ᠣᠶᠢᠷ᠎ᠠ ᠶᠢᠨ ᠬᠤᠭᠤᠴᠠᠭᠠᠨ ᠳᠤ ᠳᠤᠯᠠᠭᠠᠨ ᠤ ᠬᠡᠮᠵᠢᠶ᠎ᠡ ᠳᠣᠷᠣᠭᠰᠢᠯᠠᠭᠰᠠᠨ ᠠᠴᠠ ᠤᠰᠤ ᠵᠠᠮ ᠤᠨ | ᠭᠠᠳᠠᠷᠭᠤ ᠲᠠᠢ ᠬᠦᠷᠦᠯᠴᠡᠮᠡᠭᠴᠡ ᠳᠠᠷᠤᠢ ᠲᠦᠷᠭᠡᠨ ᠮᠥᠰᠥ ᠬᠥᠯᠳᠡᠳᠡᠭ᠂ ᠬᠡᠷᠪᠡ ᠵᠠᠰᠠᠮᠠᠯ ᠵᠠᠮ ᠤᠨ ᠣᠨᠴᠠ ᠵᠠᠷᠢᠮ | ᠵᠠᠮ ᠤᠨ ᠬᠡᠰᠡᠭ ᠲᠤ ᠬᠤᠭᠤᠯᠠᠢ ᠠᠰᠠᠭᠤᠳᠠᠯ ᠭᠠᠷᠬᠤ ᠪᠤᠶᠤ ᠮᠠᠭᠤ ᠬᠤᠳᠠᠯᠳᠤᠭᠠᠴᠢᠨ ᠤ ᠴᠢᠳᠬᠤᠭᠰᠠᠨ ᠪᠣᠬᠢᠷ | ᠤᠰᠤ ᠲᠣᠬᠢᠶᠠᠯᠳᠤᠪᠠᠯ᠂ ᠵᠠᠮ ᠤᠨ ᠨᠢᠭᠤᠷ ᠨᠢ ᠬᠦᠨᠳᠦ ᠨᠣᠴᠢᠲᠠᠢ ᠮᠥᠰᠥ ᠬᠥᠯᠳᠡᠵᠦ᠂ ᠮᠥᠰᠥ ᠬᠥᠯᠳᠡᠭᠰᠡᠨ ᠵᠠᠮ | ᠨᠢ ᠬᠤᠲᠠ ᠶᠢᠨ ᠠᠷᠠᠳ ᠤᠨ ᠶᠠᠪᠤᠵᠤ ᠰᠠᠭᠤᠬᠤ ᠳᠤ ᠮᠠᠰᠢ ᠳᠥᠭᠦᠮ ᠦᠭᠡᠢ ᠪᠣᠯᠳᠠᠭ ᠪᠠᠶᠢᠨ᠎ᠠ᠃ | 11 ᠳ᠋ᠦ᠋ᠭᠡᠷ ᠰᠠᠷ᠎ᠠ ᠶᠢᠨ 28 ᠤ ᠡᠳᠦᠷ ᠬᠤᠲᠣᠩ ᠠᠷᠠᠳ ᠤᠨ ᠲᠣᠭᠤᠷᠢᠭ ᠤᠨ ᠣᠷᠴᠢᠨ ᠠᠬᠤᠢ ᠶᠢᠨ | ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠠᠵᠢᠯᠲᠠᠨ ᠵᠣᠬᠢᠶᠠᠨ ᠪᠠᠶᠢᠭᠤᠯᠵᠤ ᠬᠠᠷᠢᠶ᠎ᠠ ᠣᠷᠣᠨ ᠤ ᠪᠠᠨ ᠮᠥᠰᠥ | ᠬᠥᠯᠳᠡᠭᠰᠡᠨ ᠵᠠᠮ ᠢ ᠢᠯᠭᠠᠷᠠᠭᠤᠯᠤᠨ ᠮᠥᠰᠥᠨ ᠤ ᠭᠠᠳᠠᠷᠭᠤ ᠨᠢ ᠬᠠᠲᠠᠭᠤ ᠪᠣᠯᠬᠤᠷ᠂ ᠴᠡᠪᠡᠷᠯᠡᠭᠴᠢ ᠵᠥᠪᠬᠡᠨ | ᠤᠷᠢᠳ ᠢᠶᠠᠷ ᠵᠢᠵᠢᠭ ᠠᠯᠤᠬ᠎ᠠ ᠪᠠᠷ ᠴᠤᠭᠤᠯᠵᠤ᠂ ᠳᠠᠷᠠᠭ᠎ᠠ ᠨᠢ ᠲᠡᠮᠦᠷ ᠬᠦᠷᠵᠡ ᠪᠠᠷ ᠨᠢᠭᠡ ᠨᠢᠭᠡ ᠪᠠᠷ ᠬᠥᠰᠢᠵᠦ᠂ | ᠬᠥᠰᠢᠵᠦ ᠨᠡᠭᠡᠭᠡᠭᠰᠡᠨ ᠮᠥᠰᠥ ᠪᠠᠨ ᠬᠤᠭ ᠨᠣᠪᠰᠢ ᠴᠡᠪᠡᠷᠯᠡᠨ ᠵᠥᠭᠡᠭᠡᠪᠦᠷᠢᠯᠡᠬᠦ ᠲᠡᠷᠭᠡᠨ ᠳᠡᠭᠡᠷ᠎ᠡ ᠰᠠᠪᠠᠯᠠᠵᠤ | ᠴᠡᠪᠡᠷᠯᠡᠨ᠎ᠡ᠃ ᠭᠡᠨᠡᠳᠲᠡ ᠶᠢᠨ ᠴᠡᠪᠡᠷᠯᠡᠯᠲᠡ ᠪᠠᠷ ᠳᠠᠮᠵᠢᠵᠤ᠂ ᠬᠠᠮᠤᠭ ᠤᠨ ᠣᠬᠤᠷ ᠬᠤᠭᠤᠴᠠᠭᠠᠨ ᠳᠤ ᠵᠠᠮ ᠳᠡᠭᠡᠷ᠎ᠡ | ᠮᠥᠰᠥ ᠬᠥᠯᠳᠡᠬᠦ ᠶᠢ ᠴᠡᠪᠡᠷᠯᠡᠬᠦ ᠠᠵᠢᠯ ᠢ ᠬᠢᠵᠦ ᠳᠠᠭᠤᠰᠬᠠᠨ᠎ᠠ᠃ | ᠲᠣᠭᠤᠷᠢᠨ ᠪᠠᠶᠢᠴᠠᠭᠠᠬᠤ ᠶᠠᠪᠤᠴᠠ ᠳᠤ ᠵᠠᠮ ᠳᠡᠭᠡᠷ᠎ᠡ ᠮᠥᠰᠥ ᠬᠥᠯᠳᠡᠭᠰᠡᠨ ᠪᠠᠶᠢᠳᠠᠯ ᠲᠣᠬᠢᠶᠠᠯᠳᠤᠪᠠᠯ᠂ | ᠬᠤᠲᠣᠩ ᠠᠷᠠᠳ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ | ᠲᠥᠪ ᠤᠨ ᠬᠢᠨ ᠴᠥᠮ ᠬᠠᠮᠤᠭ ᠤᠨ ᠲᠦᠷᠦᠭᠦᠨ ᠳᠤ ᠬᠥᠮᠥᠰ ᠢ ᠵᠣᠬᠢᠶᠠᠨ ᠪᠠᠶᠢᠭᠤᠯᠤᠨ ᠮᠥᠰᠥ ᠴᠡᠪᠡᠷᠯᠡᠬᠦ ᠠᠷᠭ᠎ᠠ | ᠬᠡᠮᠵᠢᠶ᠎ᠡ ᠠᠪᠴᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠴᠡᠪᠡᠷᠯᠡᠵᠦ᠂ ᠬᠤᠲᠠ ᠶᠢᠨ ᠠᠷᠠᠳ ᠤᠨ | ᠶᠠᠪᠤᠵᠤ ᠰᠠᠭᠤᠬᠤ ᠶᠢᠨ ᠠᠮᠤᠷ ᠲᠦᠪᠰᠢᠨ ᠰᠠᠭᠠᠳ ᠦᠭᠡᠢ ᠨᠡᠪᠲᠡᠷᠡᠬᠦ ᠶᠢ ᠪᠥᠬᠦ ᠬᠦᠴᠦᠨ ᠢᠶᠠᠷ ᠢᠶᠠᠨ ᠪᠠᠲᠤᠯᠠᠬᠤ | ᠪᠣᠯᠣᠨ᠎ᠠ᠃ | | | | | | | | | | | | |