ᠾᠧ ᠬᠠᠢ ᠳ᠋ᠦᠩ ᠱᠠᠩᠬᠠᠢ ᠬᠤᠳᠠ ᠳᠤ ᠬᠦᠷᠴᠦ ᠠᠵᠤ ᠠᠬᠤᠶᠢᠯᠠᠯ ᠢᠶᠠᠷ ᠲᠣᠭᠤᠷᠢᠵᠤ ᠦᠵᠡᠪᠡ
ᠨᠡᠶᠢᠲᠡᠯᠡᠭᠰᠡᠨ ᠴᠠᠭ᠄
2023/11/6
     ︵ᠰᠤᠷᠪᠤᠯᠵᠢᠯᠠᠭᠴᠢ ᠯᠢᠶᠠᠩ ᠵᠢᠩ ᠱᠦ︶ 11 ᠳ᠋ᠤᠭᠡᠷ ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠱᠠᠩᠬᠠᠢ ᠬᠤᠲᠠ ᠳᠤ ᠬᠦᠷᠴᠦ ᠠᠵᠤ ᠠᠬᠤᠶᠢᠯᠠᠯ ᠢᠶᠠᠷ ᠲᠣᠭᠤᠷᠢᠵᠤ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠬᠦ ᠲᠤᠬᠠᠢ ᠵᠣᠯᠭᠠᠭᠤᠯᠤᠨ ᠵᠥᠪᠳᠡᠯᠴᠡᠪᠡ᠃       ᠳᠤᠮᠳᠠᠳᠤ ᠤᠯᠤᠰ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ︵ᠱᠠᠩᠬᠠᠢ︶ ᠶᠢᠨ ᠢᠵᠢ ᠪᠦᠷᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ᠂ ᠾᠧ ᠬᠠᠢ ᠳ᠋ᠦᠩ ᠳᠤᠮᠳᠠᠳᠤ ᠤᠯᠤᠰ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ︵ᠱᠠᠩᠬᠠᠢ︶ ᠶᠢᠨ ᠢᠵᠢ ᠪᠦᠷᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠨᠠᠮ ᠤᠨ ᠶᠡᠷᠦᠩᠬᠡᠢ ᠡᠭᠦᠷ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠴᠧᠨ ᠵᠢᠶᠠ ᠴᠢᠩ᠂ ᠠᠩ ᠽᠧ ᠪᠡᠯᠡ ᠣᠷᠣᠭᠤᠯᠤᠯᠲᠠ᠂ ᠬᠤᠢ ᠯᠢᠦᠢ ᠠᠮᠢ ᠠᠬᠤᠢ᠂ ᠰᠠᠢ ᠯᠢ ᠰᠧ ᠡᠮᠴᠢᠯᠡᠭᠡ ᠵᠡᠷᠭᠡ ᠬᠤᠯᠪᠣᠭᠳᠠᠯ ᠪᠦᠬᠦᠢ ᠠᠵᠤ ᠠᠬᠤᠶᠢᠯᠠᠯ ᠤᠨ ᠲᠥᠯᠥᠭᠡᠯᠡᠭᠴᠢ ᠲᠠᠢ ᠶᠠᠷᠢᠯᠴᠠᠪᠠ᠃ ᠾᠧ ᠬᠠᠢ ᠳ᠋ᠦᠩ ᠠᠵᠤ ᠠᠬᠤᠶᠢᠯᠠᠯ ᠤᠨ ᠬᠥᠬᠡᠬᠤᠲᠠ ᠳᠤ ᠢᠷᠡᠵᠦ ᠪᠡᠯᠡ ᠣᠷᠣᠭᠤᠯᠤᠨ ᠦᠢᠯᠡᠰ ᠪᠣᠰᠬᠠᠬᠤ ᠶᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠬᠥᠬᠡᠬᠤᠲᠠ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠪ ᠪᠣᠯᠣᠨ᠎ᠠ᠂ ᠣᠷᠣᠨ ᠪᠠᠶᠢᠷᠢ᠂ ᠵᠠᠮ ᠬᠠᠷᠢᠯᠴᠠᠭ᠎ᠠ᠂ ᠴᠢᠳᠠᠪᠤᠷᠢᠲᠠᠨ᠂ ᠵᠠᠬ᠎ᠠ ᠳᠡᠯᠭᠡᠭᠦᠷ ᠵᠡᠷᠭᠡ ᠲᠠᠯ᠎ᠠ ᠪᠠᠷ ᠨᠡᠯᠢᠶᠡᠳ ᠳᠠᠪᠠᠭᠤᠯᠢᠭ ᠲᠠᠢ᠃ ᠣᠳᠣᠬᠠᠨ ᠳᠤ᠂ ᠬᠥᠬᠡᠬᠤᠲᠠ ᠶᠠᠭ ︽ᠵᠢᠷᠭᠤᠭᠠᠨ ᠶᠡᠭᠡ ᠠᠵᠤ ᠦᠢᠯᠡᠰ ᠤᠨ  ᠪᠦᠭᠡᠮᠨᠡᠷᠡᠯ︾ ᠢ ᠪᠦᠬᠦ ᠬᠦᠴᠦᠨ ᠢᠶᠠᠷ ᠢᠶᠠᠨ ᠪᠣᠶᠢᠵᠢᠭᠤᠯᠤᠨ ᠪᠤᠵᠠᠭᠠᠶᠢᠷᠠᠭᠤᠯᠵᠤ ᠪᠠᠶᠢᠨ᠎ᠠ᠂ ᠳᠤᠮᠳᠠᠳᠤ ᠤᠯᠤᠰ ᠤᠨ ᠡᠨᠧᠷᠬᠢ ᠶᠢᠨ ᠪᠦᠲᠦᠭᠡᠨ ᠪᠠᠶᠢᠭᠤᠯᠤᠯᠲᠠ ︵ᠱᠠᠩᠬᠠᠢ︶ ᠶᠢᠨ ᠢᠵᠢ ᠪᠦᠷᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ ᠡᠨᠧᠷᠭᠢ ᠬᠠᠳᠠᠭᠠᠯᠠᠬᠤ᠂ ᠤᠰᠤᠲᠥ᠋ᠷᠥᠭᠴᠢ ᠦᠢᠯᠡᠳᠬᠦ ᠲᠥᠷᠥᠯ ᠵᠦᠢᠯ᠂  ᠬᠤᠢ ᠯᠢᠦᠢ ᠠᠮᠢ ᠠᠬᠤᠢ ᠶᠢᠨ ᠳᠡᠭᠡᠳᠦ ᠴᠡᠪᠡᠷᠴᠡ ᠲᠠᠢ ᠥᠭᠡᠬᠦᠨ ᠴᠢᠯᠠᠭᠤᠨ ᠤ ᠡᠯᠡᠰᠦ ᠶᠢᠨ ᠲᠥᠷᠥᠯ ᠵᠦᠢᠯ ᠵᠡᠷᠭᠡ ᠨᠢ ᠣᠷᠣᠨ ᠤ ᠲᠥᠪ ᠤᠨ ᠠᠵᠤ ᠦᠢᠯᠡᠰ ᠤᠨ ᠪᠠᠶᠢᠷᠢ ᠲᠣᠭᠲᠠᠭᠠᠯᠲᠠ ᠳᠤ ᠨᠡᠶᠢᠴᠡᠵᠦ ᠪᠠᠶᠢᠨ᠎ᠠ᠂ ᠬᠤᠯᠪᠣᠭᠳᠠᠯ ᠪᠦᠬᠦᠢ ᠠᠵᠤ ᠠᠬᠤᠶᠢᠯᠠᠯ ᠲᠠᠢ ᠡᠷᠲᠡᠬᠡᠨ ᠬᠠᠮᠲᠤᠷᠠᠨ ᠠᠵᠢᠯᠯᠠᠬᠤ ᠬᠠᠮᠲᠤ ᠶᠢᠨ ᠲᠠᠨᠢᠯᠲᠠ ᠲᠠᠢ ᠪᠣᠯᠵᠤ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠬᠦᠴᠦᠷᠭᠡᠭᠵᠢᠭᠦᠯᠦᠨ᠂ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠶᠢ ᠬᠦᠰᠡᠵᠦ ᠪᠠᠶᠢᠨ᠎ᠠ ᠭᠡᠵᠡᠢ᠃      ᠡᠯ᠎ᠡ ᠠᠵᠤ ᠠᠬᠤᠶᠢᠯᠠᠯ ᠤᠨ ᠲᠥᠯᠥᠭᠡᠯᠡᠭᠴᠢ ᠠᠵᠤ ᠠᠬᠤᠶᠢᠯᠠᠯ ᠵᠢᠴᠢ ᠬᠠᠮᠲᠤᠷᠠᠯᠴᠠᠬᠤ ᠪᠠᠷ ᠪᠠᠶᠢᠭ᠎ᠠ ᠲᠦᠷᠦᠯ ᠵᠦᠢᠯ ᠤᠨ ᠦᠨᠳᠦᠰᠦᠨ ᠪᠠᠶᠢᠳᠠᠯ ᠢ ᠲᠠᠨᠢᠯᠴᠠᠭᠤᠯᠬᠤ ᠶᠢᠨ ᠬᠠᠮᠲᠤ ᠬᠥᠬᠡᠬᠤᠲᠠ ᠶᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠰᠠᠶᠢᠨ᠂ ᠠᠵᠤ ᠦᠢᠯᠡᠰ ᠤᠨ ᠬᠥᠭᠵᠢᠯᠲᠡ ᠶᠢᠨ ᠬᠠᠨᠳᠤᠰᠢ ᠰᠠᠶᠢᠨ᠂ ᠣᠶᠢᠷ᠎ᠠ ᠶᠢᠨ ᠵᠢᠯ ᠳᠤ ᠣᠯᠣᠭᠰᠠᠨ ᠦᠷ᠎ᠡ ᠪᠦᠲᠦᠮᠵᠢ ᠶᠢ ᠣᠯᠠᠨ ᠢᠶᠠᠷ ᠢᠶᠠᠨ ᠪᠦᠷ ᠣᠯᠵᠤ ᠬᠠᠷᠠᠯ᠎ᠠ᠂ ᠠᠵᠤ ᠠᠬᠤᠶᠢᠯᠠᠯ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠲᠦᠷᠦᠯ ᠵᠦᠢᠯ ᠢ ᠬᠥᠬᠡᠬᠤᠲᠠ ᠳᠤ ᠨᠠᠶᠢᠳᠠᠪᠤᠷᠢᠵᠢᠭᠤᠯᠬᠤ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠷᠬᠡᠶᠢᠯᠡᠵᠡᠭᠡᠪᠡ᠃      ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ ᠵᠢᠴᠢ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠪᠠ᠃      ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号