ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠹᠦ᠋ ᠯᠢ ᠨᠡᠶᠢᠭᠡᠮ ᠲᠣᠭᠤᠷᠢᠭ᠄ ︽ᠰᠠᠭᠤᠭᠠᠯᠢ ᠠᠷᠠᠳ ᠤᠨ ᠳᠤᠯᠠᠭᠠᠯᠠᠭ᠎ᠠ ᠪᠠᠷ ᠠᠳᠡᠭᠳᠡᠭᠰᠡᠨ ᠠᠰᠠᠭᠤᠳᠠᠯ ᠢ ᠰᠢᠢᠳᠪᠦᠷᠢᠯᠡᠵᠦ᠂ ᠨᠡᠶᠢᠭᠡᠮ ᠲᠣᠭᠤᠷᠢᠭ ᠤᠨ ᠬᠦᠴᠢᠷᠳᠡᠯ ᠢ ᠰᠢᠢᠳᠪᠦᠷᠢᠯᠡᠵᠦ ᠬᠥᠮᠥᠰ ᠤᠨ ᠰᠡᠳᠬᠢᠯ ᠢ ᠳᠤᠯᠠᠭᠠᠴᠠᠭᠤᠯᠤᠨ᠎ᠠ︾
ᠨᠡᠶᠢᠲᠡᠯᠡᠭᠰᠡᠨ ᠴᠠᠭ᠄
2023/11/29
      ︽ᠡᠨᠡ ᠵᠢᠯ ᠳᠤᠯᠠᠭᠠᠯᠠᠭ᠎ᠠ ᠬᠠᠩᠭᠠᠭᠰᠠᠨ ᠠᠴᠠ ᠨᠠᠰᠢ ᠮᠠᠨ ᠤ ᠭᠡᠷ ᠤᠨ ᠳᠤᠯᠠᠭᠠᠯᠠᠭ᠎ᠠ ᠶᠡᠷᠦ ᠠᠴᠠ ᠬᠠᠯᠠᠭᠤᠨ ᠦᠭᠡᠢ ᠪᠠᠶᠢᠭᠰᠠᠭᠠᠷ᠂ ᠲᠠ ᠨᠠᠷ ᠳᠤᠯᠠᠭᠠᠯᠠᠭ᠎ᠠ ᠬᠠᠩᠭᠠᠬᠤ ᠺᠣᠮᠫᠠᠨᠢ ᠲᠠᠢ ᠬᠠᠷᠢᠯᠴᠠᠵᠤ ᠪᠠᠶᠢᠭᠠᠳ ᠲᠡᠭᠦᠨ ᠢ ᠬᠠᠪᠰᠤᠷᠤᠨ ᠦᠵᠡᠵᠦ ᠥᠭᠬᠦ ᠪᠣᠯᠪᠠᠤ︾ ᠭᠡᠵᠦ ᠬᠡᠯᠡᠪᠡ᠃ ᠣᠶᠢᠷ᠎ᠠ ᠳᠤ᠂ ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠹᠦ᠋ ᠯᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠣᠣ ᠠᠪᠤᠭᠠᠢ ᠨᠡᠶᠢᠭᠡᠮ ᠲᠣᠭᠤᠷᠢᠭ ᠲᠤ ᠭᠡᠷ ᠤᠨ ᠳᠤᠯᠠᠭᠠᠮᠵᠢ ᠬᠠᠯᠠᠭᠤᠨ ᠦᠭᠡᠢ ᠪᠠᠶᠢᠬᠤ ᠠᠰᠠᠭᠤᠳᠠᠯ ᠢ ᠲᠤᠰᠬᠠᠵᠤ᠂ ᠨᠡᠶᠢᠭᠡᠮ ᠲᠣᠭᠤᠷᠢᠭ ᠤᠨ ᠬᠢᠨ ᠬᠠᠪᠰᠤᠷᠤᠨ ᠵᠣᠬᠢᠴᠠᠭᠤᠯᠵᠤ ᠰᠢᠢᠳᠪᠦᠷᠢᠯᠡᠬᠦ ᠶᠢ ᠬᠦᠰᠡᠵᠦ ᠪᠠᠶᠢᠨ᠎ᠠ᠃
     ᠰᠠᠭᠤᠭᠠᠯᠢ ᠠᠷᠠᠳ ᠤᠨ ᠲᠤᠰᠬᠠᠯ ᠢ ᠣᠯᠣᠭᠰᠠᠨ ᠤ ᠳᠠᠷᠠᠭ᠎ᠠ᠂ ᠹᠦ᠋ ᠯᠢ ᠨᠡᠶᠢᠭᠡᠮ ᠲᠣᠭᠤᠷᠢᠭ ᠤᠨ ᠬᠢᠨ ᠹᠦ᠋ ᠲᠠᠢ ᠷᠧ ᠯᠢ ᠺᠣᠮᠫᠠᠨᠢ ᠪᠣᠯᠣᠨ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠲᠠᠢ ᠬᠠᠷᠢᠯᠴᠠᠵᠤ᠂ ᠲᠤᠬᠠᠢ ᠶᠢᠨ ᠭᠠᠵᠠᠷ ᠲᠤᠨᠢ ᠬᠦᠷᠴᠦ ᠰᠤᠷᠪᠤᠯᠵᠢᠯᠠᠪᠠ᠃ ᠠᠷᠠᠳ ᠤᠨ ᠴᠠᠭᠳᠠᠭ᠎ᠠ ᠶᠢᠨ ᠬᠠᠮᠵᠢᠯᠴᠠᠭ᠎ᠠ  ᠪᠠᠷ᠂ ᠨᠡᠶᠢᠭᠡᠮ ᠲᠣᠭᠤᠷᠢᠭ ᠪᠣᠯᠣᠨ ᠷᠧ ᠯᠢ ᠺᠣᠮᠫᠠᠨᠢ ᠶᠢᠨ ᠠᠵᠢᠯᠲᠠᠳ ᠵᠣᠣ ᠠᠪᠤᠭᠠᠢ ᠶᠢᠨ ᠰᠠᠭᠤᠵᠤ ᠪᠠᠶᠢᠭ᠎ᠠ ᠨᠢᠭᠡᠴᠢ ᠠᠰᠠᠷ ᠢ ᠡᠷᠦᠬᠡ ᠳᠠᠷᠠᠭᠠᠯᠠᠨ ᠪᠠᠶᠢᠴᠠᠭᠠᠵᠤ᠂ ᠳᠠᠷᠠᠭᠠᠯᠠᠨ ᠪᠠᠶᠢᠴᠠᠭᠠᠭᠰᠠᠨ ᠤ ᠳᠠᠷᠠᠭ᠎ᠠ᠂ ᠪᠤᠰᠤᠳ ᠠᠶᠢᠯ ᠡᠷᠦᠬᠡ ᠳᠤ ᠳᠤᠯᠠᠭᠠᠮᠵᠢ ᠶᠢᠨ ᠬᠠᠯᠠᠭᠤᠨ ᠦᠭᠡᠢ ᠪᠠᠶᠢᠳᠠᠯ ᠪᠠᠶᠢᠬᠤ ᠦᠭᠡᠢ ᠪᠠᠶᠢᠬᠤ ᠶᠢ ᠣᠯᠵᠤ ᠮᠠᠲᠠᠵᠠᠢ᠂ ᠲᠡᠭᠡᠭᠡᠳ ᠠᠵᠢᠯᠲᠠᠳ ᠵᠣᠣ ᠠᠪᠤᠭᠠᠢ ᠶᠢᠨ ᠭᠡᠷ ᠲᠤ ᠳᠠᠬᠢᠨᠲᠠ ᠬᠦᠷᠴᠦ ᠰᠢᠯᠲᠠᠭᠠᠨ ᠢ ᠨᠢ ᠡᠷᠢᠪᠡ᠂ ᠬᠠᠮᠤᠭ ᠡᠴᠦᠰ ᠤᠨ ᠪᠠᠶᠢᠴᠠᠭᠠᠯᠲᠠ ᠪᠠᠷ ᠳᠡᠮᠵᠢᠨ᠂ ᠳᠤᠯᠠᠭᠠᠮᠵᠢ ᠶᠢᠨ ᠬᠠᠯᠠᠭᠤᠨ ᠦᠭᠡᠢ ᠪᠠᠶᠢᠬᠤ ᠶᠢᠨ ᠰᠢᠯᠲᠠᠭᠠᠨ ᠨᠢ ᠢᠯᠴᠢ ᠬᠠᠩᠭᠠᠬᠤ ᠬᠤᠭᠤᠯᠠᠢ ᠳᠣᠲᠣᠷ᠎ᠠ ᠶᠡᠭᠡ ᠬᠡᠮᠵᠢᠶᠡᠨ ᠤ ᠠᠭᠠᠷ ᠣᠷᠣᠰᠢᠵᠤ᠂ ᠳᠣᠲᠣᠭᠠᠳᠤ ᠶᠢᠨ ᠠᠭᠠᠷ ᠤᠨ ᠳᠠᠷᠤᠯᠲᠠ ᠬᠡᠲᠦ ᠶᠡᠭᠡ ᠪᠣᠯᠤᠭᠰᠠᠨ ᠠᠴᠠ ᠬᠠᠯᠠᠭᠤᠨ ᠤᠰᠤ ᠨᠢ ᠤᠰᠤᠨ ᠬᠤᠭᠤᠯᠠᠢ ᠳᠤ ᠰᠠᠭᠠᠳ ᠦᠭᠡᠢ ᠣᠷᠣᠵᠤ ᠳᠡᠶᠢᠯᠬᠦ ᠦᠭᠡᠢ ᠠᠴᠠ ᠪᠣᠯᠵᠠᠢ ᠭᠡᠵᠦ ᠲᠣᠳᠣᠯᠠᠵᠠᠢ᠃ ᠡᠭᠦᠨ ᠤ ᠳᠠᠷᠠᠭ᠎ᠠ᠂ ᠢᠯᠴᠢ ᠶᠢᠨ ᠬᠦᠴᠦᠨ ᠤ ᠺᠣᠮᠫᠠᠨᠢ ᠶᠢᠨ ᠠᠵᠢᠯᠲᠠᠨ ᠰᠠᠭᠤᠭᠠᠯᠢ ᠠᠷᠠᠳ ᠲᠤ ᠲᠤᠰᠬᠠᠢ ᠮᠡᠷᠭᠡᠵᠢᠯ ᠤᠨ ᠬᠡᠢ ᠭᠠᠷᠭᠠᠬᠤ ᠠᠵᠢᠯᠯᠠᠭ᠎ᠠ ᠬᠢᠵᠦ᠂ ᠨᠢᠭᠡ ᠴᠠᠭ ᠭᠠᠷᠤᠢ ᠶᠢᠨ ᠬᠡᠢ ᠭᠠᠷᠭᠠᠬᠤ ᠰᠢᠢᠳᠪᠦᠷᠢᠯᠡᠯᠲᠡ ᠬᠢᠭᠰᠡᠨ ᠤ ᠳᠠᠷᠠᠭ᠎ᠠ᠂ ᠵᠣᠣ ᠠᠪᠤᠭᠠᠢ ᠶᠢᠨ ᠭᠡᠷ ᠤᠨ ᠳᠤᠯᠠᠭᠠᠮᠵᠢ ᠨᠢ ᠴᠦ ᠠᠭᠠᠵᠢᠮ ᠢᠶᠠᠷ ᠬᠠᠯᠠᠵᠤ ᠡᠬᠢᠯᠡᠪᠡ᠃
     ᠭᠡᠷ ᠳᠣᠲᠣᠷ᠎ᠠ ᠳᠤᠯᠠᠭᠠᠷᠠᠵᠤ᠂ ᠰᠠᠭᠤᠭᠠᠯᠢ ᠠᠷᠠᠳ ᠤᠨ ᠰᠡᠳᠬᠢᠯ ᠴᠦ ᠳᠤᠯᠠᠭᠠᠷᠠᠪᠠ᠃ ᠬᠤᠶᠢᠰᠢᠳᠠ ᠹᠦ᠋ ᠯᠢ ᠨᠡᠶᠢᠭᠡᠮ ᠲᠣᠭᠤᠷᠢᠭ ᠤᠨ ᠬᠢᠨ ᠰᠠᠭᠤᠭᠠᠯᠢ ᠠᠷᠠᠳ ᠤᠨ ᠲᠤᠰᠬᠠᠭᠰᠠᠨ ᠬᠦᠴᠢᠷ ᠵᠣᠪᠠᠭᠤᠷᠢ ᠲᠠᠢ ᠠᠰᠠᠭᠤᠳᠠᠯ ᠳᠤ ᠦᠷᠭᠦᠯᠵᠢᠯᠡᠨ ᠠᠩᠬᠠᠷᠤᠯ ᠢᠶᠠᠨ ᠲᠥᠪᠯᠡᠷᠡᠭᠦᠯᠵᠦ᠂ ︽ᠠᠷᠠᠳ ᠲᠦᠮᠡᠨ ᠳᠤ ᠦᠢᠯᠡᠴᠢᠯᠡᠬᠦ︾ ᠤᠭ ᠰᠠᠨᠠᠭ᠎ᠠ ᠶᠢ ᠦᠢᠯᠡᠳᠦᠯᠭᠡᠵᠢᠭᠦᠯᠵᠦ᠂ ᠰᠠᠭᠤᠭᠠᠯᠢ ᠠᠷᠠᠳ ᠤᠨ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠤᠯᠠᠮ ᠴᠢᠨᠠᠭᠰᠢᠳᠠ ᠳᠡᠭᠡᠭᠰᠢᠯᠡᠭᠦᠯᠦᠨ᠎ᠡ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号