ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 49 ᠳ᠋ᠦ᠋ᠭᠡᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ | ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄ | ︽ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ | ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ | ᠬᠡᠷᠡᠭᠵᠢᠭᠦᠯᠲᠦᠭᠡᠢ᠃ | ᠬᠥᠬᠡᠬᠤᠲᠠ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 11 ᠳ᠋ᠦ᠋ᠭᠡᠷ ᠰᠠᠷ᠎ᠠ ᠶᠢᠨ 2 ᠤᠨ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠬᠡᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠬᠡᠷᠡᠭᠵᠢᠭᠦᠯᠬᠦ ᠨᠠᠷᠢᠨ ᠳᠦᠷᠢᠮ | | ᠨᠢᠭᠡᠳᠦᠭᠡᠷ ᠪᠦᠯᠦᠭ ᠶᠡᠷᠦᠩᠬᠡᠢ ᠳᠦᠷᠢᠮ | ᠨᠢᠭᠡᠳᠦᠭᠡᠷ ᠵᠦᠢᠯ ᠨᠡᠶᠢᠭᠡᠮ ᠨᠡᠶᠢᠲᠡ ᠶᠢᠨ ᠣᠯᠠᠨ ᠶᠠᠩᠵᠤ ᠶᠢᠨ ᠶᠠᠪᠤᠵᠤ ᠰᠠᠭᠤᠬᠤ ᠬᠡᠷᠡᠭᠴᠡᠭᠡ ᠶᠢ ᠨᠡᠩ | ᠰᠠᠶᠢᠨ ᠬᠠᠩᠭᠠᠵᠤ᠂ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠪᠠ ᠢᠨᠲ᠋ᠧᠷ ᠰᠦᠯᠵᠢᠶ᠎ᠡ ᠶᠢᠨ ᠠᠭᠤᠰᠤᠯᠴᠠᠨ | ᠬᠥᠭᠵᠢᠬᠦ ᠶᠢ ᠠᠬᠢᠭᠤᠯᠵᠤ᠂ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ | ᠦᠢᠯᠡᠴᠢᠯᠡᠭᠡᠨ ᠤ ᠠᠵᠢᠯᠯᠠᠭ᠎ᠠ ᠶᠢ ᠵᠢᠷᠤᠮᠵᠢᠭᠤᠯᠤᠨ᠂ ᠡᠵᠡᠩᠨᠡᠯᠲᠡ ᠶᠢᠨ ᠠᠶᠤᠯᠭᠦᠢ ᠪᠠ ᠠᠶᠠᠨᠴᠢᠳ ᠤᠨ ᠬᠠᠤᠯᠢ | ᠶᠣᠰᠣᠨ ᠤ ᠡᠷᠬᠡ ᠠᠰᠢᠭ ᠢ ᠪᠠᠲᠤᠯᠠᠬᠤ ᠶᠢᠨ ᠲᠤᠰᠠᠳᠠ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ | ᠲᠡᠷᠭᠡᠨ ᠤ ᠡᠵᠡᠩᠨᠡᠯᠲᠡ ᠦᠢᠯᠡᠴᠢᠯᠡᠭᠡᠨ ᠤ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠤᠯᠢ | ᠴᠠᠭᠠᠵᠠ ᠬᠠᠤᠯᠢ ᠲᠣᠭᠲᠠᠭᠠᠯ᠂ ᠰᠠᠯᠠᠭ᠎ᠠ ᠮᠥᠴᠢᠷ ᠤᠨ ᠳᠦᠷᠢᠮ ᠲᠣᠭᠲᠠᠭᠠᠯ ᠢ ᠦᠨᠳᠦᠰᠦᠯᠡᠨ᠂ ᠮᠠᠨ ᠤ | ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠨᠠᠷᠢᠨ ᠳᠦᠷᠢᠮ ᠢ ᠲᠣᠭᠲᠠᠭᠠᠪᠠ᠃ | ᠬᠤᠶᠠᠳᠤᠭᠠᠷ ᠵᠦᠢᠯ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷ᠎ᠠ ᠰᠦᠯᠵᠢᠶᠡᠨ ᠳᠡᠭᠡᠷ᠎ᠡ | ᠪᠣᠯᠵᠣᠬᠤ ᠲᠦᠷᠢᠶᠡᠰᠦᠨ ᠮᠠᠰᠢᠨ ᠲᠡᠷᠭᠡ ︵ᠳᠣᠷᠣᠭᠰᠢ ︽ᠰᠦᠯᠵᠢᠶᠡᠨ ᠳᠡᠭᠡᠷ᠎ᠡ ᠪᠣᠯᠵᠣᠬᠤ ᠲᠡᠷᠭᠡ︾ ᠭᠡᠵᠦ | ᠲᠣᠪᠴᠢᠯᠠᠨ᠎ᠠ︶ ᠶᠢᠨ ᠡᠵᠡᠩᠨᠡᠯᠲᠡ ᠦᠢᠯᠡᠴᠢᠯᠡᠭᠡ᠂ ᠬᠠᠮᠢᠶᠠᠷᠤᠯᠲᠠ ᠵᠢᠴᠢ ᠪᠤᠰᠤᠳ ᠬᠠᠮᠢᠶ᠎ᠠ ᠪᠦᠬᠦᠢ ᠠᠵᠢᠯᠯᠠᠭ᠎ᠠ ᠳᠤ᠂ | ᠲᠣᠰ ᠬᠡᠷᠡᠭᠵᠢᠭᠦᠯᠬᠦ ᠨᠠᠷᠢᠨ ᠳᠦᠷᠢᠮ ᠢ ᠵᠢᠷᠤᠮᠯᠠᠬᠤ ᠬᠡᠷᠡᠭᠲᠡᠢ᠃ | ᠭᠤᠷᠪᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠤᠷᠢᠳᠠᠪᠠᠷ ᠬᠥᠭᠵᠢᠭᠦᠯᠬᠦ ᠶᠢ | ᠪᠠᠷᠢᠮᠲᠠᠯᠠᠨ᠂ ᠲᠦᠷᠢᠶᠡᠰᠦᠨ ᠮᠠᠰᠢᠨ ᠲᠡᠷᠭᠡ ᠶᠢ ᠵᠣᠬᠢᠬᠤ ᠬᠡᠮᠵᠢᠶ᠎ᠡ ᠪᠠᠷ ᠬᠥᠭᠵᠢᠭᠦᠯᠵᠦ᠂ ᠴᠢᠨᠠᠷ ᠰᠠᠶᠢᠲᠠᠢ | ᠦᠢᠯᠡᠴᠢᠯᠡᠨ᠂ ᠵᠥᠷᠢᠶᠡᠨ ᠲᠠᠢ ᠡᠵᠡᠩᠨᠡᠬᠦ ᠵᠠᠷᠴᠢᠮ ᠶᠣᠰᠣᠭᠠᠷ᠂ ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡ ᠶᠢ | ᠡᠮᠬᠢ ᠵᠢᠷᠤᠮ ᠲᠠᠢ ᠬᠥᠭᠵᠢᠭᠦᠯᠦᠨ᠎ᠡ᠃ ᠲᠣᠰ ᠬᠤᠲᠠ ᠶᠢᠨ ᠰᠦᠯᠵᠢᠶᠡᠨ ᠳᠡᠭᠡᠷ᠎ᠡ ᠪᠣᠯᠵᠣᠬᠤ ᠲᠡᠷᠭᠡᠨ ᠤ | ᠲᠡᠭᠡᠭᠡᠪᠦᠷᠢ ᠶᠢᠨ ᠦᠨ᠎ᠡ ᠳᠤ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠶᠢ ᠬᠡᠷᠡᠭᠵᠢᠭᠦᠯᠵᠦ᠂ | ᠴᠢᠬᠤᠯᠠ ᠲᠠᠢ ᠦᠶ᠎ᠡ ᠳᠤ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠶᠢ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠠᠷᠠᠳ ᠤᠨ ᠵᠠᠰᠠᠭ ᠤᠨ | ᠣᠷᠳᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠲᠣᠰ ᠵᠠᠰᠠᠭ | ᠵᠠᠬᠢᠷᠭᠠᠨ ᠤ ᠣᠷᠣᠨ ᠤ ᠳᠣᠲᠣᠷᠠᠬᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠬᠠᠮᠢᠶᠠᠷᠤᠯᠲᠠ ᠶᠢᠨ ᠠᠵᠢᠯ ᠢ | ᠵᠣᠬᠢᠶᠠᠨ ᠪᠠᠶᠢᠭᠤᠯᠤᠨ ᠤᠳᠤᠷᠢᠳᠴᠤ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠲᠣᠭᠲᠠᠭᠠᠭᠰᠠᠨ ᠲᠦᠷᠢᠶᠡᠰᠦᠨ ᠮᠠᠰᠢᠨ ᠲᠡᠷᠭᠡᠨ ᠤ | ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ︵ᠳᠣᠷᠣᠭᠰᠢ ︽ᠲᠦᠷᠢᠶᠡᠰᠦᠨ ᠮᠠᠰᠢᠨ ᠲᠡᠷᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ︾ ᠭᠡᠵᠦ ᠲᠣᠪᠴᠢᠯᠠᠨ᠎ᠠ︶ ᠨᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠬᠠᠮᠢᠶᠠᠷᠤᠯᠲᠠ ᠶᠢᠨ ᠪᠣᠳᠠᠲᠠᠢ ᠬᠡᠷᠡᠭᠵᠢᠭᠦᠯᠬᠦ ᠠᠵᠢᠯ ᠢ ᠬᠠᠷᠢᠭᠤᠴᠠᠨ᠎ᠠ᠃ | ᠲᠠᠪᠤᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ | ᠵᠠᠩᠭᠢᠴᠢᠯᠠᠯᠲᠠ᠂ ᠳᠣᠲᠣᠭᠠᠳᠤ ᠶᠢ ᠬᠠᠮᠠᠭᠠᠯᠠᠬᠤ᠂ ᠬᠤᠳᠠᠯᠳᠤᠭᠠᠨ ᠤ ᠶᠠᠪᠤᠳᠠᠯ᠂ ᠭᠠᠶᠢᠯᠢ ᠶᠢᠨ ᠶᠠᠪᠤᠳᠠᠯ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ | ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ | ᠰᠠᠯᠠᠭ᠎ᠠ ᠮᠥᠴᠢᠷ ᠤᠳ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠨ᠂ ᠬᠢᠨᠠᠯᠲᠠ | ᠬᠠᠮᠢᠶᠠᠷᠤᠯᠲᠠ ᠶᠢᠨ ᠣᠨᠣᠯᠵᠢᠬᠤᠨ ᠪᠠ ᠠᠷᠭ᠎ᠠ ᠮᠠᠶ᠋ᠢᠭ ᠲᠤ ᠰᠢᠨ᠎ᠡ ᠶᠢ ᠡᠭᠦᠳᠴᠦ᠂ ᠪᠠᠭᠲᠠᠭᠠᠮᠵᠢᠲᠠᠢ ᠪᠣᠯᠭᠤᠮᠵᠢᠲᠠᠢ | ᠪᠠᠶᠢᠬᠤ ᠵᠠᠷᠴᠢᠮ ᠢ ᠵᠢᠷᠤᠮᠯᠠᠨ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠠᠵᠢᠯ ᠲᠥᠷᠥᠯ ᠤᠨ ᠣᠨᠴᠠᠯᠢᠭ ᠲᠤ | ᠲᠣᠬᠢᠷᠠᠭᠰᠠᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ | ᠪᠣᠯᠵᠣᠬᠤ ᠲᠡᠷᠭᠡ ᠳᠤ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠬᠢᠨ᠎ᠡ᠃ | ᠬᠤᠶᠠᠳᠤᠭᠠᠷ ᠪᠦᠯᠦᠭ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ | ᠵᠢᠷᠭᠤᠳᠤᠭᠠᠷ ᠵᠦᠢᠯ ᠲᠣᠰ ᠬᠤᠲᠠ ᠳᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠬᠦ ᠪᠠᠷ | ᠭᠤᠶᠤᠴᠢᠯᠠᠬᠤ ᠳᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠦᠢᠯᠡᠴᠢᠯᠡᠭᠡᠨ ᠤ ᠴᠢᠳᠠᠪᠤᠷᠢ ᠶᠢ | ᠪᠦᠷᠢᠳᠦᠭᠦᠯᠦᠭᠰᠡᠨ ᠮᠥᠷᠲᠡᠭᠡᠨ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠬᠢᠷᠢ ᠬᠡᠮ ᠲᠠᠢ ᠪᠠᠶᠢᠬᠤ ᠬᠡᠷᠡᠭᠲᠡᠢ︔ | ︵ᠬᠤᠶᠠᠷ︶ ᠲᠤᠰ ᠬᠤᠳᠠ ᠳᠤ ᠡᠵᠡᠩᠨᠡᠯᠲᠡ ᠶᠢᠨ ᠬᠡᠪᠴᠢᠶ᠎ᠡ ᠲᠠᠢ ᠪᠠᠨ ᠵᠣᠬᠢᠴᠠᠭᠰᠠᠨ ᠦᠢᠯᠡᠴᠢᠯᠡᠭᠡᠨ ᠤ | ᠪᠠᠶᠢᠭᠤᠯᠤᠮᠵᠢ ᠵᠢᠴᠢ ᠦᠢᠯᠡᠴᠢᠯᠡᠭᠡᠨ ᠤ ᠴᠢᠳᠠᠪᠤᠷᠢ ᠲᠠᠢ ᠪᠠᠶᠢᠬᠤ ᠬᠡᠷᠡᠭᠲᠡᠢ︔ | ︵ᠭᠤᠷᠪᠠ︶ ᠰᠦᠯᠵᠢᠶᠡᠨ ᠳᠡᠭᠡᠷ᠎ᠡ ᠪᠣᠯᠵᠣᠬᠤ ᠲᠡᠷᠭᠡ ᠡᠵᠡᠩᠨᠡᠬᠦ ᠰᠦᠯᠵᠢᠶᠡᠨ ᠤ ᠦᠢᠯᠡᠴᠢᠯᠡᠭᠡᠨ ᠤ | ᠲᠠᠪᠴᠠᠩ ᠪᠠ ᠥᠷᠨᠢᠭᠦᠯᠬᠦ ᠪᠠᠷ ᠪᠠᠶᠢᠭ᠎ᠠ ᠲᠤᠬᠠᠶᠢᠯᠠᠭᠰᠠᠨ ᠠᠵᠢᠯ ᠯᠤᠭ᠎ᠠ ᠵᠣᠬᠢᠴᠠᠯᠳᠤᠭᠰᠠᠨ ᠮᠡᠳᠡᠭᠡ ᠵᠠᠩᠭᠢ ᠶᠢᠨ | ᠲᠤᠭ᠎ᠠ ᠪᠠᠷᠢᠮᠲᠠ ᠶᠢᠨ ᠰᠣᠯᠢᠯᠴᠠᠭ᠎ᠠ ᠵᠢᠴᠢ ᠰᠢᠢᠳᠪᠦᠷᠢᠯᠡᠬᠦ ᠴᠢᠳᠠᠪᠤᠷᠢ ᠲᠠᠢ ᠪᠠᠶᠢᠵᠤ᠂ ᠵᠠᠮ ᠬᠠᠷᠢᠯᠴᠠᠭ᠎ᠠ᠂ | ᠳᠣᠲᠣᠭᠠᠳᠤ ᠶᠢ ᠬᠠᠮᠠᠭᠠᠯᠠᠬᠤ᠂ ᠭᠠᠶᠢᠯᠢ ᠶᠢᠨ ᠶᠠᠪᠤᠳᠠᠯ᠂ ᠰᠦᠯᠵᠢᠶᠡᠨ ᠤ ᠮᠡᠳᠡᠭᠡ ᠵᠠᠩᠭᠢ᠂ ᠠᠷᠠᠳ ᠤᠨ ᠪᠠᠩᠬᠢ ᠵᠡᠷᠭᠡ | ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠲᠠᠲᠠᠵᠤ ᠯᠠᠪᠯᠠᠬᠤ | ᠬᠠᠮᠢᠶ᠎ᠠ ᠪᠦᠬᠦᠢ ᠰᠦᠯᠵᠢᠶᠡᠨ ᠤ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠩᠭᠠᠬᠤ ᠨᠥᠬᠦᠴᠡᠯ ᠢ ᠪᠦᠷᠢᠳᠦᠭᠦᠯᠵᠦ᠂ | ᠲᠠᠪᠴᠠᠩ ᠤᠨ ᠦᠢᠯᠡᠴᠢᠯᠡᠭᠦᠷ ᠢ ᠳᠤᠮᠳᠠᠳᠤ ᠤᠯᠤᠰ ᠤᠨ ᠳᠣᠲᠣᠷ ᠭᠠᠵᠠᠷ ᠲᠤ ᠪᠠᠶᠢᠷᠢᠯᠠᠭᠤᠯᠵᠤ᠂ ᠲᠣᠭᠲᠠᠭᠠᠯ ᠳᠤ | ᠨᠡᠶᠢᠴᠡᠭᠰᠡᠨ ᠰᠦᠯᠵᠢᠶᠡᠨ ᠤ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ ᠬᠠᠮᠠᠭᠠᠯᠠᠯᠲᠠ ᠶᠢᠨ | ᠮᠡᠷᠭᠡᠵᠢᠯ ᠤᠨ ᠠᠷᠭ᠎ᠠ ᠬᠡᠮᠵᠢᠶ᠎ᠡ ᠲᠠᠢ ᠪᠠᠶᠢᠬᠤ ᠬᠡᠷᠡᠭᠲᠡᠢ︔ | ︵ᠳᠥᠷᠪᠡ︶ ᠡᠯᠧᠺᠲᠷᠣᠨ ᠲᠥᠯᠥᠪᠦᠷᠢ ᠶᠢ ᠬᠡᠷᠡᠭᠯᠡᠬᠦ ᠳᠤ ᠬᠦᠷᠪᠡᠯ᠂ ᠪᠠᠩᠬᠢ᠂ ᠪᠠᠩᠬᠢ ᠶᠢᠨ ᠪᠤᠰᠤ | ᠲᠥᠯᠥᠪᠦᠷᠢ ᠶᠢᠨ ᠪᠠᠶᠢᠭᠤᠯᠤᠮᠵᠢ ᠲᠠᠢ ᠲᠥᠯᠥᠪᠦᠷᠢ ᠶᠢᠨ ᠳ᠋ᠦᠩᠨᠡᠨ ᠪᠤᠳᠤᠬᠤ ᠦᠢᠯᠡᠴᠢᠯᠡᠭᠡ ᠬᠠᠩᠭᠠᠬᠤ ᠬᠡᠯᠡᠯᠴᠡᠭᠡᠷ | ᠲᠣᠭᠲᠠᠭᠰᠠᠨ ᠪᠠᠶᠢᠬᠤ ᠬᠡᠷᠡᠭᠲᠡᠢ︔ | ︵ᠲᠠᠪᠤ︶ ᠪᠦᠷᠢᠨ ᠲᠡᠭᠦᠯᠳᠡᠷ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ | ᠪᠠ ᠦᠢᠯᠡᠴᠢᠯᠡᠭᠡᠨ ᠤ ᠶᠠᠰᠤ ᠴᠢᠨᠠᠷ ᠤᠨ ᠪᠠᠲᠤᠯᠠᠭ᠎ᠠ ᠵᠡᠷᠭᠡ ᠳᠦᠷᠢᠮ ᠲᠠᠢ ᠪᠠᠶᠢᠬᠤ ᠬᠡᠷᠡᠭᠲᠡᠢ︔ | ︵ᠵᠢᠷᠭᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠵᠡᠷᠭᠡ ᠳᠤ ᠲᠣᠭᠲᠠᠭᠠᠭᠰᠠᠨ ᠪᠤᠰᠤᠳ ᠨᠥᠬᠦᠴᠡᠯ ᠤᠳ᠃ | | ᠭᠠᠳᠠᠭᠠᠳᠤ ᠶᠢᠨ ᠬᠤᠳᠠᠯᠳᠤᠭᠠᠴᠢᠨ ᠪᠡᠯᠡ ᠣᠷᠣᠭᠤᠯᠵᠤ ᠰᠦᠯᠵᠢᠶᠡᠨ ᠳᠡᠭᠡᠷ᠎ᠡ ᠪᠣᠯᠵᠣᠬᠤ ᠲᠡᠷᠭᠡ | ᠡᠵᠡᠩᠨᠡᠭᠰᠡᠨ ᠪᠠᠶᠢᠪᠠᠯ᠂ ᠳᠡᠭᠡᠷ᠎ᠡ ᠳᠤᠷᠠᠳᠤᠭᠰᠠᠨ ᠨᠥᠬᠦᠴᠡᠯ ᠳᠤ ᠨᠡᠶᠢᠴᠡᠬᠦ ᠠᠴᠠ ᠭᠠᠳᠠᠨ᠎ᠠ᠂ ᠪᠠᠰᠠ ᠭᠠᠳᠠᠭᠠᠳᠤ ᠶᠢᠨ | ᠬᠤᠳᠠᠯᠳᠤᠭᠠᠴᠢᠨ ᠤ ᠪᠡᠯᠡ ᠣᠷᠣᠭᠤᠯᠤᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ | ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠢ᠃ | ᠳᠣᠯᠣᠳᠤᠭᠠᠷ ᠵᠦᠢᠯ ᠲᠣᠰ ᠬᠤᠲᠠ ᠳᠤ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ | ᠬᠢᠬᠦ ᠪᠠᠷ ᠭᠤᠶᠤᠴᠢᠯᠠᠬᠤ ᠳᠤ᠂ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠲᠤ ᠳᠣᠣᠷᠠᠬᠢ ᠮᠠᠲ᠋ᠧᠷᠢᠶᠠᠯ ᠤᠳ ᠢ ᠲᠤᠰᠢᠶᠠᠬᠤ ᠬᠡᠷᠡᠭᠲᠡᠢ᠄ | ︵ᠨᠢᠭᠡ︶ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠭᠤᠶᠤᠴᠢᠯᠠᠯ ᠤᠨ | ᠬᠦᠰᠦᠨᠦᠭᠲᠦ︔ | ︵ᠬᠤᠶᠠᠷ︶ ᠪᠡᠯᠡ ᠣᠷᠣᠭᠤᠯᠤᠭᠴᠢ᠂ ᠬᠠᠷᠢᠭᠤᠴᠠᠯᠭᠠᠲᠠᠨ ᠤ ᠪᠡᠶ᠎ᠡ ᠶᠢᠨ ᠭᠠᠷᠤᠯ᠂ ᠬᠥᠷᠥᠩᠭᠡ ᠢᠲᠡᠭᠡᠮᠵᠢ ᠶᠢᠨ | ᠭᠡᠷᠡᠴᠢ ᠵᠢᠴᠢ ᠲᠡᠭᠦᠨ ᠤ ᠬᠠᠭᠤᠯᠪᠤᠷᠢ᠂ ᠭᠠᠷᠳᠠᠨ ᠭᠦᠢᠴᠡᠳᠭᠡᠭᠴᠢ ᠶᠢᠨ ᠪᠡᠶ᠎ᠡ ᠶᠢᠨ ᠭᠠᠷᠤᠯ ᠤᠨ ᠭᠡᠷᠡᠴᠢ ᠵᠢᠴᠢ | ᠲᠡᠭᠦᠨ ᠤ ᠬᠠᠭᠤᠯᠪᠤᠷᠢ ᠪᠠ ᠨᠠᠶᠢᠳᠠᠯᠭ᠎ᠠ ᠶᠢᠨ ᠪᠢᠴᠢᠭ︔ | ︵ᠭᠤᠷᠪᠠ︶ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠩᠨᠡᠯᠲᠡ ᠶᠢᠨ ᠪᠠᠲᠤᠯᠠᠪᠤᠷᠢ᠂ ᠰᠠᠯᠪᠤᠷᠢ | ᠪᠠᠶᠢᠭᠤᠯᠤᠮᠵᠢ ᠳᠤ ᠬᠠᠷᠢᠶᠠᠯᠠᠭᠳᠠᠬᠤ ᠳᠤ ᠬᠦᠷᠪᠡᠯ ᠪᠠᠰᠠ ᠰᠠᠯᠪᠤᠷᠢ ᠪᠠᠶᠢᠭᠤᠯᠤᠮᠵᠢ ᠶᠢᠨ ᠡᠵᠡᠩᠨᠡᠯᠲᠡ ᠶᠢᠨ | ᠪᠠᠲᠤᠯᠠᠪᠤᠷᠢ ᠶᠢ ᠲᠤᠰᠢᠶᠠᠬᠤ ᠬᠡᠷᠡᠭᠲᠡᠢ︔ | ︵ᠳᠥᠷᠪᠡ︶ ᠡᠵᠡᠩᠨᠡᠯᠲᠡ ᠦᠢᠯᠡᠴᠢᠯᠡᠭᠡᠨ ᠤ ᠬᠡᠪᠴᠢᠶ᠎ᠡ ᠲᠠᠢ ᠪᠠᠨ ᠵᠣᠬᠢᠴᠠᠭᠰᠠᠨ ᠠᠵᠢᠯᠯᠠᠬᠤ ᠭᠠᠵᠠᠷ᠂ | ᠬᠠᠷᠢᠭᠤᠴᠠᠯᠭᠠᠲᠠᠳ᠂ ᠬᠠᠮᠢᠶᠠᠷᠤᠯᠲᠠ ᠶᠢᠨ ᠠᠵᠢᠯᠲᠠᠳ ︵ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ | ᠪᠠᠶᠢᠭᠤᠯᠤᠮᠵᠢ ᠪᠠᠶᠢᠭᠤᠯᠬᠤ ᠪᠤᠶᠤ ᠠᠶᠤᠯᠭᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠢ ᠲᠤᠰᠢᠶᠠᠯᠲᠤ | ᠠᠵᠢᠯᠲᠠᠨ ᠲᠣᠬᠢᠷᠠᠭᠤᠯᠬᠤ ᠬᠡᠷᠡᠭᠲᠡᠢ︶ ᠵᠡᠷᠭᠡ ᠮᠠᠲ᠋ᠧᠷᠢᠶᠠᠯ︔ | ︵ᠲᠠᠪᠤ︶ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠳᠠᠩᠰᠠᠯᠠᠭᠤᠯᠤᠭᠰᠠᠨ | ᠭᠠᠵᠠᠷ ᠤᠨ ᠮᠤᠵᠢ ᠶᠢᠨ ᠱᠠᠲᠤᠨ ᠤ ᠲᠦᠷᠢᠶᠡᠰᠦᠨ ᠮᠠᠰᠢᠨ ᠲᠡᠷᠭᠡᠨ ᠤ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠠᠴᠠ ᠠᠳᠠᠯᠢ ᠱᠠᠲᠤᠨ ᠤ ᠴᠢᠮᠡᠭᠡ ᠬᠤᠯᠪᠣᠭ᠎ᠠ᠂ ᠳᠣᠲᠣᠭᠠᠳᠤ ᠶᠢ ᠬᠠᠮᠠᠭᠠᠯᠠᠬᠤ᠂ ᠰᠦᠯᠵᠢᠶᠡᠨ ᠤ | ᠮᠡᠳᠡᠭᠡ ᠵᠠᠩᠭᠢ᠂ ᠠᠷᠠᠳ ᠤᠨ ᠪᠠᠩᠬᠢ ᠵᠡᠷᠭᠡ ᠰᠠᠯᠠᠭ᠎ᠠ ᠮᠥᠴᠢᠷ ᠲᠠᠢ ᠵᠥᠪᠳᠡᠯᠴᠡᠵᠦ ᠲᠡᠭᠦᠨ ᠤ ᠰᠦᠯᠵᠢᠶᠡᠨ | ᠳᠡᠭᠡᠷᠡᠬᠢ ᠦᠢᠯᠡᠴᠢᠯᠡᠭᠡᠨ ᠤ ᠴᠢᠳᠠᠪᠤᠷᠢ ᠶᠢ ᠮᠠᠭᠠᠳᠯᠠᠨ ᠲᠣᠭᠲᠠᠭᠠᠭᠰᠠᠨ ᠦᠷ᠎ᠡ ᠳ᠋ᠦᠩ︔ | ︵ᠵᠢᠷᠭᠤᠭ᠎ᠠ︶ ᠡᠵᠡᠩᠨᠡᠯᠲᠡ ᠬᠠᠮᠢᠶᠠᠷᠤᠯᠲᠠ᠂ ᠠᠶᠤᠯᠭᠦᠢ ᠦᠢᠯᠡᠳᠪᠦᠷᠢᠯᠡᠯ᠂ ᠦᠢᠯᠡᠴᠢᠯᠡᠭᠡᠨ ᠤ ᠶᠠᠰᠤ | ᠴᠢᠨᠠᠷ ᠤᠨ ᠪᠠᠲᠤᠯᠠᠭ᠎ᠠ᠂ ᠵᠢᠷᠤᠮ ᠲᠠᠢ ᠡᠵᠡᠩᠨᠡᠬᠦ ᠠᠮᠠᠯᠠᠯᠲᠠ᠂ ᠠᠮᠤᠷ ᠢ ᠬᠠᠮᠠᠭᠠᠯᠠᠬᠤ ᠰᠡᠷᠭᠡᠶᠢᠯᠡᠯᠲᠡ᠂ | ᠵᠠᠭᠠᠯᠳᠤᠯᠭ᠎ᠠ ᠶᠢ ᠰᠢᠢᠳᠪᠦᠷᠢᠯᠡᠬᠦ ᠵᠡᠷᠭᠡ ᠬᠤᠯᠪᠣᠭᠳᠠᠯ ᠪᠦᠬᠦᠢ ᠳᠦᠷᠢᠮ ᠤᠨ ᠪᠢᠴᠢᠭ︔ | ︵ᠲᠤᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠤ ᠬᠠᠩᠭᠠᠬᠤ ᠶᠢ ᠱᠠᠭᠠᠷᠳᠠᠭᠰᠠᠨ ᠪᠤᠰᠤᠳ | ᠮᠠᠲ᠋ᠧᠷᠢᠶᠠᠯ᠃ | ᠨᠠᠢᠮᠠᠳᠤᠭᠠᠷ ᠵᠦᠢᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠡᠵᠡᠩᠨᠡᠯᠲᠡ ᠶᠢᠨ ᠭᠤᠶᠤᠴᠢᠯᠠᠯ ᠳᠠᠬᠢ ᠬᠤᠯᠪᠣᠭᠳᠠᠯ ᠪᠦᠬᠦᠢ ᠰᠦᠯᠵᠢᠶᠡᠨ ᠭᠠᠳᠠᠨᠠᠬᠢ | ᠦᠢᠯᠡᠴᠢᠯᠡᠭᠡᠨ ᠤ ᠴᠢᠳᠠᠪᠤᠷᠢ ᠶᠢᠨ ᠮᠠᠲ᠋ᠧᠷᠢᠶᠠᠯ ᠢ ᠬᠢᠨᠠᠨ ᠬᠠᠷᠭᠤᠭᠤᠯᠵᠤ᠂ ᠬᠦᠯᠢᠶᠡᠨ ᠠᠪᠤᠭᠰᠠᠨ ᠡᠳᠦᠷ ᠠᠴᠠ | ᠡᠬᠢᠯᠡᠨ 20 ᠡᠳᠦᠷ ᠤᠨ ᠳᠣᠲᠣᠷ᠎ᠠ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠪᠤᠶᠤ ᠵᠠᠰᠠᠭ ᠵᠠᠬᠢᠷᠭᠠᠨ ᠤ | ᠵᠥᠪᠰᠢᠶᠡᠷᠡᠯ ᠣᠯᠭᠤᠬᠤ ᠦᠭᠡᠢ ᠰᠢᠢᠳᠪᠦᠷᠢ ᠭᠠᠷᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠰᠢᠢᠳᠪᠦᠷᠢ | ᠭᠠᠷᠭᠠᠭᠰᠠᠨ ᠪᠣᠯ᠂ ᠡᠵᠡᠩᠨᠡᠯᠲᠡ ᠶᠢᠨ ᠬᠦᠷᠢᠶ᠎ᠡ ᠬᠡᠪᠴᠢᠶ᠎ᠡ ᠶᠢ ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ | ᠲᠡᠷᠭᠡᠨ ᠤ ᠠᠶᠠᠨᠴᠢᠳ ᠤᠨ ᠲᠡᠭᠡᠭᠡᠪᠦᠷᠢ᠂ ᠡᠵᠡᠩᠨᠡᠯᠲᠡ ᠶᠢᠨ ᠣᠷᠣᠨ ᠪᠦᠰᠡ ᠶᠢ ᠲᠣᠰ ᠬᠤᠲᠠ ᠶᠢᠨ ᠵᠠᠰᠠᠭ | ᠵᠠᠬᠢᠷᠭᠠᠨ ᠤ ᠣᠷᠣᠨ ᠪᠦᠰᠡ᠂ ᠡᠵᠡᠩᠨᠡᠯᠲᠡ ᠶᠢᠨ ᠬᠤᠭᠤᠴᠠᠭ᠎ᠠ ᠶᠢ 4 ᠵᠢᠯ ᠭᠡᠬᠦ ᠵᠡᠷᠭᠡ ᠪᠠᠷ ᠲᠣᠳᠣᠷᠬᠠᠶᠢᠯᠠᠬᠤ ᠶᠢᠨ | ᠬᠠᠮᠲᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠶᠢᠨ ᠵᠥᠪᠰᠢᠶᠡᠷᠡᠯ ᠤᠨ | ᠦᠨᠡᠮᠯᠡᠯ︾ ᠣᠯᠭᠤᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠪᠣᠯ᠂ ᠭᠤᠶᠤᠴᠢᠯᠠᠭᠴᠢ ᠳᠤ ︽ | ᠵᠠᠰᠠᠭ ᠵᠠᠬᠢᠷᠭᠠᠨ ᠤ ᠵᠥᠪᠰᠢᠶᠡᠷᠡᠯ ᠣᠯᠭᠤᠬᠤ ᠦᠭᠡᠢ ᠰᠢᠢᠳᠪᠦᠷᠢ ᠶᠢᠨ ᠪᠢᠴᠢᠭ︾ ᠭᠠᠷᠭᠠᠵᠤ ᠥᠭᠭᠦᠨ᠎ᠡ᠃ | ᠶᠢᠰᠦᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ︽ᠰᠦᠯᠵᠢᠶᠡᠨ | ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢ ᠣᠯᠬᠤ ᠶᠢᠨ ᠬᠠᠮᠲᠤ | ᠥᠪᠡᠷᠲᠡᠭᠡᠨ ᠵᠠᠰᠠᠬᠤ ᠣᠷᠣᠨ ᠤ ᠴᠢᠮᠡᠭᠡ ᠬᠤᠯᠪᠣᠭ᠎ᠠ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠢᠨᠲ᠋ᠧᠷ | ᠰᠦᠯᠵᠢᠶ᠎ᠡ ᠶᠢᠨ ᠮᠡᠳᠡᠭᠡ ᠵᠠᠩᠭᠢ ᠶᠢᠨ ᠦᠢᠯᠡᠴᠢᠯᠡᠭᠡ ᠶᠢ ᠳᠠᠩᠰᠠᠯᠠᠭᠤᠯᠬᠤ ᠪᠠᠷ ᠭᠤᠶᠤᠴᠢᠯᠠᠭᠰᠠᠨ ᠤ ᠳᠠᠷᠠᠭ᠎ᠠ᠂ ᠰᠠᠶ᠋ᠢ | ᠲᠣᠰ ᠬᠤᠲᠠ ᠳᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠢ ᠥᠷᠨᠢᠭᠦᠯᠵᠦ ᠪᠣᠯᠣᠨ᠎ᠠ᠃ | ᠠᠷᠪᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠡᠵᠡᠩᠨᠡᠯᠲᠡ ᠪᠠᠨ | ᠲᠦᠷ ᠵᠣᠭᠰᠤᠭᠠᠬᠤ ᠪᠤᠶᠤ ᠨᠢᠭᠡᠮᠦᠰᠦᠨ ᠵᠣᠭᠰᠤᠭᠠᠬᠤ ᠳᠤ ᠬᠦᠷᠪᠡᠯ᠂ 30 ᠡᠳᠦᠷ ᠤᠨ ᠡᠮᠦᠨ᠎ᠡ ᠬᠤᠲᠠ ᠶᠢᠨ ᠵᠠᠮ | ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠦᠯᠵᠦ᠂ | ᠬᠤᠯᠪᠣᠭᠳᠠᠯ ᠪᠦᠬᠦᠢ ᠪᠠᠶᠢᠳᠠᠯ ᠢᠶᠠᠨ ᠲᠣᠳᠣᠷᠬᠠᠶᠢᠯᠠᠨ᠂ ᠦᠢᠯᠡᠴᠢᠯᠡᠭᠡ ᠬᠠᠩᠭᠠᠵᠤ ᠪᠠᠶᠢᠭ᠎ᠠ ᠲᠡᠷᠭᠡ ᠬᠥᠰᠬᠡ ᠶᠢᠨ | ᠥᠮᠴᠢᠯᠡᠭᠴᠢ ᠪᠣᠯᠣᠨ ᠵᠢᠯᠣᠭᠤᠴᠢ ᠳᠤ ᠮᠡᠳᠡᠭᠳᠡᠬᠦ ᠶᠢᠨ ᠬᠠᠮᠲᠤ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠢ᠃ | ᠡᠵᠡᠩᠨᠡᠯᠲᠡ ᠪᠠᠨ ᠵᠣᠭᠰᠣᠭᠠᠭᠰᠠᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ︽ᠰᠦᠯᠵᠢᠶᠡᠨ | ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡ ᠡᠵᠡᠩᠨᠡᠬᠦ ᠵᠥᠪᠰᠢᠶᠡᠷᠡᠯ ᠤᠨ ᠦᠨᠡᠮᠯᠡᠯ︾ ᠢᠶᠠᠨ ᠤᠤᠯ ᠤᠨ | ᠵᠥᠪᠰᠢᠶᠡᠷᠡᠭᠰᠡᠨ ᠪᠠᠶᠢᠭᠤᠯᠭ᠎ᠠ ᠳᠤ ᠪᠤᠴᠠᠭᠠᠬᠤ ᠬᠡᠷᠡᠭᠲᠡᠢ᠃ | ᠡᠵᠡᠩᠨᠡᠯᠲᠡ ᠶᠢᠨ ᠬᠤᠭᠤᠴᠠᠭ᠎ᠠ ᠳᠦᠭᠦᠷᠬᠦ ᠠᠴᠠ 30 ᠡᠳᠦᠷ ᠤᠨ ᠡᠮᠦᠨ᠎ᠡ᠂ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ ᠨᠢ ᠬᠤᠳᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠲᠤ ᠦᠷᠭᠦᠯᠵᠢᠯᠡᠭᠦᠯᠬᠦ ᠪᠠᠷ ᠭᠤᠶᠤᠴᠢᠯᠠᠵᠤ ᠪᠣᠯᠣᠨ᠎ᠠ᠂ ᠬᠤᠳᠠ ᠶᠢᠨ ᠵᠠᠮ ᠬᠠᠷᠢᠯᠴᠠᠭ᠎ᠠ | ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠦᠴᠦᠨ ᠲᠠᠢ ᠬᠤᠭᠤᠴᠠᠭ᠎ᠠ ᠳᠦᠭᠦᠷᠬᠦ ᠠᠴᠠ | ᠡᠮᠦᠨ᠎ᠡ ᠦᠷᠭᠦᠯᠵᠢᠯᠡᠭᠦᠯᠬᠦ ᠶᠢ ᠵᠥᠪᠰᠢᠶᠡᠷᠡᠬᠦ ᠡᠰᠡᠬᠦ ᠲᠤᠬᠠᠢ ᠲᠣᠭᠲᠠᠭᠠᠯ ᠭᠠᠷᠭᠠᠬᠤ ᠬᠡᠷᠡᠭᠲᠡᠢ᠃ | ᠭᠤᠷᠪᠠᠳᠤᠭᠠᠷ ᠪᠦᠯᠦᠭ ᠰᠦᠯᠵᠢᠶᠡᠨ ᠳᠡᠭᠡᠷ᠎ᠡ ᠪᠣᠯᠵᠣᠬᠤ ᠲᠡᠷᠭᠡ ᠪᠠ ᠵᠢᠯᠣᠭᠤᠴᠢ | ᠠᠷᠪᠠᠨ ᠨᠢᠭᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠶᠢᠨ ᠲᠡᠷᠭᠡ ᠨᠢ | ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠮᠠᠰᠢᠨ ᠲᠡᠷᠭᠡ ᠨᠢ ᠲᠣᠰ ᠬᠤᠲᠠ ᠶᠢᠨ ᠲᠡᠷᠭᠡᠨ ᠫᠠᠶᠢᠰᠠ ᠲᠠᠢ ᠪᠠᠶᠢᠬᠤ ᠬᠡᠷᠡᠭᠲᠡᠢ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠮᠠᠰᠢᠨ ᠲᠡᠷᠭᠡ ᠶᠢᠨ | ᠬᠡᠷᠡᠭᠯᠡᠯᠲᠡ ᠶᠢᠨ ᠰᠢᠨᠵᠢ ᠴᠢᠨᠠᠷ ᠢ ᠪᠣᠯᠵᠣᠵᠤ ᠲᠦᠷᠢᠶᠡᠰᠦᠯᠡᠭᠦᠯᠬᠦ ᠠᠶᠠᠨᠴᠢᠳ ᠤᠨ ᠲᠡᠭᠡᠭᠡᠪᠦᠷᠢ ᠪᠠᠷ ᠲᠡᠮᠳᠡᠭᠯᠡᠭᠰᠡᠨ | ᠪᠠᠶᠢᠬᠤ ᠬᠡᠷᠡᠭᠲᠡᠢ︔ | ︵ᠬᠤᠶᠠᠷ︶ 7 ᠰᠠᠭᠤᠳᠠᠯ ᠵᠢᠴᠢ ᠲᠡᠭᠦᠨ ᠠᠴᠠ ᠳᠣᠷᠣᠭᠰᠢᠬᠢ ᠰᠠᠭᠤᠳᠠᠯ ᠲᠠᠢ ᠮᠠᠰᠢᠨ ᠲᠡᠷᠭᠡ᠂ ᠮᠠᠰᠢᠨ | ᠲᠡᠷᠭᠡ ᠶᠢᠨ ᠳᠠᠩᠰᠠᠯᠠᠭᠤᠯᠤᠭᠰᠠᠨ ᠡᠳᠦᠷ ᠬᠤᠭᠤᠴᠠᠭ᠎ᠠ ᠨᠢ 3 ᠵᠢᠯ ᠠᠴᠠ ᠬᠡᠲᠦᠷᠡᠭᠰᠡᠨ ᠦᠭᠡᠢ ᠪᠠᠶᠢᠬᠤ ᠬᠡᠷᠡᠭᠲᠡᠢ︔ | | ︵ᠭᠤᠷᠪᠠ︶ ᠲᠣᠭᠲᠠᠮᠠᠯ ᠪᠥᠭᠡᠳ ᠤᠯᠤᠰ᠂ ᠥᠪᠡᠷᠲᠡᠭᠡᠨ ᠵᠠᠰᠠᠬᠤ ᠣᠷᠣᠨ᠂ ᠲᠤᠰ ᠬᠤᠳᠠ ᠶᠢᠨ | ᠮᠡᠷᠭᠡᠵᠢᠯ ᠤᠨ ᠪᠠᠷᠢᠮᠵᠢᠶ᠎ᠠ ᠳᠤ ᠨᠡᠶᠢᠴᠡᠭᠰᠡᠨ᠂ ᠠᠶᠠᠯᠠᠯ ᠢ ᠲᠡᠮᠳᠡᠭᠯᠡᠬᠦ ᠴᠢᠳᠠᠪᠤᠷᠢ ᠲᠠᠢ ᠮᠠᠰᠢᠨ ᠲᠡᠷᠭᠡᠨ ᠤ ᠳᠠᠭᠠᠭᠤᠯᠢ | ᠤᠳᠤᠨ ᠤ ᠣᠷᠣᠨ ᠪᠠᠶᠢᠷᠢ ᠲᠣᠭᠲᠠᠭᠠᠬᠤ ᠲᠣᠨᠣᠭᠯᠠᠯ᠂ ᠪᠠᠴᠢᠮ ᠪᠠᠶᠢᠳᠠᠯ ᠳᠤ ᠬᠡᠷᠡᠭ ᠮᠡᠳᠡᠭᠦᠯᠬᠦ ᠲᠣᠨᠣᠭᠯᠠᠯ | ᠤᠭᠰᠠᠷᠠᠭᠰᠠᠨ ᠪᠠᠶᠢᠬᠤ ᠬᠡᠷᠡᠭᠲᠡᠢ︔ | ︵ᠳᠥᠷᠪᠡ︶ ᠮᠠᠰᠢᠨ ᠲᠡᠷᠭᠡ ᠨᠢ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠲᠡᠭᠡᠭᠡᠪᠦᠷᠢ | ᠡᠵᠡᠩᠨᠡᠯᠲᠡ ᠶᠢᠨ ᠠᠶᠠᠨᠴᠢᠳ ᠤᠨ ᠮᠠᠰᠢᠨ ᠲᠡᠷᠭᠡᠨ ᠤ ᠠᠶᠤᠯᠭᠦᠢ ᠶᠢᠨ ᠮᠡᠷᠭᠡᠵᠢᠯ ᠤᠨ ᠰᠢᠯᠭᠠᠨ ᠪᠠᠶᠢᠴᠠᠭᠠᠯᠲᠠ ᠶᠢ | ᠥᠩᠭᠡᠷᠡᠭᠡᠵᠦ᠂ ᠮᠠᠰᠢᠨ ᠲᠡᠷᠭᠡᠨ ᠤ ᠶᠡᠷᠦᠩᠬᠡᠶᠢᠯᠡᠭᠰᠡᠨ ᠴᠢᠨᠠᠷᠲᠠᠢ ᠰᠢᠨᠵᠢ ᠴᠢᠳᠠᠪᠤᠷᠢ ᠶᠢᠨ ᠦᠨᠡᠯᠡᠯᠲᠡ ᠨᠢ | ᠬᠤᠶᠠᠳᠤᠭᠠᠷ ᠳᠡᠰ ᠠᠴᠠ ᠳᠡᠭᠡᠭᠰᠢ ᠪᠠᠶᠢᠬᠤ ᠬᠡᠷᠡᠭᠲᠡᠢ︔ | ︵ᠲᠠᠪᠤ︶ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠲᠡᠩᠭᠡᠯᠢᠭ ᠤᠨ ᠵᠠᠢ ᠨᠢ 2700 ᠮᠢᠯᠢᠮᠧᠲᠷ ᠠᠴᠠ ᠶᠡᠭᠡ᠂ | ᠦᠷᠭᠦᠯᠵᠢᠯᠡᠨ ᠠᠶᠠᠯᠠᠬᠤ ᠵᠠᠮ ᠤᠨ ᠣᠷᠳᠣ ᠨᠢ 400 ᠺᠢᠯᠣᠮᠧᠲᠷ ᠠᠴᠠ ᠬᠤᠯᠠ ᠪᠥᠭᠡᠳ ᠤᠯᠤᠰ ᠤᠨ ᠰᠢᠨ᠎ᠡ | ᠡᠨᠧᠷᠭᠢ ᠶᠢᠨ ᠮᠠᠰᠢᠨ ᠲᠡᠷᠭᠡᠨ ᠤ ᠭᠠᠷᠴᠠᠭ ᠲᠤ ᠣᠷᠣᠭᠰᠠᠨ ᠪᠠᠶᠢᠬᠤ︔ ᠪᠤᠰᠤᠳ ᠮᠠᠰᠢᠨ ᠲᠡᠷᠭᠡ ᠬᠤᠳᠠᠯᠳᠤᠨ | ᠠᠪᠤᠭᠰᠠᠨ ᠭᠠᠶᠢᠯᠢ ᠶᠢᠨ ᠭᠠᠶᠢᠯᠢ ᠪᠤᠳᠤᠬᠤ ᠦᠨ᠎ᠡ ᠨᠢ ᠠᠷᠠᠳ ᠤᠨ ᠵᠣᠭᠤᠰ ᠢᠶᠠᠷ 12 ᠲᠦᠮᠡᠨ ᠲᠥᠭᠦᠷᠢᠭ ᠠᠴᠠ | ᠳᠣᠣᠷ᠎ᠠ ᠪᠠᠶᠢᠵᠤ ᠪᠣᠯᠬᠤ ᠦᠭᠡᠢ᠂ 7 ᠰᠠᠭᠤᠳᠠᠯ ᠲᠠᠢ ᠮᠠᠰᠢᠨ ᠲᠡᠷᠭᠡ ᠬᠤᠳᠠᠯᠳᠤᠨ ᠠᠪᠤᠭᠰᠠᠨ ᠭᠠᠶᠢᠯᠢ ᠶᠢᠨ ᠭᠠᠶᠢᠯᠢ | ᠪᠤᠳᠤᠬᠤ ᠦᠨ᠎ᠡ ᠨᠢ ᠠᠷᠠᠳ ᠤᠨ ᠵᠣᠭᠤᠰ ᠢᠶᠠᠷ 18 ᠲᠦᠮᠡᠨ ᠲᠥᠭᠦᠷᠢᠭ ᠠᠴᠠ ᠳᠣᠣᠷ᠎ᠠ ᠪᠠᠶᠢᠵᠤ ᠪᠣᠯᠬᠤ ᠦᠭᠡᠢ︔ | | ︵ᠵᠢᠷᠭᠤᠭ᠎ᠠ︶ ᠮᠠᠰᠢᠨ ᠲᠡᠷᠭᠡ ᠨᠢ ᠳᠠᠭᠠᠭᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢᠨ ᠳᠠᠭᠠᠳᠬᠠᠯ᠂ | ᠭᠤᠷᠪᠠᠳᠠᠭᠢ ᠡᠲᠡᠭᠡᠳ ᠤᠨ ᠬᠠᠷᠢᠭᠤᠴᠠᠯᠭ᠎ᠠ ᠶᠢᠨ ᠳᠠᠭᠠᠳᠬᠠᠯ᠂ ᠠᠶᠠᠨᠴᠢᠳ ᠤᠨ ᠰᠠᠨᠠᠭᠠᠨ ᠳᠤ ᠦᠭᠡᠢ ᠭᠡᠮᠲᠦᠯ ᠤᠨ | ᠳᠠᠭᠠᠳᠬᠠᠯ ᠵᠡᠷᠭᠡ ᠳᠠᠭᠠᠳᠬᠠᠯ ᠠᠪᠤᠭᠰᠠᠨ ᠪᠠᠶᠢᠬᠤ ᠬᠡᠷᠡᠭᠲᠡᠢ︔ | ︵ᠲᠤᠯᠤᠭ᠎ᠠ︶ ᠳᠤᠰ ᠬᠤᠳᠠ ᠶᠢᠨ ᠱᠠᠭᠠᠷᠳᠠᠭᠰᠠᠨ ᠮᠠᠰᠢᠨ ᠲᠡᠷᠭᠡᠨ ᠤ ᠭᠠᠳᠠᠭᠰᠢᠯᠠᠭᠤᠯᠤᠯᠲᠠ ᠶᠢᠨ | ᠪᠠᠷᠢᠮᠵᠢᠶ᠎ᠠ ᠳᠤ ᠬᠦᠷᠦᠭᠰᠡᠨ ᠪᠠᠶᠢᠬᠤ ᠬᠡᠷᠡᠭᠲᠡᠢ︔ | ︵ᠨᠠᠢᠮᠠ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ᠃ | ᠠᠷᠪᠠᠨ ᠬᠤᠶᠠᠳᠤᠭᠠᠷ ᠵᠦᠢᠯ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠲᠡᠭᠡᠭᠡᠪᠦᠷᠢ ᠶᠢᠨ ᠦᠨᠡᠮᠯᠡᠯ︾ ᠢ ᠭᠤᠶᠤᠴᠢᠯᠠᠬᠤ ᠳᠤ᠂ ᠲᠣᠰ ᠬᠤᠲᠠ ᠳᠤ ᠡᠵᠡᠩᠨᠡᠬᠦ ᠶᠢ ᠨᠢᠭᠡᠨᠲᠡ ᠵᠥᠪᠰᠢᠶᠡᠷᠡᠭᠰᠡᠨ | ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠠᠷᠪᠠᠨ ᠨᠢᠭᠡᠳᠦᠭᠡᠷ ᠵᠦᠢᠯ ᠳᠤ | ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠮᠠᠰᠢᠨ ᠲᠡᠷᠭᠡ ᠶᠢᠨ ᠥᠮᠴᠢᠯᠡᠭᠴᠢ ᠶᠢᠨ ᠨᠠᠶᠢᠳᠠᠯᠭ᠎ᠠ ᠶᠢᠨ ᠪᠢᠴᠢᠭ | ᠪᠤᠶᠤ ᠬᠠᠮᠲᠤᠷᠠᠯᠴᠠᠬᠤ ᠰᠠᠨᠠᠮᠵᠢ ᠶᠢᠨ ᠪᠢᠴᠢᠭ ᠢ ᠠᠪᠴᠤ ᠭᠦᠢᠴᠡᠳᠬᠡᠨ᠎ᠡ︔ ᠡᠰᠡᠬᠦᠯ᠎ᠡ ᠲᠡᠷᠭᠡᠨ ᠤ ᠡᠵᠡᠨ | ᠥᠪᠡᠷ ᠢᠶᠠᠨ ᠠᠷᠪᠠᠨ ᠨᠢᠭᠡᠳᠦᠭᠡᠷ ᠵᠦᠢᠯ ᠳᠤ ᠲᠣᠭᠲᠠᠭᠠᠭᠰᠠᠨ ᠭᠡᠷᠡᠴᠢᠯᠡᠬᠦ ᠮᠠᠲ᠋ᠧᠷᠢᠶᠠᠯ ᠵᠢᠴᠢ ᠲᠠᠪᠴᠠᠩ ᠤᠨ ᠠᠵᠤ | ᠠᠬᠤᠶᠢᠯᠠᠯ ᠯᠤᠭ᠎ᠠ ᠬᠠᠮᠲᠤᠷᠠᠯᠴᠠᠬᠤ ᠰᠠᠨᠠᠮᠵᠢ ᠶᠢᠨ ᠪᠢᠴᠢᠭ ᠢᠶᠠᠨ ᠠᠪᠴᠤ ᠥᠪᠡᠷ ᠢᠶᠠᠨ ᠭᠦᠢᠴᠡᠳᠬᠡᠨ᠎ᠡ᠃ | ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠨᠠᠯᠲᠠ ᠪᠠᠷ ᠳᠡᠮᠵᠢᠨ᠂ | ᠨᠥᠬᠦᠴᠡᠯ ᠳᠤ ᠨᠡᠶᠢᠴᠡᠬᠦ ᠮᠠᠰᠢᠨ ᠲᠡᠷᠭᠡ ᠳᠤ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ | ᠲᠡᠭᠡᠭᠡᠪᠦᠷᠢ ᠶᠢᠨ ᠦᠨᠡᠮᠯᠡᠯ︾ ᠣᠯᠭᠤᠨ᠎ᠠ᠃ | ᠠᠷᠪᠠᠨ ᠭᠤᠷᠪᠠᠳᠤᠭᠠᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠠᠶᠠᠯᠠᠭᠰᠠᠨ ᠵᠠᠮ ᠤᠨ ᠣᠷᠳᠣ | ᠨᠢ 60 ᠲᠦᠮᠡᠨ ᠺᠢᠯᠣᠮᠧᠲᠷ ᠬᠦᠷᠬᠦ ᠦᠶ᠎ᠡ ᠳᠤ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠨ᠎ᠠ᠃ ᠠᠶᠠᠯᠠᠭᠰᠠᠨ | ᠵᠠᠮ ᠤᠨ ᠣᠷᠳᠣ ᠨᠢ 60 ᠲᠦᠮᠡᠨ ᠺᠢᠯᠣᠮᠧᠲᠷ ᠲᠤ ᠭᠦᠷᠦᠭᠰᠡᠨ ᠦᠭᠡᠢ ᠪᠣᠯᠪᠠᠴᠤ ᠬᠡᠷᠡᠭᠯᠡᠭᠰᠡᠨ ᠵᠢᠯ ᠬᠤᠭᠤᠴᠠᠭ᠎ᠠ | ᠨᠢ 8 ᠵᠢᠯ ᠪᠣᠯᠬᠤ ᠦᠶ᠎ᠡ ᠳᠤ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠪᠤᠴᠠᠭᠠᠨ | ᠭᠠᠷᠭᠠᠨ᠎ᠠ᠃ | ᠵᠢᠵᠢᠭ ᠪᠢᠴᠢᠯ ᠬᠡᠯᠪᠡᠷᠢ ᠶᠢᠨ ᠡᠵᠡᠩᠨᠡᠯᠲᠡ ᠶᠢᠨ ᠪᠤᠰᠤ ᠠᠶᠠᠨᠴᠢᠳ ᠤᠨ ᠮᠠᠰᠢᠨ ᠲᠡᠷᠭᠡ ᠶᠢ ᠤᠷᠢᠳᠴᠢᠯᠠᠨ | ᠪᠣᠯᠵᠣᠬᠤ ᠲᠦᠷᠢᠶᠡᠰᠦᠨ ᠤ ᠠᠶᠠᠨᠴᠢᠳ ᠤᠨ ᠲᠡᠭᠡᠭᠡᠪᠦᠷᠢ ᠪᠠᠷ ᠳᠠᠩᠰᠠᠯᠠᠭᠤᠯᠤᠭᠰᠠᠨ ᠪᠣᠯ᠂ ᠰᠦᠯᠵᠢᠶᠡᠨ ᠳᠡᠭᠡᠷ᠎ᠡ | ᠪᠣᠯᠵᠣᠬᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠶᠣᠰᠣᠭᠠᠷ ᠬᠡᠷᠡᠭᠯᠡᠭᠡᠨ ᠠᠴᠠ ᠭᠠᠷᠭᠠᠨ᠎ᠠ᠃ | ᠪᠤᠰᠤᠳ ᠵᠢᠵᠢᠭ ᠪᠢᠴᠢᠯ ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢ ᠤᠷᠢᠳᠴᠢᠯᠠᠨ | ᠪᠣᠯᠵᠣᠬᠤ ᠲᠦᠷᠢᠶᠡᠰᠦᠨ ᠤ ᠠᠶᠠᠨᠴᠢᠳ ᠤᠨ ᠲᠡᠭᠡᠭᠡᠪᠦᠷᠢ ᠪᠠᠷ ᠳᠠᠩᠰᠠᠯᠠᠭᠤᠯᠤᠭᠰᠠᠨ ᠪᠣᠯ᠂ ᠲᠣᠰ ᠲᠥᠷᠥᠯ | ᠬᠡᠯᠪᠡᠷᠢ ᠶᠢᠨ ᠠᠶᠠᠨᠴᠢᠳ ᠤᠨ ᠲᠡᠭᠡᠭᠡᠪᠦᠷᠢ ᠶᠢᠨ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠪᠠ | ᠰᠦᠯᠵᠢᠶᠡᠨ ᠳᠡᠭᠡᠷ᠎ᠡ ᠪᠣᠯᠵᠣᠬᠤ ᠮᠠᠰᠢᠨ ᠲᠡᠷᠭᠡ ᠶᠢ ᠬᠡᠷᠡᠭᠯᠡᠭᠡᠨ ᠠᠴᠠ ᠭᠠᠷᠭᠠᠬᠤ ᠪᠠᠷᠢᠮᠵᠢᠶ᠎ᠠ ᠳᠤ ᠤᠷᠢᠳᠠᠪᠠᠷ | ᠭᠦᠷᠦᠭᠰᠡᠨ ᠪᠠᠷᠢᠮᠵᠢᠶ᠎ᠠ ᠪᠠᠷ ᠬᠡᠷᠡᠭᠯᠡᠭᠡᠨ ᠠᠴᠠ ᠭᠠᠷᠭᠠᠨ᠎ᠠ᠃ | ᠠᠷᠪᠠᠨ ᠳᠥᠷᠪᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠲᠡᠭᠦᠨ ᠤ ︽ᠰᠦᠯᠵᠢᠶᠡᠨ | ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠬᠦᠴᠦᠨ ᠲᠠᠢ | ᠬᠤᠭᠤᠴᠠᠭ᠎ᠠ ᠳᠦᠭᠦᠷᠬᠦ ᠠᠴᠠ ᠡᠮᠦᠨ᠎ᠡ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ ᠭᠠᠷᠤᠭᠰᠠᠨ | ᠪᠤᠶᠤ ᠬᠦᠴᠦᠨ ᠲᠠᠢ ᠬᠤᠭᠤᠴᠠᠭ᠎ᠠ ᠳᠦᠭᠦᠷᠦᠭᠡᠳ ᠦᠷᠭᠦᠯᠵᠢᠯᠡᠭᠦᠯᠵᠦ ᠳᠡᠶᠢᠯᠦᠭᠰᠡᠨ ᠦᠭᠡᠢ ᠪᠤᠶᠤ ᠠᠶᠠᠯᠠᠭᠰᠠᠨ | ᠵᠠᠮ ᠤᠨ ᠣᠷᠳᠣ ᠨᠢ ᠠᠯᠪᠠᠳᠠᠯᠭ᠎ᠠ ᠪᠠᠷ ᠬᠡᠷᠡᠭᠯᠡᠭᠡᠨ ᠠᠴᠠ ᠭᠠᠷᠭᠠᠬᠤ ᠨᠥᠬᠦᠴᠡᠯ ᠳᠤ ᠬᠦᠷᠦᠭᠰᠡᠨ ᠪᠠᠶᠢᠪᠠᠯ᠂ | ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ︽ᠰᠦᠯᠵᠢᠶᠡᠨ ᠳᠡᠭᠡᠷ᠎ᠡ | ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠢ ᠬᠦᠴᠦᠨ ᠦᠭᠡᠢ ᠪᠣᠯᠭᠠᠨ᠎ᠠ᠃ | ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ | ᠬᠦᠴᠦᠨ ᠲᠠᠢ ᠬᠤᠭᠤᠴᠠᠭ᠎ᠠ ᠨᠢ ᠳᠦᠭᠦᠷᠦᠭᠰᠡᠨ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠤᠯᠤᠰ᠂ ᠥᠪᠡᠷᠲᠡᠭᠡᠨ | ᠵᠠᠰᠠᠬᠤ ᠣᠷᠣᠨ ᠵᠢᠴᠢ ᠮᠠᠨ ᠤ ᠬᠤᠲᠠ ᠶᠢᠨ ᠬᠤᠯᠪᠣᠭᠳᠠᠯ ᠪᠦᠬᠦᠢ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠡᠵᠡᠩᠨᠡᠯᠲᠡ ᠶᠢᠨ ᠨᠥᠬᠦᠴᠡᠯ ᠳᠤ ᠨᠡᠶᠢᠴᠡᠬᠦ ᠦᠭᠡᠢ ᠪᠠᠶᠢᠪᠠᠯ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ | ᠡᠵᠡᠩᠨᠡᠯᠲᠡ ᠠᠴᠠ ᠪᠤᠴᠠᠭᠠᠨ ᠭᠠᠷᠭᠠᠨ᠎ᠠ᠃ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠡᠵᠡᠩᠨᠡᠯᠲᠡ ᠠᠴᠠ | ᠭᠠᠷᠤᠭᠰᠠᠨ ᠪᠠᠶᠢᠪᠠᠯ᠂ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ | ᠦᠨᠡᠮᠯᠡᠯ︾ ᠢ ᠬᠦᠴᠦᠨ ᠦᠭᠡᠢ ᠪᠣᠯᠭᠠᠭᠰᠠᠨ ᠭᠡᠷᠡᠴᠢ ᠪᠠᠨ ᠠᠪᠴᠤ ᠬᠤᠲᠠ ᠶᠢᠨ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠬᠦᠷᠴᠦ ᠬᠡᠷᠡᠭᠯᠡᠭᠡᠨ ᠤ ᠰᠢᠨᠵᠢ | ᠴᠢᠨᠠᠷ ᠤᠨ ᠬᠤᠪᠢᠷᠠᠯᠲᠠ ᠶᠢᠨ ᠳᠠᠩᠰᠠᠯᠠᠯᠲᠠ ᠬᠢᠯᠭᠡᠨ᠎ᠡ᠃ | ᠠᠷᠪᠠᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡ ᠡᠷᠬᠢᠯᠡᠵᠦ ᠪᠠᠶᠢᠭ᠎ᠠ | ᠵᠢᠯᠣᠭᠤᠴᠢ ᠳᠣᠣᠷᠠᠬᠢ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠄ | ︵ᠨᠢᠭᠡ︶ ᠲᠣᠰ ᠬᠤᠲᠠ ᠶᠢᠨ ᠡᠷᠦᠬᠡ ᠠᠮᠠ ᠶᠢᠨ ᠲᠠᠩᠰᠠ ᠲᠠᠢ ᠪᠤᠶᠤ ᠲᠣᠰ ᠬᠤᠲᠠ ᠶᠢᠨ ᠬᠦᠴᠦᠨ | ᠪᠦᠬᠦᠢ ︽ᠣᠷᠣᠰᠢᠨ ᠰᠠᠭᠤᠬᠤ ᠦᠨᠡᠮᠯᠡᠯ︾ ᠲᠠᠢ ᠪᠠᠶᠢᠬᠤ ᠬᠡᠷᠡᠭᠲᠡᠢ︔ | ︵ᠬᠤᠶᠠᠷ︶ ᠬᠠᠷᠠᠭᠠᠯᠵᠠᠭᠰᠠᠨ ᠵᠢᠯᠤᠭᠤᠳᠴᠤ ᠪᠣᠯᠬᠤ ᠬᠡᠯᠪᠡᠷᠢ ᠶᠢᠨ ᠮᠠᠰᠢᠨᠲᠤ ᠲᠡᠷᠭᠡ ᠵᠢᠯᠤᠭᠤᠳᠬᠤ | ᠦᠨᠡᠮᠯᠡᠯ ᠢ ᠣᠯᠣᠭᠰᠠᠨ ᠪᠥᠭᠡᠳ 3 ᠵᠢᠯ ᠠᠴᠠ ᠳᠡᠭᠡᠭᠰᠢ ᠲᠡᠷᠭᠡ ᠵᠢᠯᠣᠭᠤᠳᠤᠭᠰᠠᠨ ᠥᠩᠭᠡᠷᠡᠯᠲᠡ ᠲᠠᠢ ᠪᠠᠶᠢᠬᠤ | ᠬᠡᠷᠡᠭᠲᠡᠢ︔ | ︵ᠭᠤᠷᠪᠠ︶ ᠵᠠᠮ ᠬᠠᠷᠢᠯᠴᠠᠭᠠᠨ ᠤ ᠭᠡᠨᠡᠳᠡᠯ ᠭᠠᠷᠭᠠᠭᠰᠠᠨ ᠶᠠᠯ᠎ᠠ᠂ ᠠᠶᠤᠯᠲᠠᠢ ᠪᠠᠷ ᠲᠡᠷᠭᠡ ᠵᠢᠯᠣᠭᠤᠳᠤᠭᠰᠠᠨ | ᠶᠠᠯ᠎ᠠ ᠶᠢᠨ ᠲᠡᠮᠳᠡᠭᠯᠡᠯ ᠦᠭᠡᠢ᠂ ᠬᠤᠣᠷ ᠲᠠᠲᠠᠭᠰᠠᠨ ᠲᠡᠮᠳᠡᠭᠯᠡᠯ ᠦᠭᠡᠢ᠂ ᠠᠷᠢᠬᠢ ᠤᠤᠭᠤᠭᠰᠠᠨ ᠤ ᠳᠠᠷᠠᠭ᠎ᠠ ᠲᠡᠷᠭᠡ | ᠵᠢᠯᠣᠭᠤᠳᠤᠭᠰᠠᠨ ᠲᠡᠮᠳᠡᠭᠯᠡᠯ ᠦᠭᠡᠢ᠂ ᠣᠶᠢᠷ᠎ᠠ ᠳᠤ ᠵᠠᠯᠭᠠᠭ᠎ᠠ ᠪᠠᠷ 3 ᠬᠤᠪᠢ ᠲᠡᠮᠳᠡᠭᠯᠡᠬᠦ ᠦᠶᠡᠯᠡᠯ ᠤᠨ | ᠬᠤᠭᠤᠴᠠᠭᠠᠨ ᠳᠤ 12 ᠬᠤᠪᠢ ᠶᠢᠨ ᠲᠡᠮᠳᠡᠭᠯᠡᠯ ᠢ ᠳᠦᠭᠦᠷᠲᠡᠯ᠎ᠡ ᠲᠡᠮᠳᠡᠭᠯᠡᠭᠦᠯᠦᠭᠰᠡᠨ ᠦᠭᠡᠢ ᠪᠠᠶᠢᠬᠤ ᠬᠡᠷᠡᠭᠲᠡᠢ︔ | ︵ᠳᠥᠷᠪᠡ︶ ᠬᠦᠴᠦᠷᠬᠡᠭᠯᠡᠯ ᠤᠨ ᠶᠠᠯ᠎ᠠ ᠬᠢᠭᠰᠡᠨ ᠲᠡᠮᠳᠡᠭᠯᠡᠯ ᠦᠭᠡᠢ ᠪᠠᠶᠢᠬᠤ ᠬᠡᠷᠡᠭᠲᠡᠢ︔ | ︵ᠲᠠᠪᠤ︶ ᠪᠡᠶ᠎ᠡ ᠮᠠᠬᠠᠪᠤᠳ ᠡᠷᠡᠭᠦᠯ ᠴᠢᠭᠢᠷᠠᠭ ᠪᠠᠶᠢᠵᠤ᠂ ︽ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠦᠨᠡᠮᠯᠡᠯ︾ ᠣᠯᠣᠭᠰᠠᠨ ᠪᠠᠶᠢᠪᠠᠯ᠂ ᠨᠠᠰᠤ ᠵᠢᠯ ᠤᠨ ᠨᠥᠬᠦᠴᠡᠯ ᠢ ︽ᠬᠥᠬᠡᠬᠤᠲᠠ ᠶᠢᠨ | ᠠᠶᠠᠨᠴᠢᠳ ᠤᠨ ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠳᠦᠷᠢᠮ︾ ᠤᠨ | ᠲᠣᠭᠲᠠᠭᠠᠯ ᠢᠶᠠᠷ ᠯᠠᠪᠯᠠᠯᠲᠠ ᠪᠣᠯᠭᠠᠵᠤ ᠬᠡᠷᠡᠭᠵᠢᠭᠦᠯᠦᠨ᠎ᠡ︔ | ︵ᠵᠢᠷᠭᠤᠭ᠎ᠠ︶ ᠠᠵᠢᠯ ᠡᠷᠬᠢᠯᠡᠬᠦ ᠬᠢᠷᠢ ᠬᠡᠮ ᠤᠨ ᠦᠨᠡᠮᠯᠡᠯ ᠢ ᠬᠤᠷᠢᠶᠠᠨ ᠠᠪᠴᠤ ᠬᠦᠴᠦᠨ ᠦᠭᠡᠢ | ᠪᠣᠯᠭᠠᠭᠰᠠᠨ ᠲᠡᠮᠳᠡᠭᠯᠡᠯ ᠦᠭᠡᠢ ᠪᠠᠶᠢᠬᠤ ᠬᠡᠷᠡᠭᠲᠡᠢ︔ | ︵ᠳᠣᠯᠤᠭ᠎ᠠ︶ ᠬᠠᠤᠯᠢ ᠴᠠᠭᠠᠵᠠ ᠬᠠᠤᠯᠢ ᠲᠣᠭᠲᠠᠭᠠᠯ ᠳᠦᠷᠢᠮ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠳ᠃ | ᠠᠷᠪᠠᠨ ᠵᠢᠷᠭᠤᠳᠤᠭᠠᠷ ᠵᠦᠢᠯ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ ᠡᠷᠬᠢᠯᠡᠬᠦ ᠬᠢᠷᠢ | ᠬᠡᠮ ᠤᠨ ᠦᠨᠡᠮᠯᠡᠯ︾ ᠢ ᠭᠤᠶᠤᠴᠢᠯᠠᠪᠠᠯ᠂ ᠲᠤᠰ ᠬᠤᠲᠠ ᠳᠤ ᠡᠵᠡᠩᠨᠡᠬᠦ ᠪᠠᠷ ᠨᠢᠭᠡᠨᠲᠡ ᠵᠥᠪᠰᠢᠶᠡᠷᠡᠭᠰᠡᠨ ᠰᠦᠯᠵᠢᠶᠡᠨ | ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠠᠷᠪᠠᠨ ᠲᠠᠪᠤᠳᠤᠭᠠᠷ ᠵᠦᠢᠯ ᠳᠤ ᠲᠣᠭᠲᠠᠭᠠᠭᠰᠠᠨ ᠭᠡᠷᠡᠴᠢ | ᠮᠠᠲ᠋ᠧᠷᠢᠶᠠᠯ ᠵᠢᠴᠢ ᠵᠢᠯᠣᠭᠤᠴᠢ ᠶᠢᠨ ᠨᠠᠶᠢᠳᠠᠯᠭ᠎ᠠ ᠶᠢᠨ ᠪᠢᠴᠢᠭ ᠪᠤᠶᠤ ᠬᠠᠮᠲᠤᠷᠠᠯᠴᠠᠬᠤ ᠰᠠᠨᠠᠮᠵᠢ ᠶᠢᠨ ᠪᠢᠴᠢᠭ ᠢ | ᠠᠪᠴᠤ ᠭᠦᠢᠴᠡᠳᠬᠡᠨ᠎ᠡ᠂ ᠡᠰᠡᠬᠦᠯ᠎ᠡ ᠵᠢᠯᠣᠭᠤᠴᠢ ᠥᠪᠡᠷ ᠢᠶᠠᠨ ᠠᠷᠪᠠᠨ ᠲᠠᠪᠤᠳᠤᠭᠠᠷ ᠵᠦᠢᠯ ᠳᠤ ᠲᠣᠭᠲᠠᠭᠠᠭᠰᠠᠨ | ᠭᠡᠷᠡᠴᠢᠯᠡᠬᠦ ᠮᠠᠲ᠋ᠧᠷᠢᠶᠠᠯ ᠢ ᠠᠪᠴᠤ ᠥᠪᠡᠷ ᠢᠶᠠᠨ ᠭᠦᠢᠴᠡᠳᠬᠡᠵᠦ᠂ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ | ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠵᠤ ᠪᠠᠲᠤᠯᠠᠭᠰᠠᠨ ᠮᠥᠷᠲᠡᠭᠡᠨ ᠠᠵᠢᠯ ᠡᠷᠭᠢᠯᠡᠬᠦ ᠬᠢᠷᠢ | ᠬᠡᠮ ᠤᠨ ᠬᠢᠨᠠᠨ ᠰᠢᠯᠭᠠᠯᠲᠠ ᠳᠤ ᠬᠢᠷᠢ ᠲᠡᠩᠴᠡᠭᠰᠡᠨ ᠤ ᠳᠠᠷᠠᠭ᠎ᠠ᠂ ︽ᠲᠦᠷᠢᠶᠡᠰᠦᠨ ᠮᠠᠰᠢᠨ ᠲᠡᠷᠭᠡᠨ ᠤ | ᠵᠢᠯᠣᠭᠤᠴᠢ ᠶᠢᠨ ᠠᠵᠢᠯ ᠡᠷᠭᠢᠯᠡᠬᠦ ᠬᠢᠷᠢ ᠬᠡᠮ ᠤᠨ ᠦᠨᠡᠮᠯᠡᠯ︾ ᠣᠯᠭᠤᠨ᠎ᠠ᠃ | ᠳᠥᠷᠪᠡᠳᠦᠭᠡᠷ ᠪᠦᠯᠦᠭ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠶᠢᠨ ᠦᠶᠯᠡ ᠠᠵᠢᠯᠯᠠᠭ᠎ᠠ | | ᠠᠷᠪᠠᠨ ᠳᠣᠯᠣᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ | ᠳᠠᠭᠠᠭᠠᠴᠢᠯᠠᠨ ᠲᠡᠭᠡᠭᠡᠪᠦᠷᠢᠯᠡᠭᠴᠢ ᠶᠢᠨ ᠬᠠᠷᠢᠭᠤᠴᠠᠯᠭ᠎ᠠ ᠶᠢ ᠡᠭᠦᠷᠭᠡᠯᠡᠬᠦ ᠳᠡᠭᠡᠨ ᠡᠵᠡᠩᠨᠡᠯᠲᠡ ᠶᠢᠨ ᠠᠶᠤᠯᠭᠦᠢ ᠶᠢ | ᠪᠠᠲᠤᠯᠠᠵᠤ᠂ ᠠᠶᠠᠨᠴᠢᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠬᠡᠷᠡᠭᠲᠡᠢ᠃ ᠦᠢᠯᠡᠴᠢᠯᠡᠭᠡᠨ ᠤ | ᠶᠠᠪᠤᠴᠠ ᠳᠤ ᠭᠠᠷᠤᠭᠰᠠᠨ ᠠᠶᠤᠯᠭᠦᠢ ᠶᠢᠨ ᠬᠠᠷᠢᠭᠤᠴᠠᠯᠭ᠎ᠠ ᠶᠢᠨ ᠠᠳᠡᠯ ᠵᠡᠷᠭᠡ ᠳᠤ ᠤᠷᠢᠳᠠᠪᠠᠷ ᠲᠥᠯᠥᠬᠦ | ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠶᠠᠮᠠᠷᠪᠠ ᠬᠡᠯᠪᠡᠷᠢ ᠪᠠᠷ ᠠᠶᠠᠨᠴᠢᠳ ᠵᠢᠴᠢ ᠵᠢᠯᠣᠭᠤᠴᠢ ᠳᠤ ᠦᠢᠯᠡᠴᠢᠯᠡᠭᠡᠨ ᠤ | ᠲᠦᠭᠰᠢᠭᠦᠷᠢ ᠶᠢ ᠰᠢᠯᠵᠢᠭᠦᠯᠦᠨ ᠥᠭᠴᠦ ᠪᠣᠯᠬᠤ ᠦᠭᠡᠢ᠃ | ᠠᠷᠪᠠᠨ ᠨᠠᠢᠮᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ | ᠦᠢᠯᠡᠴᠢᠯᠡᠭᠡ ᠬᠠᠩᠭᠠᠬᠤ ᠮᠠᠰᠢᠨ ᠲᠡᠷᠭᠡ ᠶᠢᠨ ᠬᠠᠤᠯᠢ ᠶᠣᠰᠣᠨ ᠤ ᠡᠵᠡᠩᠨᠡᠯᠲᠡ ᠶᠢᠨ ᠬᠢᠷᠢ ᠬᠡᠮ ᠲᠠᠢ ᠪᠠᠶᠢᠬᠤ ᠶᠢ | ᠪᠠᠲᠤᠯᠠᠵᠤ᠂ ᠤᠯᠤᠰ ᠤᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠮᠠᠰᠢᠨ ᠲᠡᠷᠭᠡ ᠶᠢ ᠬᠠᠮᠠᠭᠠᠯᠠᠬᠤ ᠠᠵᠢᠯ ᠢ ᠰᠠᠶᠢᠲᠤᠷ | ᠬᠢᠵᠦ᠂ ᠮᠠᠰᠢᠨ ᠲᠡᠷᠭᠡ ᠶᠢᠨ ᠮᠡᠷᠭᠡᠵᠢᠯ ᠤᠨ ᠪᠠᠶᠢᠳᠠᠯ ᠨᠢ ᠰᠠᠶᠢᠨ᠂ ᠠᠮᠤᠷ ᠲᠦᠪᠰᠢᠨ ᠤ ᠴᠢᠳᠠᠮᠵᠢ ᠨᠢ ᠨᠠᠶᠢᠳᠠᠪᠤᠷᠢᠲᠠᠢ | ᠪᠠᠶᠢᠬᠤ ᠶᠢ ᠦᠨᠡᠨᠬᠦ ᠪᠠᠲᠤᠯᠠᠬᠤ ᠶᠢᠨ ᠬᠠᠮᠲᠤ ᠬᠠᠮᠢᠶ᠎ᠠ ᠪᠦᠬᠦᠢ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠢ᠃ | ᠠᠷᠪᠠ ᠶᠢᠰᠦᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ | ᠦᠢᠯᠡᠴᠢᠯᠡᠭᠡ ᠬᠠᠩᠭᠠᠬᠤ ᠵᠢᠯᠣᠭᠤᠴᠢ ᠶᠢᠨ ᠠᠵᠢᠯ ᠡᠷᠭᠢᠯᠡᠬᠦ ᠬᠠᠤᠯᠢ ᠶᠣᠰᠣᠨ ᠤ ᠬᠢᠷᠢ ᠬᠡᠮ ᠲᠠᠢ ᠪᠠᠶᠢᠬᠤ ᠶᠢ | ᠪᠠᠲᠤᠯᠠᠵᠤ᠂ ᠬᠠᠮᠢᠶ᠎ᠠ ᠪᠦᠬᠦᠢ ᠨᠡᠶᠢᠭᠡᠮ ᠤᠨ ᠬᠠᠷᠢᠭᠤᠴᠠᠯᠭ᠎ᠠ ᠶᠢ ᠡᠭᠦᠷᠭᠡᠯᠡᠵᠦ᠂ ᠵᠢᠯᠣᠭᠤᠴᠢ ᠶᠢᠨ ᠪᠣᠯᠪᠠᠰᠤᠷᠠᠭᠤᠯᠤᠯ | ᠪᠠ ᠬᠠᠮᠢᠶᠠᠷᠤᠯᠲᠠ ᠪᠠᠨ ᠴᠢᠩᠭᠠᠳᠬᠠᠨ᠂ ᠠᠵᠢᠯ ᠲᠥᠷᠥᠯ ᠤᠨ ᠲᠣᠭᠲᠠᠭᠤᠨ ᠪᠥᠭᠡᠳ ᠡᠷᠡᠭᠦᠯ ᠢᠶᠠᠷ ᠬᠥᠭᠵᠢᠬᠦ ᠶᠢ | ᠢᠳᠡᠪᠬᠢᠲᠡᠢ ᠬᠠᠮᠠᠭᠠᠯᠠᠬᠤ ᠬᠡᠷᠡᠭᠲᠡᠢ᠃ | ᠬᠤᠷᠢᠳᠤᠭᠠᠷ ᠵᠦᠢᠯ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ | ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠳᠡᠩᠰᠡᠯᠡᠨ ᠲᠡᠮᠳᠡᠭᠯᠡᠬᠦ᠂ ᠡᠵᠡᠩᠨᠡᠬᠦ ᠪᠠ ᠠᠷᠠᠯᠵᠢᠶᠠᠯᠠᠬᠤ | ᠵᠡᠷᠭᠡ ᠬᠠᠮᠢᠶ᠎ᠠ ᠪᠦᠬᠦᠢ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢ ᠬᠠᠤᠯᠢ ᠶᠣᠰᠣᠭᠠᠷ ᠲᠠᠲᠠᠵᠤ ᠯᠠᠪᠯᠠᠬᠤ ᠦᠶ᠎ᠡ ᠳᠤ᠂ | ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠠᠴᠠ ᠬᠤᠯᠪᠣᠭᠳᠠᠯ ᠪᠦᠬᠦᠢ ᠲᠤᠭ᠎ᠠ ᠪᠦᠷᠢᠳᠬᠡᠯ ᠤᠨ | ᠮᠠᠲ᠋ᠧᠷᠢᠶᠠᠯ ᠢᠶᠠᠨ ᠴᠠᠭ ᠲᠤᠬᠠᠢ ᠳᠤᠨᠢ ᠮᠡᠳᠡᠭᠦᠯᠦᠨ ᠬᠦᠷᠭᠡᠬᠦ ᠬᠡᠷᠡᠭᠲᠡᠢ᠃ | ᠬᠤᠷᠢᠨ ᠨᠢᠭᠡᠳᠦᠭᠡᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠠᠪᠴᠠᠩ ᠤᠨ ᠺᠣᠮᠫᠠᠨᠢ ᠪᠣᠯ ᠠᠶᠠᠨᠴᠢᠳ ᠤᠨ | ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠣᠯ ᠴᠣᠭᠴᠠ ᠮᠥᠨ᠂ | ᠵᠠᠭᠠᠯᠳᠤᠯᠭ᠎ᠠ ᠶᠢ ᠰᠢᠢᠳᠪᠦᠷᠢᠯᠡᠬᠦ ᠳᠦᠷᠢᠮ ᠪᠠ ᠦᠢᠯᠡᠴᠢᠯᠡᠭᠡᠨ ᠤ ᠠᠮᠠᠯᠠᠯᠲᠠ ᠵᠡᠷᠭᠡ ᠶᠣᠰᠣᠭᠠᠷ ᠠᠶᠠᠨᠴᠢᠳ ᠤᠨ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ ᠰᠠᠶᠢᠲᠤᠷ ᠬᠢᠵᠦ᠂ ᠬᠤᠲᠠ ᠶᠢᠨ ᠲᠦᠷᠢᠶᠡᠰᠦᠨ ᠮᠠᠰᠢᠨ | ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠪᠠᠶᠢᠴᠠᠭᠠᠯᠲᠠ ᠶᠢ ᠬᠦᠯᠢᠶᠡᠬᠦ ᠶᠢᠨ ᠬᠠᠮᠲᠤ ᠬᠤᠯᠪᠣᠭᠳᠠᠯ | ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠡᠵᠡᠩᠨᠡᠯᠲᠡ ᠦᠢᠯᠡᠴᠢᠯᠡᠭᠡᠨ ᠤ ᠶᠠᠰᠤ ᠴᠢᠨᠠᠷ ᠤᠨ ᠵᠢᠭᠤᠷᠠᠯᠳᠤᠭᠠᠨ ᠢ | ᠪᠠᠶᠢᠴᠠᠭᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠠᠶᠤᠯᠭᠦᠢ ᠶᠢᠨ ᠬᠦᠨᠳᠦ ᠶᠡᠭᠡ ᠠᠳᠡᠯ | ᠭᠠᠷᠭᠠᠭᠰᠠᠨ᠂ ᠠᠶᠠᠨᠴᠢᠳ ᠤᠨ ᠠᠰᠢᠭ ᠲᠤᠰᠠ ᠶᠢ ᠬᠤᠬᠢᠷᠠᠭᠤᠯᠤᠭᠰᠠᠨ᠂ ᠡᠵᠡᠩᠨᠡᠯᠲᠡ ᠶᠢᠨ ᠡᠮᠬᠢ ᠵᠢᠷᠤᠮ ᠢ | ᠰᠠᠮᠠᠭᠤᠷᠠᠭᠤᠯᠤᠭᠰᠠᠨ ᠵᠡᠷᠭᠡ ᠦᠶᠯᠡ ᠠᠵᠢᠯᠯᠠᠭ᠎ᠠ ᠶᠢ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠠᠴᠠ ᠬᠠᠮᠢᠶ᠎ᠠ ᠪᠦᠬᠦᠢ ᠬᠠᠮᠢᠶᠠᠷᠤᠯᠲᠠ ᠶᠢᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠬᠤᠷᠢᠨ ᠬᠤᠶᠠᠳᠤᠭᠠᠷ ᠵᠦᠢᠯ ᠨᠢᠭᠡ ᠰᠦᠯᠵᠢᠶᠡᠨ ᠳᠡᠭᠡᠷ᠎ᠡ ᠪᠣᠯᠵᠣᠬᠤ ᠲᠡᠷᠭᠡ ᠨᠢ ᠮᠠᠨ ᠤ ᠬᠤᠳᠠ ᠳᠤ | ᠵᠥᠪᠰᠢᠶᠡᠷᠡᠯ ᠣᠯᠣᠭᠰᠠᠨ ᠰᠦᠯᠵᠢᠶᠡᠨ ᠳᠡᠭᠡᠷ᠎ᠡ ᠲᠡᠷᠭᠡ ᠪᠣᠯᠵᠣᠬᠤ ᠣᠯᠠᠨ ᠲᠠᠪᠴᠠᠩ ᠳᠤ ᠵᠠᠯᠭᠠᠨ ᠣᠷᠣᠵᠤ | ᠵᠠᠬᠢᠶᠠᠯᠠᠭ᠎ᠠ ᠬᠦᠯᠢᠶᠡᠨ ᠡᠵᠡᠩᠨᠡᠵᠦ ᠪᠣᠯᠣᠨ᠎ᠠ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠥᠮᠴᠢᠯᠡᠭᠴᠢ | ᠲᠡᠷᠭᠡ ᠶᠢᠨ ᠰᠦᠯᠵᠢᠶᠡᠨ ᠤ ᠦᠢᠯᠡᠴᠢᠯᠡᠭᠡᠨ ᠤ ᠲᠠᠪᠴᠠᠩ ᠢᠶᠠᠨ ᠬᠤᠪᠢᠷᠠᠭᠤᠯᠵᠤ ᠪᠣᠯᠣᠨ᠎ᠠ᠂ ᠰᠦᠯᠵᠢᠶᠡᠨ ᠳᠡᠭᠡᠷ᠎ᠡ | ᠪᠣᠯᠵᠣᠬᠤ ᠲᠡᠷᠭᠡᠨ ᠤ ᠵᠢᠯᠣᠭᠤᠴᠢ ᠪᠣᠯᠣᠨ ᠲᠡᠷᠭᠡ ᠶᠢ ᠲᠣᠭᠲᠠᠮᠠᠯ ᠪᠠᠶᠢᠯᠭᠠᠬᠤ ᠬᠡᠷᠡᠭᠲᠡᠢ᠂ ︽ᠰᠦᠯᠵᠢᠶᠡᠨ ᠳᠡᠭᠡᠷ᠎ᠡ | ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠲᠡᠭᠡᠭᠡᠪᠦᠷᠢ ᠶᠢᠨ ᠦᠨᠡᠮᠯᠡᠯ︾ ᠤᠨ ᠥᠮᠴᠢᠯᠡᠭᠴᠢ ᠶᠢ ᠬᠤᠪᠢᠷᠠᠭᠤᠯᠵᠤ | ᠪᠣᠯᠬᠤ ᠦᠭᠡᠢ᠃ | ᠬᠤᠷᠢᠨ ᠭᠤᠷᠪᠠᠳᠤᠭᠠᠷ ᠵᠦᠢᠯ ᠰᠦᠯᠵᠢᠶᠡᠨ ᠳᠡᠭᠡᠷ᠎ᠡ ᠪᠣᠯᠵᠣᠬᠤ ᠲᠡᠷᠭᠡ ᠵᠤᠭᠠᠴᠠᠬᠤ ᠲᠦᠷᠢᠶᠡᠰᠦᠨ ᠮᠠᠰᠢᠨ | ᠲᠡᠷᠭᠡᠨ ᠤ ᠣᠷᠣᠢ ᠶᠢᠨ ᠳ᠋ᠧᠩ᠂ ᠦᠨ᠎ᠡ ᠪᠤᠳᠤᠬᠤ ᠮᠠᠰᠢᠨ ᠵᠡᠷᠭᠡ ᠲᠥᠬᠦᠭᠡᠷᠦᠮᠵᠢ ᠵᠢᠴᠢ ᠲᠤᠰᠬᠠᠢ ᠲᠡᠮᠳᠡᠭ ᠢ | ᠬᠡᠷᠡᠭᠯᠡᠵᠦ ᠪᠣᠯᠬᠤ ᠦᠭᠡᠢ᠂ ᠵᠢᠯᠣᠭᠤᠴᠢ ᠨᠢ ᠲᠡᠷᠭᠡ ᠵᠣᠭᠰᠣᠬᠤ ᠶᠢ ᠵᠥᠪᠰᠢᠶᠡᠷᠡᠭᠰᠡᠨ ᠭᠠᠵᠠᠷ ᠲᠤ ᠵᠠᠬᠢᠶᠠᠯᠠᠭ᠎ᠠ | ᠬᠦᠯᠢᠶᠡᠬᠦ ᠬᠡᠷᠡᠭᠲᠡᠢ᠂ ᠡᠬᠢᠯᠡᠯᠲᠡ ᠲᠡᠭᠦᠰᠬᠡᠯ ᠤᠨ ᠨᠢᠭᠡ ᠦᠵᠦᠭᠦᠷ ᠨᠢ ᠵᠥᠪᠰᠢᠶᠡᠷᠡᠭᠰᠡᠨ ᠡᠵᠡᠩᠨᠡᠯᠲᠡ ᠶᠢᠨ ᠣᠷᠣᠨ | ᠲᠣᠭᠤᠷᠢᠭ ᠲᠤ ᠪᠠᠶᠢᠬᠤ ᠬᠡᠷᠡᠭᠲᠡᠢ᠂ ᠵᠠᠮ ᠲᠣᠭᠤᠷᠢᠨ ᠵᠣᠴᠢᠨ ᠲᠠᠲᠠᠬᠤ ᠪᠠ ᠥᠷᠲᠡᠭᠡ ᠴᠡᠭ ᠲᠤ ᠵᠣᠴᠢᠨ ᠬᠦᠯᠢᠶᠡᠵᠦ | ᠪᠣᠯᠬᠤ ᠦᠭᠡᠢ᠃ | ᠬᠤᠷᠢᠨ ᠳᠥᠷᠪᠡᠳᠦᠭᠡᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠨᠢ | ᠲᠡᠭᠡᠭᠡᠪᠦᠷᠢ ᠶᠢᠨ ᠦᠨ᠎ᠡ ᠶᠢᠨ ᠳᠦᠷᠢᠮ ᠵᠢᠴᠢ ᠪᠠᠷᠢᠮᠵᠢᠶ᠎ᠠ ᠶᠢ ᠤᠷᠢᠳᠴᠢᠯᠠᠨ ᠵᠠᠷᠯᠠᠨ ᠨᠡᠶᠢᠲᠡᠯᠡᠬᠦ ᠶᠢᠨ ᠬᠠᠮᠲᠤ᠂ | ᠤᠯᠤᠰ ᠤᠨ ᠪᠠ ᠲᠣᠰ ᠬᠤᠲᠠ ᠶᠢᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠭᠦᠯᠵᠦ᠂ ᠲᠣᠰ ᠬᠤᠲᠠ ᠶᠢᠨ | ᠲᠦᠷᠢᠶᠡᠰᠦᠨ ᠮᠠᠰᠢᠨ ᠲᠡᠷᠭᠡᠨ ᠤ ᠪᠠᠷᠢᠮᠲᠠ ᠶᠢ ᠬᠠᠩᠭᠠᠬᠤ ᠬᠡᠷᠡᠭᠲᠡᠢ᠃ | ᠬᠤᠷᠢᠨ ᠲᠠᠪᠤᠳᠤᠭᠠᠷ ᠵᠦᠢᠯ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ | ᠮᠥᠴᠢᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠳᠤ ᠲᠣᠭᠲᠠᠭᠰᠠᠨ ᠬᠤᠭᠤᠴᠠᠭ᠎ᠠ ᠲᠠᠢ ᠪᠠᠷ | ᠦᠢᠯᠡᠴᠢᠯᠡᠭᠡᠨ ᠤ ᠶᠠᠰᠤ ᠴᠢᠨᠠᠷ ᠤᠨ ᠢᠲᠡᠭᠡᠯ ᠬᠦᠨᠳᠦ ᠶᠢᠨ ᠬᠢᠨᠠᠨ ᠰᠢᠯᠭᠠᠯᠲᠠ ᠬᠢᠵᠦ᠂ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ᠂ ᠵᠢᠯᠣᠭᠤᠴᠢ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠵᠦ᠂ | ᠨᠡᠶᠢᠭᠡᠮ ᠨᠡᠶᠢᠲᠡ ᠪᠠ ᠣᠯᠠᠨ ᠲᠦᠮᠡᠨ ᠤ ᠬᠢᠨᠠᠯᠲᠠ ᠲᠠᠯᠪᠢᠬᠤ ᠶᠢ ᠬᠦᠯᠢᠶᠡᠬᠦ ᠬᠡᠷᠡᠭᠲᠡᠢ᠃ | ᠲᠠᠪᠤᠳᠤᠭᠠᠷ ᠪᠦᠯᠦᠭ ᠬᠢᠨᠠᠯᠲᠠ ᠪᠠᠶᠢᠴᠠᠭᠠᠯᠲᠠ | ᠬᠤᠷᠢᠨ ᠵᠢᠷᠭᠤᠳᠤᠭᠠᠷ ᠵᠦᠢᠯ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢ ᠪᠤᠴᠠᠭᠠᠨ ᠭᠠᠷᠭᠠᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠢ᠃ | ᠬᠤᠷᠢᠨ ᠳᠣᠯᠣᠳᠤᠭᠠᠷ ᠵᠦᠢᠯ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ | ᠰᠠᠯᠠᠭ᠎ᠠ ᠮᠥᠴᠢᠷ ᠬᠤᠲᠠ ᠶᠢᠨ ᠲᠦᠷᠢᠶᠡᠰᠦᠨ ᠮᠠᠰᠢᠨ ᠲᠡᠷᠭᠡᠨ ᠤ ᠥᠭᠡᠷᠡᠴᠢᠯᠡᠯᠲᠡ ᠪᠠ ᠠᠵᠢᠯ ᠲᠥᠷᠥᠯ ᠢ | ᠲᠣᠭᠲᠠᠭᠤᠨ ᠪᠠᠶᠢᠯᠭᠠᠬᠤ ᠠᠵᠢᠯ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠠᠶᠠᠨᠴᠢᠳ ᠤᠨ | ᠲᠡᠭᠡᠭᠡᠪᠦᠷᠢ ᠶᠢᠨ ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠲᠣᠭᠲᠠᠭᠤᠨ ᠢ ᠬᠠᠮᠠᠭᠠᠯᠠᠬᠤ | ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠳᠦᠷᠢᠮ ᠢ ᠪᠦᠷᠢᠨᠰᠢᠭᠦᠯᠬᠦ ᠶᠢᠨ ᠬᠠᠮᠲᠤ | ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠬᠠᠮᠢᠶᠠᠷᠤᠯᠲᠠ ᠶᠢ ᠨᠢᠭᠡᠳᠦᠯᠲᠡᠢ | ᠲᠥᠯᠥᠪᠵᠢᠭᠦᠯᠦᠨ ᠴᠢᠩᠭᠠᠳᠬᠠᠵᠤ᠂ ᠮᠡᠳᠡᠭᠡ ᠵᠠᠩᠭᠢ ᠶᠢᠨ ᠰᠣᠯᠢᠯᠴᠠᠬᠤ ᠪᠠ ᠶᠡᠷᠦᠩᠬᠡᠶᠢᠯᠡᠨ ᠰᠤᠳᠤᠯᠤᠨ | ᠮᠠᠭᠠᠳᠯᠠᠬᠤ ᠶᠢ ᠴᠢᠩᠭᠠᠳᠬᠠᠨ᠂ ᠬᠠᠮᠲᠤᠷᠠᠨ ᠬᠢᠨᠠᠨ ᠬᠠᠮᠢᠶᠠᠷᠬᠤ ᠲᠣᠭᠲᠠᠴᠠ ᠶᠢ ᠪᠠᠶᠢᠭᠤᠯᠵᠤ᠂ ᠬᠠᠮᠲᠤᠷᠠᠨ ᠬᠠᠤᠯᠢ | ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯ ᠢ ᠥᠷᠨᠢᠭᠦᠯᠬᠦ ᠬᠡᠷᠡᠭᠲᠡᠢ᠃ | ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ᠂ ᠢᠨᠲ᠋ᠧᠷ ᠰᠦᠯᠵᠢᠶᠡᠨ ᠤ | ᠮᠡᠳᠡᠭᠡ ᠵᠠᠩᠭᠢ᠂ ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ᠂ ᠭᠠᠶᠢᠯᠢ ᠶᠢᠨ ᠶᠠᠪᠤᠳᠠᠯ᠂ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠬᠠᠤᠯᠢ ᠴᠠᠭᠠᠵᠠ | ᠬᠠᠤᠯᠢ ᠲᠣᠭᠲᠠᠭᠠᠯ ᠪᠠ ᠲᠤᠰ ᠲᠤᠰ ᠤᠨ ᠲᠤᠰᠢᠶᠠᠯ ᠬᠠᠷᠢᠭᠤᠴᠠᠯᠭ᠎ᠠ ᠪᠠᠨ ᠦᠨᠳᠦᠰᠦᠯᠡᠵᠦ᠂ ᠰᠦᠯᠵᠢᠶᠡᠨ ᠳᠡᠭᠡᠷ᠎ᠡ | ᠪᠣᠯᠵᠣᠬᠤ ᠲᠡᠷᠭᠡ ᠶᠢᠨ ᠡᠵᠡᠩᠨᠡᠯᠲᠡ ᠶᠢᠨ ᠵᠥᠪᠰᠢᠶᠡᠷᠡᠯ ᠣᠯᠣᠭᠰᠠᠨ ᠦᠭᠡᠢ ᠪᠠᠷ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠡᠵᠡᠩᠨᠡᠯᠲᠡ ᠬᠢᠬᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠮᠠᠰᠢᠨ ᠲᠡᠷᠭᠡ ᠪᠤᠶᠤ ᠬᠥᠮᠥᠨ ᠨᠢ | ᠨᠢᠭᠡᠳᠦᠯ ᠦᠭᠡᠢ ᠪᠠᠶᠢᠬᠤ᠂ ᠮᠡᠳᠡᠭᠡ ᠵᠠᠩᠭᠢ ᠶᠢ ᠵᠠᠳᠠᠷᠠᠭᠤᠯᠬᠤ᠂ ᠬᠠᠤᠯᠢ ᠶᠣᠰᠣᠭᠠᠷ ᠭᠠᠶᠢᠯᠢ ᠲᠤᠰᠢᠶᠠᠬᠤ ᠦᠭᠡᠢ | ᠪᠠᠶᠢᠬᠤ᠂ ᠵᠦᠢ ᠪᠤᠰᠤ ᠥᠷᠢᠰᠦᠯᠳᠦᠭᠡᠨ ᠬᠢᠬᠦ᠂ ᠦᠨ᠎ᠡ ᠬᠠᠩᠰᠢ ᠶᠢᠨ ᠮᠡᠬᠡᠯᠡᠯ ᠬᠢᠬᠦ᠂ ᠦᠨ᠎ᠡ ᠬᠠᠩᠰᠢ ᠶᠢ | ᠭᠠᠭᠴᠠᠭᠠᠷ ᠡᠵᠡᠮᠰᠢᠬᠦ᠂ ᠬᠠᠤᠯᠢ ᠪᠤᠰᠤ ᠪᠠᠷ ᠡᠵᠡᠩᠨᠡᠨ ᠪᠡᠯᠡ ᠮᠥᠩᠭᠦ ᠲᠥᠯᠥᠵᠦ ᠳ᠋ᠦᠩᠨᠡᠨ ᠪᠤᠳᠤᠬᠤ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠬᠠᠮᠲᠤᠷᠠᠨ ᠬᠢᠨᠠᠨ ᠬᠠᠮᠢᠶᠠᠷᠴᠤ᠂ ᠬᠠᠮᠲᠤᠷᠠᠨ ᠬᠢᠨᠠᠨ | ᠬᠠᠮᠢᠶᠠᠷᠬᠤ ᠶᠢ ᠰᠠᠨᠠᠭᠠᠴᠢᠯᠠᠭᠰᠠᠨ ᠲᠠᠯ᠎ᠠ ᠨᠢ ᠳᠡᠭᠡᠷ᠎ᠡ ᠳᠤᠷᠠᠳᠤᠭᠰᠠᠨ ᠪᠣᠳᠠᠲᠠᠢ ᠵᠦᠢᠯᠡᠰ ᠤᠨ ᠭᠤᠣᠯ ᠪᠤᠶᠤ ᠰᠢᠭᠤᠳ | ᠬᠠᠮᠢᠶᠠᠷᠬᠤ ᠰᠠᠯᠠᠭ᠎ᠠ ᠮᠥᠴᠢᠷ ᠪᠣᠯᠣᠨ᠎ᠠ᠃ | ᠬᠤᠷᠢᠨ ᠨᠠᠢᠮᠠᠳᠤᠭᠠᠷ ᠵᠦᠢᠯ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ ᠲᠦᠷᠢᠶᠡᠰᠦᠨ ᠮᠠᠰᠢᠨ | ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠰᠦᠯᠵᠢᠶᠡᠨ ᠳᠡᠭᠡᠷ᠎ᠡ ᠪᠣᠯᠵᠣᠬᠤ ᠲᠡᠷᠭᠡ ᠶᠢᠨ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠢᠨᠠᠯᠲᠠ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠬᠤ | ᠪᠠ ᠲᠡᠭᠦᠯᠳᠡᠷᠵᠢᠭᠦᠯᠵᠦ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠯᠤᠭ᠎ᠠ ᠮᠡᠳᠡᠭᠡ ᠵᠠᠩᠭᠢ ᠶᠢ | ᠬᠤᠪᠢᠶᠠᠯᠴᠠᠬᠤ ᠶᠢ ᠪᠡᠶᠡᠯᠡᠭᠦᠯᠬᠦ ᠬᠡᠷᠡᠭᠲᠡᠢ᠃ ᠬᠤᠪᠢᠶᠠᠯᠴᠠᠬᠤ ᠮᠡᠳᠡᠭᠡ ᠵᠠᠩᠭᠢ ᠳᠤ ᠮᠠᠰᠢᠨ ᠲᠡᠷᠭᠡ ᠪᠣᠯᠣᠨ | ᠵᠢᠯᠣᠭᠤᠴᠢ᠂ ᠮᠠᠰᠢᠨ ᠲᠡᠷᠭᠡᠨ ᠤ ᠠᠶᠠᠯᠠᠭᠰᠠᠨ ᠵᠠᠮ ᠮᠥᠷ᠂ ᠵᠠᠬᠢᠶᠠᠯᠠᠭ᠎ᠠ ᠶᠢᠨ ᠨᠠᠷᠢᠨ ᠪᠠᠶᠢᠳᠠᠯ᠂ ᠦᠢᠯᠡᠴᠢᠯᠡᠭᠡᠨ ᠤ | ᠶᠠᠰᠤ ᠴᠢᠨᠠᠷ᠂ ᠠᠶᠠᠨᠴᠢᠳ ᠤᠨ ᠦᠨᠡᠯᠡᠯᠲᠡ ᠵᠡᠷᠭᠡ ᠮᠡᠳᠡᠭᠡ ᠵᠠᠩᠭᠢ ᠵᠢᠴᠢ ᠠᠶᠠᠨᠴᠢᠳ ᠤᠨ ᠵᠠᠭᠠᠯᠳᠤᠯᠭ᠎ᠠ ᠶᠢ | ᠰᠢᠢᠳᠪᠦᠷᠢᠯᠡᠭᠰᠡᠨ ᠪᠠᠶᠢᠳᠠᠯ ᠵᠡᠷᠭᠡ ᠶᠢ ᠪᠠᠭᠲᠠᠭᠠᠵᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠨᠢ ᠱᠠᠭᠠᠷᠳᠠᠯᠭ᠎ᠠ ᠶᠣᠰᠣᠭᠠᠷ ᠬᠢᠨᠠᠨ ᠬᠠᠮᠢᠶᠠᠷᠬᠤ ᠲᠠᠪᠴᠠᠩ ᠳᠤ ᠪᠥᠬᠦ ᠬᠡᠮᠵᠢᠶᠡᠨ ᠤ ᠮᠡᠳᠡᠭᠡ ᠵᠠᠩᠭᠢ ᠶᠢ | ᠳᠠᠮᠵᠢᠭᠤᠯᠬᠤ ᠬᠡᠷᠡᠭᠲᠡᠢ᠃ | ᠬᠤᠷᠢ ᠶᠢᠰᠦᠳᠦᠭᠡᠷ ᠵᠦᠢᠯ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠳ ᠲᠤᠰ ᠲᠤᠰ ᠤᠨ ᠲᠤᠰᠢᠶᠠᠯ | ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ | ᠬᠤᠯᠪᠣᠭᠳᠠᠯ ᠪᠦᠬᠦᠢ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠪᠤᠰᠤ ᠪᠠᠷ ᠴᠤᠭᠯᠠᠭᠤᠯᠬᠤ᠂ ᠬᠠᠳᠠᠭᠠᠯᠠᠬᠤ᠂ | ᠰᠢᠢᠳᠪᠦᠷᠢᠯᠡᠬᠦ ᠪᠠ ᠠᠰᠢᠭᠯᠠᠬᠤ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠬᠤᠯᠪᠣᠭᠳᠠᠯ | ᠪᠦᠬᠦᠢ ᠲᠣᠭᠲᠠᠭᠠᠯ ᠢ ᠵᠥᠷᠢᠴᠡᠬᠦ᠂ ᠰᠦᠯᠵᠢᠶ᠎ᠡ ᠪᠠ ᠮᠡᠳᠡᠭᠡ ᠵᠠᠩᠭᠢ ᠶᠢᠨ ᠠᠮᠤᠷ ᠲᠦᠪᠰᠢᠨ ᠳᠤ ᠬᠤᠣᠷ ᠬᠥᠨᠥᠭᠡᠯ | ᠤᠴᠠᠷᠠᠭᠤᠯᠬᠤ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠦᠢᠯᠡᠴᠢᠯᠡᠭᠡᠨ ᠤ ᠲᠠᠪᠴᠠᠩ ᠢ ᠬᠡᠷᠡᠭᠯᠡᠨ ᠮᠡᠳᠡᠭᠡ ᠵᠠᠩᠭᠢ | ᠨᠡᠶᠢᠲᠡᠯᠡᠬᠦ ᠪᠤᠶᠤ ᠠᠵᠤ ᠠᠬᠤᠶᠢᠯᠠᠯ᠂ ᠬᠤᠪᠢ ᠬᠥᠮᠥᠨ ᠵᠢᠴᠢ ᠪᠤᠰᠤᠳ ᠪᠦᠯᠬᠦᠮ ᠵᠣᠬᠢᠶᠠᠨ ᠪᠠᠶᠢᠭᠤᠯᠤᠯᠲᠠ ᠶᠢᠨ | ᠬᠤᠣᠷ ᠬᠥᠨᠥᠭᠡᠯ ᠲᠠᠢ ᠮᠡᠳᠡᠭᠡ ᠵᠠᠩᠭᠢ ᠨᠡᠶᠢᠲᠡᠯᠡᠬᠦ ᠳᠤ ᠲᠥᠬᠦᠮ ᠦᠵᠡᠭᠦᠯᠬᠦ ᠵᠡᠷᠭᠡ ᠦᠶᠯᠡ ᠠᠵᠢᠯᠯᠠᠭ᠎ᠠ ᠶᠢ ᠬᠠᠤᠯᠢ | ᠶᠣᠰᠣᠭᠠᠷ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠬᠠᠤᠯᠢ | ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠣᠷᠣᠰᠢᠵᠤ ᠪᠠᠶᠢᠬᠤ ᠰᠦᠯᠵᠢᠶᠡᠨ ᠳᠡᠭᠡᠷ᠎ᠡ ᠲᠡᠷᠭᠡ ᠪᠣᠯᠵᠣᠬᠤ | ᠲᠠᠪᠴᠠᠩ ᠤᠨ ᠺᠣᠮᠫᠠᠨᠢ ᠶᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠢ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ᠂ ᠵᠠᠮ ᠬᠠᠷᠢᠯᠴᠠᠭ᠎ᠠ ᠲᠡᠭᠡᠭᠡᠪᠦᠷᠢ᠂ ᠢᠨᠲ᠋ᠧᠷ ᠰᠦᠯᠵᠢᠶᠡᠨ ᠤ | ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠳ ᠲᠣᠰ ᠲᠣᠰ ᠤᠨ ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ | ᠰᠦᠯᠵᠢᠶᠡᠨ ᠤ ᠠᠶᠤᠯᠭᠦᠢ ᠶᠢᠨ ᠬᠠᠮᠢᠶᠠᠷᠤᠯᠲᠠ ᠶᠢᠨ ᠳᠦᠷᠢᠮ ᠪᠠ ᠠᠶᠤᠯᠭᠦᠢ ᠶᠢᠨ ᠬᠠᠮᠠᠭᠠᠯᠠᠯᠲᠠ ᠶᠢᠨ ᠮᠡᠷᠭᠡᠵᠢᠯ ᠤᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠪᠠᠶᠢᠴᠠᠭᠠᠵᠤ᠂ ᠬᠤᠯᠪᠣᠭᠳᠠᠯ ᠪᠦᠬᠦᠢ ᠬᠠᠤᠯᠢ ᠠᠴᠠ | ᠵᠥᠷᠢᠴᠡᠭᠰᠡᠨ ᠶᠠᠯᠠᠲᠤ ᠠᠵᠢᠯᠯᠠᠭ᠎ᠠ ᠶᠢ ᠰᠡᠷᠭᠡᠶᠢᠯᠡᠬᠦ ᠪᠠ ᠬᠢᠨᠠᠨ ᠪᠠᠶᠢᠴᠠᠭᠠᠬᠤ ᠬᠡᠷᠡᠭᠲᠡᠢ᠃ | ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠬᠢᠨᠠᠯᠲᠠ ᠬᠠᠮᠢᠶᠠᠷᠤᠯᠲᠠ ᠶᠢᠨ ᠲᠠᠪᠴᠠᠩ ᠢ | ᠭᠦᠢᠴᠡᠳ ᠠᠰᠢᠭᠯᠠᠨ ᠡᠯ᠎ᠡ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ ᠵᠠᠩᠭᠢ ᠶᠢ ᠰᠣᠯᠢᠯᠴᠠᠵᠤ | ᠬᠤᠪᠢᠶᠠᠯᠴᠠᠬᠤ ᠶᠢ ᠴᠢᠩᠭᠠᠳᠬᠠᠵᠤ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ | ᠦᠨᠡᠮᠯᠡᠯ ᠲᠠᠢ ᠵᠢᠯᠣᠭᠤᠴᠢ ᠶᠢᠨ ᠠᠬᠤᠢ ᠪᠠᠶᠢᠳᠠᠯ ᠤᠨ ᠮᠡᠳᠡᠭᠡ ᠵᠠᠩᠭᠢ ᠶᠢᠨ ᠬᠤᠪᠢᠷᠠᠯᠲᠠ ᠶᠢᠨ ᠪᠠᠶᠢᠳᠠᠯ ᠢ ᠤᠯᠠᠷᠢᠯ | ᠪᠦᠷᠢ ᠬᠠᠷᠭᠤᠭᠤᠯᠤᠨ ᠪᠠᠶᠢᠴᠠᠭᠠᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠬᠤᠲᠠ ᠶᠢᠨ ᠲᠦᠷᠢᠶᠡᠰᠦᠨ ᠮᠠᠰᠢᠨ | ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠴᠠᠭ ᠲᠤᠬᠠᠢ ᠳᠤᠨᠢ ᠬᠠᠷᠢᠭᠤ ᠲᠤᠰᠬᠠᠬᠤ ᠬᠡᠷᠡᠭᠲᠡᠢ᠃ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠰᠦᠯᠵᠢᠶᠡᠨ ᠳᠡᠭᠡᠷ᠎ᠡ | ᠲᠡᠷᠭᠡ ᠪᠣᠯᠵᠣᠬᠤ ᠲᠠᠪᠴᠠᠩ ᠤᠨ ᠺᠣᠮᠫᠠᠨᠢ ᠶᠢᠨ ᠡᠵᠡᠩᠨᠡᠯᠲᠡ ᠶᠢᠨ ᠠᠵᠢᠯᠯᠠᠭ᠎ᠠ᠂ ᠦᠨ᠎ᠡ ᠬᠠᠩᠰᠢ ᠶᠢᠨ ᠠᠵᠢᠯᠯᠠᠭ᠎ᠠ ᠳᠤ | ᠬᠢᠨᠠᠯᠲᠠ ᠲᠠᠯᠪᠢᠨ ᠪᠠᠶᠢᠴᠠᠭᠠᠯᠲᠠ ᠬᠢᠵᠦ᠂ ᠵᠦᠢ ᠪᠤᠰᠤ ᠥᠷᠢᠰᠦᠯᠳᠦᠭᠡᠨ᠂ ᠦᠨ᠎ᠡ ᠬᠠᠩᠰᠢ ᠶᠢᠨ ᠮᠡᠬᠡᠯᠡᠯ᠂ ᠦᠨ᠎ᠡ | ᠬᠠᠩᠰᠢ ᠶᠢᠨ ᠭᠠᠭᠴᠠᠭᠠᠷ ᠡᠵᠡᠮᠰᠢᠯ ᠤᠨ ᠠᠵᠢᠯᠯᠠᠭ᠎ᠠ ᠶᠢ ᠰᠡᠷᠭᠡᠶᠢᠯᠡᠬᠦ ᠶᠢᠨ ᠬᠠᠮᠲᠤ ᠬᠢᠨᠠᠯᠲᠠ ᠲᠠᠯᠪᠢᠵᠤ ᠪᠠᠶᠢᠴᠠᠭᠠᠬᠤ | ᠬᠡᠷᠡᠭᠲᠡᠢ᠃ | ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ | ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠪᠠ ᠠᠷᠠᠳ ᠤᠨ ᠪᠠᠩᠬᠢ ᠶᠢᠨ | ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠣᠰ ᠲᠣᠰ ᠤᠨ | ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ᠂ ᠰᠦᠯᠵᠢᠶᠡᠨ ᠳᠡᠭᠡᠷ᠎ᠡ ᠲᠡᠷᠭᠡ ᠪᠣᠯᠵᠣᠬᠤ ᠡᠵᠡᠩᠨᠡᠯᠲᠡ ᠶᠢᠨ | ᠠᠵᠢᠯᠯᠠᠭ᠎ᠠ ᠳᠤ ᠬᠢᠨᠠᠯᠲᠠ ᠲᠠᠯᠪᠢᠵᠤ ᠪᠠᠶᠢᠴᠠᠭᠠᠯᠲᠠ ᠬᠢᠬᠦ ᠬᠡᠷᠡᠭᠲᠡᠢ᠃ | ᠭᠤᠴᠢᠳᠤᠭᠠᠷ ᠵᠦᠢᠯ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠪᠣᠯᠣᠨ ᠵᠢᠯᠣᠭᠤᠴᠢ ᠶᠢᠨ | ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠬᠦ ᠶᠢᠨ ᠬᠠᠮᠲᠤ ᠢᠲᠡᠭᠡᠮᠵᠢ ᠶᠢᠨ ᠮᠡᠳᠡᠭᠡ ᠵᠠᠩᠭᠢ ᠶᠢ ᠬᠤᠪᠢᠶᠠᠯᠴᠠᠬᠤ | ᠲᠠᠪᠴᠠᠩ ᠳᠤ ᠣᠷᠣᠭᠤᠯᠬᠤ ᠬᠡᠷᠡᠭᠲᠡᠢ᠃ ᠡᠭᠦᠨ ᠤ ᠬᠠᠮᠲᠤ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ | ᠺᠣᠮᠫᠠᠨᠢ ᠶᠢᠨ ᠵᠠᠰᠠᠭ ᠵᠠᠬᠢᠷᠭᠠᠨ ᠤ ᠵᠥᠪᠰᠢᠶᠡᠷᠡᠯ ᠪᠠ ᠵᠠᠰᠠᠭ ᠵᠠᠬᠢᠷᠭᠠᠨ ᠤ ᠰᠢᠢᠳᠬᠡᠯ ᠲᠣᠷᠭᠠᠭᠤᠯᠢ ᠵᠡᠷᠭᠡ | ᠢᠲᠡᠭᠡᠮᠵᠢ ᠶᠢᠨ ᠮᠡᠳᠡᠭᠡ ᠵᠠᠩᠭᠢ ᠶᠢ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ | ᠰᠢᠰᠲ᠋ᠧᠮ ᠳᠤ ᠬᠠᠤᠯᠢ ᠶᠣᠰᠣᠭᠠᠷ ᠢᠯᠡ ᠨᠡᠶᠢᠲᠡᠯᠡᠬᠦ ᠬᠡᠷᠡᠭᠲᠡᠢ᠃ | ᠭᠤᠴᠢᠨ ᠨᠢᠭᠡᠳᠦᠭᠡᠷ ᠵᠦᠢᠯ ᠲᠦᠷᠢᠶᠡᠰᠦᠨ ᠮᠠᠰᠢᠨ ᠲᠡᠷᠭᠡᠨ ᠤ ᠨᠡᠶᠢᠭᠡᠮᠯᠢᠭ ᠨᠢ ᠰᠦᠯᠵᠢᠶᠡᠨ ᠳᠡᠭᠡᠷ᠎ᠡ ᠲᠡᠷᠭᠡ | ᠪᠣᠯᠵᠣᠬᠤ ᠲᠠᠪᠴᠠᠩ ᠤᠨ ᠺᠣᠮᠫᠠᠨᠢ ᠪᠣᠯᠣᠨ ᠵᠢᠯᠣᠭᠤᠴᠢ ᠶᠢᠨ ᠮᠠᠭᠤ ᠲᠡᠮᠳᠡᠭᠯᠡᠯ ᠤᠨ ᠨᠡᠷᠡᠰ ᠤᠨ ᠳᠦᠷᠢᠮ ᠢ | ᠪᠠᠶᠢᠭᠤᠯᠵᠤ᠂ ᠠᠵᠢᠯ ᠲᠥᠷᠥᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠬᠤ ᠬᠡᠷᠡᠭᠲᠡᠢ᠃ | ᠵᠢᠷᠭᠤᠳᠤᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠭᠤᠴᠢᠨ ᠬᠤᠶᠠᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠤᠨ ᠺᠣᠮᠫᠠᠨᠢ ᠵᠢᠴᠢ | ᠵᠢᠯᠣᠭᠤᠴᠢ ︽ᠰᠦᠯᠵᠢᠶᠡᠨ ᠳᠡᠭᠡᠷ᠎ᠡ ᠪᠣᠯᠵᠣᠬᠤ ᠲᠦᠷᠢᠶᠡᠰᠦᠨ ᠮᠠᠰᠢᠨ ᠲᠡᠷᠭᠡᠨ ᠤ ᠡᠵᠡᠩᠨᠡᠯᠲᠡ ᠦᠢᠯᠡᠴᠢᠯᠡᠭᠡᠨ ᠤ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ︽ᠲᠦᠷᠢᠶᠡᠰᠦᠨ ᠮᠠᠰᠢᠨ ᠲᠡᠷᠭᠡᠨ ᠤ ᠵᠢᠯᠣᠭᠤᠴᠢ ᠶᠢᠨ ᠠᠵᠢᠯ | ᠡᠷᠭᠢᠯᠡᠬᠦ ᠬᠢᠷᠢ ᠬᠡᠮ ᠤᠨ ᠬᠠᠮᠢᠶᠠᠷᠤᠯᠲᠠ ᠶᠢᠨ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ᠂ ᠰᠠᠯᠠᠭ᠎ᠠ | ᠮᠥᠴᠢᠷ ᠤᠨ ᠳᠦᠷᠢᠮ ᠲᠣᠭᠲᠠᠭᠠᠯ ᠢ ᠵᠥᠷᠢᠴᠡᠪᠡᠯ᠂ ᠬᠤᠲᠠ᠂ ᠬᠤᠰᠢᠭᠤ ︵ᠰᠢᠶᠠᠨ᠂ ᠲᠣᠭᠤᠷᠢᠭ︶ ᠶᠢᠨ | ᠲᠦᠷᠢᠶᠡᠰᠦᠨ ᠮᠠᠰᠢᠨ ᠲᠡᠷᠭᠡᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠤᠰᠢᠶᠠᠯ ᠬᠠᠷᠢᠭᠤᠴᠠᠯᠭ᠎ᠠ ᠶᠢᠨ | ᠶᠣᠰᠣᠭᠠᠷ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠭᠤᠴᠢᠨ ᠭᠤᠷᠪᠠᠳᠤᠭᠠᠷ ᠵᠦᠢᠯ ᠬᠢᠨᠠᠯᠲᠠ ᠬᠠᠮᠢᠶᠠᠷᠤᠯᠲᠠ ᠶᠢᠨ ᠳᠤᠮᠳᠠ ᠢᠯᠡᠷᠡᠭᠦᠯᠦᠭᠰᠡᠨ ᠬᠠᠤᠯᠢ | ᠲᠣᠭᠲᠠᠭᠠᠯ ᠠᠴᠠ ᠵᠥᠷᠢᠴᠡᠭᠰᠡᠨ ᠪᠤᠰᠤᠳ ᠦᠶᠯᠡ ᠠᠵᠢᠯᠯᠠᠭ᠎ᠠ ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠬᠤᠳᠠᠯᠳᠤᠭᠠᠨ ᠤ ᠶᠠᠪᠤᠳᠠᠯ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠭᠠᠶᠢᠯᠢ ᠶᠢᠨ ᠶᠠᠪᠤᠳᠠᠯ᠂ ᠢᠨᠲ᠋ᠧᠷ ᠰᠦᠯᠵᠢᠶᠡᠨ ᠤ ᠮᠡᠳᠡᠭᠡ ᠵᠠᠩᠭᠢ ᠪᠠ | ᠠᠷᠠᠳ ᠤᠨ ᠪᠠᠩᠬᠢ ᠶᠢᠨ ᠬᠥᠬᠡᠬᠤᠲᠠ ᠳᠤ ᠰᠠᠭᠤᠭ᠎ᠠ ᠪᠠᠶᠢᠭᠤᠯᠤᠮᠵᠢ ᠵᠡᠷᠭᠡ ᠰᠠᠯᠠᠭ᠎ᠠ ᠮᠥᠴᠢᠷ ᠠᠴᠠ ᠲᠣᠰ ᠲᠣᠰ ᠤᠨ | ᠲᠤᠰᠢᠶᠠᠯ ᠬᠠᠷᠢᠭᠤᠴᠠᠯᠭ᠎ᠠ ᠶᠢᠨ ᠶᠣᠰᠣᠭᠠᠷ ᠬᠠᠤᠯᠢ ᠲᠣᠭᠲᠠᠭᠠᠯ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃ | ᠳᠣᠯᠣᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ | ᠭᠤᠴᠢᠨ ᠳᠥᠷᠪᠡᠳᠦᠭᠡᠷ ᠵᠦᠢᠯ ᠵᠠᠮ ᠲᠣᠭᠤᠷᠢᠬᠤ ᠲᠦᠷᠢᠶᠡᠰᠦᠨ ᠮᠠᠰᠢᠨ ᠲᠡᠷᠭᠡ ᠨᠢ ᠴᠠᠬᠢᠯᠭᠠᠨ ᠬᠤᠯᠪᠣᠭ᠎ᠠ᠂ | ᠲᠣᠣᠷ ᠰᠦᠯᠵᠢᠶ᠎ᠡ ᠵᠡᠷᠭᠡ ᠪᠠᠷ ᠳᠠᠭᠤᠳᠠᠬᠤ ᠦᠢᠯᠡᠴᠢᠯᠡᠭᠡᠨ ᠤ ᠠᠷᠭ᠎ᠠ ᠮᠠᠶ᠋ᠢᠭ ᠢᠶᠠᠷ ᠠᠶᠠᠨᠴᠢᠳ ᠲᠤ ᠡᠵᠡᠩᠨᠡᠯᠲᠡ ᠶᠢᠨ | ᠦᠢᠯᠡᠴᠢᠯᠡᠭᠡ ᠬᠠᠩᠭᠠᠪᠠᠯ᠂ ᠲᠤᠰ ᠬᠡᠷᠡᠭᠵᠢᠭᠦᠯᠬᠦ ᠨᠠᠷᠢᠨ ᠳᠦᠷᠢᠮ ᠢ ᠬᠡᠷᠡᠭᠯᠡᠬᠦ ᠦᠭᠡᠢ᠃ | ᠭᠤᠴᠢᠨ ᠲᠠᠪᠤᠳᠤᠭᠠᠷ ᠵᠦᠢᠯ ᠰᠦᠯᠵᠢᠶᠡᠨ ᠳᠡᠭᠡᠷ᠎ᠡ ᠲᠡᠷᠭᠡ ᠪᠣᠯᠵᠣᠬᠤ ᠲᠠᠪᠴᠠᠩ ᠢᠶᠠᠷ ᠳᠠᠮᠵᠢᠭᠤᠯᠤᠨ | ᠳᠠᠭᠤᠳᠠᠬᠤ ᠦᠢᠯᠡᠴᠢᠯᠡᠭᠡ ᠬᠠᠩᠭᠠᠬᠤ ᠵᠠᠮ ᠲᠣᠭᠤᠷᠢᠬᠤ ᠲᠡᠷᠭᠡ ᠨᠢ ᠵᠠᠮ ᠲᠣᠭᠤᠷᠢᠬᠤ ᠲᠡᠷᠭᠡ ᠶᠢᠨ | ᠬᠠᠮᠢᠶᠠᠷᠤᠯᠲᠠ ᠶᠢᠨ ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠬᠤ ᠬᠡᠷᠡᠭᠲᠡᠢ᠃ | ᠭᠤᠴᠢᠨ ᠵᠢᠷᠭᠤᠳᠤᠭᠠᠷ ᠵᠦᠢᠯ ᠲᠤᠰ ᠨᠠᠷᠢᠨ ᠳᠦᠷᠢᠮ ᠢ ᠨᠡᠶᠢᠲᠡᠯᠡᠭᠰᠡᠨ ᠡᠳᠦᠷ ᠠᠴᠠ ᠡᠬᠢᠯᠡᠨ 30 | ᠡᠳᠦᠷ ᠤᠨ ᠳᠠᠷᠠᠭ᠎ᠠ ᠠᠴᠠ ᠬᠡᠷᠡᠭᠵᠢᠭᠦᠯᠦᠨ᠎ᠡ᠃ | | |