠤᠲᠣᠩ ᠠᠷᠠᠳ ᠤᠨ ᠲᠣᠭᠤᠷᠢᠭ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠴᠠᠭ ᠦᠶ᠎ᠡ ᠳᠤ ᠲᠠᠪᠰᠢᠨ ᠣᠷᠣᠬᠤ ᠳᠤ ᠵᠠᠯᠠᠭᠤ ᠨᠠᠰᠤᠨ ᠤ ᠬᠦᠴᠦᠨ ᠴᠢᠳᠠᠯ ᠢᠶᠠᠨ ᠡᠷᠭᠦᠨ᠎ᠡ᠃
     ᠪᠦᠯᠬᠦᠮ ᠬᠤᠪᠢᠶᠠᠨ ᠶᠠᠷᠢᠯᠴᠠᠬᠤ ᠬᠤᠷᠠᠯ
     ᠲᠡᠷᠢᠭᠦᠯᠡᠭᠴᠢᠳ ᠤᠨ ᠪᠦᠯᠬᠦᠮ ᠤᠨ ᠬᠤᠷᠠᠯᠳᠤᠭᠠᠨ
   ᠲᠡᠷᠢᠭᠦᠯᠡᠭᠴᠢᠳ ᠤᠨ ᠪᠦᠯᠬᠦᠮ ᠤᠨ ᠬᠤᠶᠠᠳᠤᠭᠠᠷ ᠬᠤᠷᠠᠯᠳᠤᠭᠠᠨ ᠠᠴᠠ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠣᠩ ᠠᠷᠠᠳ ᠤᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠴᠤ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠣᠩ ᠠᠷᠠᠳ ᠤᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠤ ᠵᠢᠱᠢᠭᠳᠡᠭᠰᠡᠳ ᠤᠨ ᠰᠠᠨᠠᠭᠤᠯᠭ᠎ᠠ ᠶᠢᠨ ᠨᠡᠷᠡᠰ ︵ᠲᠥᠰᠥᠯ︶᠂ ᠶᠡᠭᠡ ᠬᠤᠷᠠᠯ ᠤᠨ ᠰᠣᠩᠭᠤᠭᠤᠯᠢ ᠶᠢᠨ ᠠᠷᠭ᠎ᠠ ︵ᠲᠥᠰᠥᠯ︶ ᠶᠢ ᠬᠢᠨᠠᠨ ᠶᠠᠷᠢᠯᠴᠠᠵᠤ ᠪᠠᠲᠤᠯᠠᠭᠰᠠᠨ ᠪᠥᠭᠡᠳ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢ ᠳᠤᠷᠠᠳᠤᠨ ᠭᠠᠷᠭᠠᠬᠤ ᠪᠠᠷ ᠪᠡᠯᠡᠳᠬᠡᠪᠡ᠃
     ᠲᠡᠷᠢᠭᠦᠯᠡᠭᠴᠢᠳ ᠤᠨ ᠪᠦᠯᠬᠦᠮ ᠤᠨ ᠭᠤᠷᠪᠠᠳᠤᠭᠠᠷ ᠤᠳᠠᠭ᠎ᠠ ᠶᠢᠨ ᠬᠤᠷᠠᠯ ᠠᠴᠠ ᠡᠯ᠎ᠡ ᠵᠦᠢᠯ ᠤᠨ ᠶᠠᠷᠢᠯᠴᠠᠭᠰᠠᠨ ᠪᠠᠶᠢᠳᠠᠯ ᠪᠣᠯᠣᠨ ᠵᠢᠱᠢᠭᠰᠡᠨ ᠰᠣᠩᠭᠤᠭᠤᠯᠢ ᠶᠢᠨ ᠪᠢᠯᠧᠲ ᠶᠢᠨ ᠦᠷ᠎ᠡ ᠳ᠋ᠦᠩ ᠢ ᠰᠣᠨᠣᠰᠤᠭᠰᠠᠨ ᠪᠥᠭᠡᠳ ᠶᠡᠷᠦᠩᠬᠡᠢ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠰᠠᠨᠠᠭᠤᠯᠭ᠎ᠠ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ᠃      ᠲᠡᠷᠢᠭᠦᠯᠡᠭᠴᠢᠳ ᠤᠨ ᠪᠦᠯᠬᠦᠮ ᠤᠨ ᠳᠥᠷᠪᠡᠳᠦᠭᠡᠷ ᠬᠤᠷᠠᠯᠳᠤᠭᠠᠨ ᠠᠴᠠ ᠶᠡᠷᠦᠩᠬᠡᠢ ᠪᠢᠯᠧᠲ ᠬᠢᠨᠠᠭᠴᠢ ᠶᠢᠨ ᠰᠣᠩᠭᠤᠭᠤᠯᠢ ᠶᠢᠨ ᠪᠢᠯᠧᠲ ᠶᠢ ᠪᠦᠷᠢᠳᠬᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠴᠤ᠂ ᠰᠣᠩᠭᠤᠭᠳᠠᠭᠰᠠᠳ ᠤᠨ ᠨᠡᠷᠡᠰ ᠢ ᠲᠣᠭᠲᠠᠭᠠᠬᠤ ᠶᠢᠨ ᠬᠠᠮᠲᠤ ᠰᠣᠩᠭᠤᠭᠤᠯᠢ ᠶᠢᠨ ᠦᠷ᠎ᠡ ᠳ᠋ᠦᠩ ᠢ ᠨᠤᠲᠠᠯᠠᠬᠤ ᠶᠢᠨ ᠬᠠᠮᠲᠤ ︽ᠠᠵᠢᠯ ᠤᠨ ᠢᠯᠡᠳᠬᠡᠯ ᠤᠨ ᠰᠢᠢᠳᠪᠦᠷᠢ︾ ︵ᠲᠥᠰᠥᠯ︶ ᠵᠢᠴᠢ ᠠᠷᠪᠠᠨ ᠳᠥᠷᠪᠡᠳᠦᠭᠡᠷ ᠬᠤᠭᠤᠴᠠᠭᠠᠨ ᠤ ᠪᠦᠬᠦ ᠭᠡᠰᠢᠭᠦᠳ ᠤᠨ ᠬᠤᠷᠠᠯ ᠤᠨ ᠠᠩᠬᠠᠳᠤᠭᠠᠷ ᠤᠳᠠᠭᠠᠨ ᠤ ᠴᠠᠭ᠂ ᠭᠠᠵᠠᠷ ᠪᠣᠯᠣᠨ ᠬᠤᠷᠠᠯᠳᠤᠭᠤᠯᠤᠭᠴᠢ ᠶᠢ ᠬᠢᠨᠠᠨ ᠶᠠᠷᠢᠯᠴᠠᠵᠤ ᠪᠠᠲᠤᠯᠠᠪᠠ᠃      ᠡᠭᠦᠨ ᠤ ᠳᠠᠷᠠᠭᠠᠬᠢ ᠬᠤᠶᠠᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠡᠪ ᠬᠠᠮᠲᠤ ᠵᠠᠯᠠᠭᠤᠴᠤᠳ ᠤᠨ ᠡᠪᠯᠡᠯ ᠤᠨ ᠬᠤᠲᠣᠩ ᠠᠷᠠᠳ ᠤᠨ ᠲᠣᠭᠤᠷᠢᠭ ᠤᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶᠠᠨ ᠤ ᠭᠡᠰᠢᠭᠦᠨ᠂ ᠣᠷᠣᠯᠠᠭᠴᠢ ᠭᠡᠰᠢᠭᠦᠨ ᠢ ᠰᠣᠩᠭᠤᠵᠤ ᠭᠠᠷᠭᠠᠪᠠ᠃      ᠲᠡᠭᠦᠰᠬᠦ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ︽ᠠᠵᠢᠯ ᠤᠨ ᠢᠯᠡᠳᠬᠡᠯ ᠤᠨ ᠰᠢᠢᠳᠪᠦᠷᠢ︾ ︵ᠲᠥᠰᠥᠯ︶ ᠶᠢ ᠬᠢᠨᠠᠨ ᠵᠥᠪᠯᠡᠵᠦ ᠪᠠᠲᠤᠯᠠᠪᠠ᠃ ᠶᠡᠭᠡ ᠬᠤᠷᠠᠯ ᠨᠢ ᠬᠤᠷᠠᠯ ᠳᠤ ᠣᠷᠣᠯᠴᠠᠭᠰᠠᠨ ᠪᠦᠬᠦ ᠲᠥᠯᠥᠭᠡᠯᠡᠭᠴᠢᠳ ᠤᠨ ᠬᠠᠮᠲᠤ ᠪᠠᠷ ᠳᠠᠭᠤᠯᠠᠭᠰᠠᠨ ᠡᠪᠯᠡᠯ ᠤᠨ ᠳᠠᠭᠤᠤ ᠶᠢᠨ ᠠᠶᠠᠰ ᠳᠤᠮᠳᠠ ᠥᠨᠳᠥᠷᠯᠡᠵᠦ᠂ ᠡᠪ ᠬᠠᠮᠲᠤ ᠵᠠᠯᠠᠭᠤᠴᠤᠳ ᠤᠨ ᠡᠪᠯᠡᠯ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠠᠷᠪᠠᠨ ᠳᠥᠷᠪᠡᠳᠦᠭᠡᠷ ᠤᠳᠠᠭ᠎ᠠ ᠶᠢᠨ ᠲᠥᠯᠥᠭᠡᠯᠡᠭᠴᠢᠳ ᠤᠨ ᠶᠡᠭᠡ ᠬᠤᠷᠠᠯ ᠡᠯ᠎ᠡ ᠵᠦᠢᠯ ᠤᠨ ᠵᠥᠪᠯᠡᠬᠦ ᠵᠦᠢᠯ ᠢᠶᠠᠨ ᠲᠡᠭᠦᠰ ᠠᠮᠵᠢᠯᠲᠠ ᠲᠠᠢ ᠲᠡᠭᠦᠰᠬᠡᠵᠦ᠂ ᠢᠯᠠᠯᠲᠠ ᠲᠠᠢ ᠪᠠᠷ ᠲᠡᠭᠦᠰᠪᠡ︕
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号