ᠭᠤᠸᠠᠩ ᠮᠢᠩ ᠵᠠᠮ ᠤᠨ ᠬᠡᠷᠡᠭ ᠡᠷᠬᠢᠯᠡᠬᠦ ᠭᠠᠵᠠᠷ ᠤᠨ ᠡᠯᠧᠺᠲᠷᠣᠨ ᠵᠠᠮ ᠤᠨ ᠨᠡᠶᠢᠭᠡᠮ ᠲᠣᠭᠤᠷᠢᠭ ᠲᠤ᠄ ︽ᠳᠤᠯᠠᠭᠠᠮᠵᠢ ᠤᠰᠤ ᠭᠤᠭᠤᠵᠢᠵᠤ ᠠᠷᠠᠳ ᠤᠨ ᠵᠣᠪᠠᠨᠢᠯ ᠢ ᠡᠭᠦᠰᠬᠡᠨ᠎ᠡ᠂ ᠨᠡᠶᠢᠭᠡᠮ ᠲᠣᠭᠤᠷᠢᠭ ᠤᠨ ᠬᠢᠨ ᠠᠷᠠᠳ ᠤᠨ ᠵᠣᠪᠠᠨᠢᠯ ᠢ ᠵᠣᠬᠢᠴᠠᠭᠤᠯᠤᠨ ᠲᠠᠶᠢᠯᠤᠨ᠎ᠠ︾
ᠨᠡᠶᠢᠲᠡᠯᠡᠭᠰᠡᠨ ᠴᠠᠭ᠄
2023/12/1
      ︽ᠰᠢᠶᠣᠣ ᠪᠠᠢ᠂ ᠮᠠᠨ ᠤ ᠭᠡᠷ ᠤᠨ ᠳᠤᠯᠠᠭᠠᠮᠵᠢ ᠶᠢᠨ ᠬᠤᠭᠤᠯᠠᠢ ᠳᠤ ᠭᠡᠨᠡᠳᠲᠡ ᠤᠰᠤ ᠭᠤᠭᠤᠵᠢᠭᠰᠠᠨ ᠪᠠᠶᠢᠳᠠᠯ ᠭᠠᠷᠴᠠᠢ᠂ ᠪᠢ ᠶᠠᠭᠠᠬᠢᠬᠤ ᠪᠠᠨ ᠣᠯᠬᠤ ᠦᠭᠡᠢ ᠪᠠᠶᠢᠨ᠎ᠠ᠂ ᠨᠡᠶᠢᠭᠡᠮ ᠲᠣᠭᠤᠷᠢᠭ ᠤᠨ ᠬᠢᠨ ᠬᠠᠪᠰᠤᠷᠴᠤ ᠰᠢᠢᠳᠪᠦᠷᠢᠯᠡᠬᠦ ᠶᠢ ᠬᠦᠰᠡᠵᠦ ᠪᠠᠶᠢᠨ᠎ᠠ︾᠂ ᠳᠣᠬᠢᠶᠠᠨ ᠤ ᠦᠢᠯᠡᠳᠪᠦᠷᠢ ᠶᠢᠨ ᠰᠠᠭᠤᠭᠠᠯᠢ ᠠᠷᠠᠳ ᠤᠨ ᠲᠤᠰᠠᠯᠠᠮᠵᠢ ᠭᠤᠶᠤᠴᠢᠯᠠᠬᠤ ᠤᠲᠠᠰᠤ ᠶᠢ ᠳᠤᠰᠤᠭᠰᠠᠨ ᠤ ᠳᠠᠷᠠᠭ᠎ᠠ᠂ ᠲᠣᠰ ᠬᠠᠷᠢᠶ᠎ᠠ ᠣᠷᠣᠨ ᠤ ᠰᠦᠯᠵᠢᠶᠡᠨ ᠤ ᠠᠵᠢᠯᠲᠠᠨ ᠲᠡᠷᠡ ᠳᠠᠷᠤᠢ ᠳᠤᠨᠢ ᠡᠷᠦᠬᠡ ᠳᠤ ᠣᠷᠣᠵᠤ ᠪᠠᠶᠢᠳᠠᠯ ᠢ ᠣᠶᠢᠯᠠᠭᠠᠬᠤ ᠶᠢᠨ ᠬᠠᠮᠲᠤ ᠢᠯᠴᠢ ᠬᠠᠩᠭᠠᠬᠤ ᠺᠣᠮᠫᠠᠨᠢ ᠲᠠᠢ ᠬᠠᠷᠢᠯᠴᠠᠵᠤ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠯᠲᠠ ᠬᠢᠪᠡ᠃
     ᠳᠤᠯᠠᠭᠠᠯᠭ᠎ᠠ ᠶᠢᠨ ᠺᠣᠮᠫᠠᠨᠢ ᠶᠢᠨ ᠠᠵᠢᠯᠲᠠᠳ ᠲᠤᠬᠠᠢ ᠶᠢᠨ ᠭᠠᠵᠠᠷ ᠲᠤᠨᠢ ᠬᠠᠶᠢᠨ ᠪᠠᠶᠢᠴᠠᠭᠠᠭᠰᠠᠨ ᠤ ᠳᠠᠷᠠᠭ᠎ᠠ ᠂ ᠨᠠᠷᠢᠨ ᠲᠣᠳᠣᠷᠬᠠᠢ ᠰᠢᠢᠳᠪᠦᠷᠢᠯᠡᠬᠦ ᠲᠥᠰᠥᠯ ᠭᠠᠷᠭᠠᠵᠠᠢ᠃ ᠲᠡᠳᠡ ᠶᠠᠭᠤᠨ ᠤ ᠡᠮᠦᠨ᠎ᠡ ᠤᠰᠤ ᠭᠤᠭᠤᠵᠢᠭᠰᠠᠨ ᠰᠢᠯᠲᠠᠭᠠᠨ ᠪᠣᠯ ᠳᠤᠯᠠᠭᠠᠮᠵᠢ ᠶᠢᠨ ᠬᠤᠭᠤᠯᠠᠢ ᠬᠠᠭᠤᠴᠢᠷᠠᠭᠰᠠᠨ ᠠᠴᠠ ᠪᠣᠯᠤᠭᠰᠠᠨ ᠢ ᠨᠤᠲᠠᠯᠠᠵᠠᠢ᠂ ᠡᠨᠡ ᠬᠦ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠲᠡᠳᠡ ᠰᠢᠨ᠎ᠡ ᠳᠤᠯᠠᠭᠠᠮᠵᠢ ᠶᠢᠨ ᠬᠤᠭᠤᠯᠠᠢ ᠶᠢ ᠰᠣᠯᠢᠬᠤ ᠰᠠᠨᠠᠭᠤᠯᠭ᠎ᠠ ᠭᠠᠷᠭᠠᠵᠠᠢ᠃ ᠡᠭᠦᠨ ᠤ ᠬᠠᠮᠲᠤ᠂ ᠰᠠᠭᠤᠭᠠᠯᠢ ᠠᠷᠠᠳ ᠤᠨ ᠳᠤᠯᠠᠭᠠᠮᠵᠢ ᠶᠢᠨ ᠬᠤᠭᠤᠯᠠᠢ ᠶᠢ ᠰᠣᠯᠢᠬᠤ ᠬᠤᠭᠤᠴᠠᠭᠠᠨ ᠳᠤ ᠨᠥᠯᠥᠭᠡᠯᠡᠭᠳᠡᠬᠦ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠢᠯᠴᠢ ᠬᠠᠩᠭᠠᠬᠤ ᠺᠣᠮᠫᠠᠨᠢ ᠠᠴᠠ ᠪᠠᠰᠠ ᠮᠡᠷᠭᠡᠵᠢᠯᠲᠡᠨ ᠲᠣᠮᠢᠯᠠᠨ ᠲᠤᠬᠠᠢ ᠶᠢᠨ ᠲᠠᠯᠠᠪᠤᠷ ᠤᠨ ᠵᠢᠯᠣᠭᠤᠳᠤᠯᠭ᠎ᠠ ᠬᠢᠯᠭᠡᠬᠦ ᠶᠢᠨ ᠬᠠᠮᠲᠤ ᠴᠢᠬᠤᠯᠠ ᠪᠦᠬᠦᠢ ᠬᠠᠪᠰᠤᠷᠤᠯᠭ᠎ᠠ ᠬᠠᠩᠭᠠᠭᠰᠠᠨ ᠪᠠᠶᠢᠨ᠎ᠠ᠃ ᠨᠡᠶᠢᠭᠡᠮ ᠲᠣᠭᠤᠷᠢᠭ ᠪᠣᠯᠣᠨ ᠢᠯᠴᠢ ᠬᠠᠩᠭᠠᠬᠤ ᠺᠣᠮᠫᠠᠨᠢ ᠶᠢᠨ ᠬᠠᠮᠲᠤ ᠶᠢᠨ ᠴᠢᠷᠮᠠᠶᠢᠯᠭ᠎ᠠ ᠪᠠᠷ ᠤᠰᠤ ᠭᠤᠭᠤᠵᠢᠭᠰᠠᠨ ᠳᠤᠯᠠᠭᠠᠮᠵᠢ ᠶᠢᠨ ᠬᠤᠭᠤᠯᠠᠢ ᠶᠢ ᠠᠮᠵᠢᠯᠲᠠ ᠲᠠᠢ ᠪᠠᠷ ᠰᠣᠯᠢᠵᠠᠢ᠃ ᠰᠠᠭᠤᠭᠠᠯᠢ ᠠᠷᠠᠳ ᠡᠭᠦᠨ ᠳᠤ ᠲᠤᠶᠢᠯ ᠢᠶᠠᠷ ᠲᠠᠯᠠᠷᠬᠠᠵᠤ ᠪᠠᠶᠢᠬᠤ ᠪᠠᠨ ᠢᠯᠡᠳᠬᠡᠬᠦ ᠶᠢᠨ ᠬᠠᠮᠲᠤ ᠨᠡᠶᠢᠭᠡᠮ ᠲᠣᠭᠤᠷᠢᠭ ᠪᠣᠯᠣᠨ ᠢᠯᠴᠢ ᠬᠠᠩᠭᠠᠬᠤ ᠺᠣᠮᠫᠠᠨᠢ ᠶᠢᠨ ᠮᠡᠷᠭᠡᠵᠢᠯ ᠤᠨ ᠠᠵᠢᠯᠲᠠᠨ ᠤ ᠲᠤᠰᠬᠠᠢ ᠮᠡᠷᠭᠡᠵᠢᠯ ᠤᠨ ᠦᠢᠯᠡᠴᠢᠯᠡᠭᠡ ᠶᠢ ᠮᠠᠭᠲᠠᠨ ᠰᠠᠶᠢᠰᠢᠶᠠᠵᠤ ᠪᠠᠶᠢᠬᠤ ᠪᠠᠨ ᠢᠯᠡᠳᠬᠡᠪᠡ᠃    
     ᠡᠨᠡ ᠤᠳᠠᠭᠠᠨ ᠤ ᠬᠡᠷᠡᠭ ᠨᠢ ᠰᠠᠭᠤᠭᠠᠯᠢ ᠠᠷᠠᠳ ᠤᠨ ᠪᠣᠳᠠᠲᠠᠢ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠦᠭᠡᠢ ᠨᠡᠶᠢᠭᠡᠮ ᠲᠣᠭᠤᠷᠢᠭ ᠪᠣᠯᠣᠨ ᠰᠠᠭᠤᠭᠠᠯᠢ ᠠᠷᠠᠳ ᠤᠨ ᠬᠤᠭᠤᠷᠣᠨᠳᠣᠬᠢ ᠨᠢᠭᠲᠠ ᠬᠠᠷᠢᠯᠴᠠᠭ᠎ᠠ ᠶᠢ ᠴᠤ ᠤᠯᠠᠮ ᠨᠢᠭᠡ ᠠᠯᠬᠤᠮ ᠴᠢᠩᠭᠠᠳᠬᠠᠭᠰᠠᠨ ᠪᠠᠶᠢᠨ᠎ᠠ᠃ ᠲᠠᠷᠠᠭᠠᠴᠢ ᠶᠢᠨ ᠠᠯᠬᠤᠮ ᠳᠤ᠂ ᠡᠯᠧᠺᠲᠷᠣᠨ ᠵᠠᠮ ᠤᠨ ᠨᠡᠶᠢᠭᠡᠮ ᠲᠣᠭᠤᠷᠢᠭ ᠦᠷᠭᠦᠯᠵᠢᠯᠡᠨ ᠰᠠᠭᠤᠭᠠᠯᠢ ᠠᠷᠠᠳ ᠲᠤ ᠨᠠᠩ ᠰᠢᠯᠢᠳᠡᠭ᠂ ᠨᠠᠩ ᠳᠥᠭᠦᠮ ᠳᠥᠲᠡ ᠦᠢᠯᠡᠴᠢᠯᠡᠭᠡ ᠬᠠᠩᠭᠠᠵᠤ᠂ ᠰᠠᠭᠤᠭᠠᠯᠢ ᠠᠷᠠᠳ ᠢ ᠦᠨᠡᠨ ᠬᠦ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ᠂ ᠰᠠᠭᠤᠭᠠᠯᠢ ᠠᠷᠠᠳ ᠤᠨ ︽ᠳᠣᠲᠣᠨᠣ ᠬᠥᠮᠥᠨ︾ ᠢ ᠰᠠᠶᠢᠲᠤᠷ ᠬᠢᠬᠦ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号