ᠦᠰᠦᠭ ᠪᠢᠴᠢᠭ ᠢᠶᠠᠷ ᠲᠠᠶᠢᠯᠬᠤᠢ᠄ ︽ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ᠤᠨ ᠲᠠᠶᠢᠯᠤᠮᠵᠢ
ᠨᠡᠶᠢᠲᠡᠯᠡᠭᠰᠡᠨ ᠴᠠᠭ᠄
2023/12/21
      ᠨᠢᠭᠡ᠂ ᠲᠣᠭᠲᠠᠭᠠᠭᠰᠠᠨ ᠠᠬᠤᠢ ᠪᠠᠶᠢᠳᠠᠯ      ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ  ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ᠭᠤᠷᠪᠠᠨ ᠡᠵᠡᠮᠳᠡᠯ ᠱᠤᠭᠤᠮ ᠢ ᠨᠢᠭᠡᠳᠦᠯᠲᠡᠢ ᠲᠥᠯᠥᠪᠯᠡᠨ ᠲᠣᠭᠲᠠᠭᠠᠵᠤ ᠨᠠᠶᠢᠳᠠᠪᠤᠷᠢᠵᠢᠭᠤᠯᠬᠤ ᠲᠤᠬᠠᠢ ᠵᠢᠯᠤᠭᠤᠳᠬᠤ ᠰᠠᠨᠠᠯ︾ ᠢ ᠭᠦᠨᠵᠡᠭᠡᠢ ᠲᠤᠭᠤᠰᠢᠯᠠᠭᠤᠯᠵᠤ᠂ ︽ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠠᠮᠢ ᠠᠬᠤᠢ ᠣᠷᠴᠢᠨ ᠲᠣᠭᠤᠷᠢᠨ ᠤ ᠶᠠᠮᠤᠨ  ᠤᠯᠤᠰ ᠤᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠮᠡᠳᠡᠭᠳᠡᠯ ︵ᠲᠤᠷᠰᠢᠨ ᠬᠡᠷᠡᠭᠵᠢᠭᠦᠯᠬᠦ︶︾ ︵ᠪᠠᠶᠢᠭᠠᠯᠢ ᠡᠬᠢ ᠪᠠᠶᠠᠯᠢᠭ ᠲᠠᠷᠬᠠᠭᠠᠭᠰᠠᠨ ﹇2022﹈ 142 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠤᠭ ᠤᠨ ᠴᠢᠩᠭ᠎ᠠ ᠳᠦᠷᠢᠮ ᠢ ᠨᠠᠶᠢᠳᠠᠪᠤᠷᠢᠵᠢᠭᠤᠯᠤᠨ᠂ ᠠᠮᠢ ᠠᠬᠤᠢ ᠶᠢᠨ ᠴᠢᠳᠠᠮᠵᠢ ᠶᠢ ᠪᠠᠲᠤᠯᠠᠨ ᠬᠠᠮᠠᠭᠠᠯᠠᠵᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠶᠢᠨ ᠲᠥᠯᠥᠭᠡ ᠥᠪᠡᠷᠲᠡᠭᠡᠨ ᠵᠠᠰᠠᠬᠤ ᠣᠷᠣᠨ ︽ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢ ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ ︵ᠲᠤᠷᠰᠢᠨ ᠬᠡᠷᠡᠭᠵᠢᠭᠦᠯᠬᠦ︶︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠲᠣᠪᠴᠢᠯᠠᠪᠠ︶ ᠢ ᠲᠣᠭᠲᠠᠭᠠᠵᠠᠢ᠃ 142 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠢᠯᠡ ᠨᠡᠶᠢᠲᠡᠯᠡᠬᠦ ᠠᠷᠭ᠎ᠠ ᠨᠢ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠪᠣᠯᠣᠨ᠎ᠠ᠂ ︽ᠬᠡᠷᠡᠭᠵᠢᠭᠦᠯᠬᠦ ᠰᠠᠨᠠᠯ︾ ᠲᠣᠰ ᠪᠢᠴᠢᠭ ᠮᠠᠲ᠋ᠧᠷᠢᠶᠠᠯ ᠢ ᠦᠨᠳᠦᠰᠦᠯᠡᠨ ᠲᠣᠭᠲᠠᠭᠠᠭᠰᠠᠨ ᠤᠴᠢᠷ᠎ᠠ ᠰᠠᠨᠠᠭᠠᠴᠢᠯᠠᠭ᠎ᠠ ᠠᠴᠠ ᠪᠠᠨ ᠢᠯᠡ ᠨᠡᠶᠢᠲᠡᠯᠡᠬᠦ ᠬᠡᠷᠡᠭᠲᠡᠢ᠃      ᠬᠤᠶᠠᠷ᠂ ᠭᠤᠣᠯ ᠠᠭᠤᠯᠭ᠎ᠠ      ︽ᠬᠡᠷᠡᠭᠵᠢᠭᠦᠯᠬᠦ ᠰᠠᠨᠠᠯ︾ ᠢ ᠨᠡᠶᠢᠳᠡ ᠲᠤᠯᠤᠭᠠᠨ ᠭᠤᠣᠯ ᠠᠭᠤᠯᠭ᠎ᠠ ᠪᠣᠯᠭᠠᠨ ᠬᠤᠪᠢᠶᠠᠨ᠎ᠠ᠂ ᠡᠭᠦᠨ ᠳᠤ ᠶᠡᠷᠦᠩᠬᠡᠢ ᠱᠠᠭᠠᠷᠳᠠᠯᠭ᠎ᠠ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠲᠦᠷᠦᠯ ᠢ ᠲᠣᠳᠣᠷᠬᠠᠶᠢᠯᠠᠬᠤ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠬᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠤᠯᠤᠰ ᠤᠨ ᠴᠢᠬᠤᠯᠠ ᠶᠡᠭᠡ ᠲᠥᠰᠥᠯ ᠳᠤ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠨᠤᠲᠠᠯᠠᠯᠲᠠ ᠶᠢ ᠵᠢᠷᠤᠮᠵᠢᠭᠤᠯᠬᠤ᠂ ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠬᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠲᠣᠬᠢᠷᠠᠭᠤᠯᠤᠯᠲᠠ ᠶᠢ ᠴᠢᠩᠳᠠᠯᠠᠬᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠶᠢ ᠪᠠᠭᠲᠠᠭᠠᠵᠤ ᠪᠠᠶᠢᠨ᠎ᠠ᠃      ᠨᠢᠭᠡ᠂ ᠶᠡᠷᠦᠩᠬᠡᠢ ᠱᠠᠭᠠᠷᠳᠠᠯᠭ᠎ᠠ᠃ ︽ᠬᠡᠷᠡᠭᠵᠢᠭᠦᠯᠬᠦ ᠰᠠᠨᠠᠯ︾ ᠳᠤ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠭᠤᠰᠢᠯᠠᠭᠤᠯᠬᠤ᠂ ᠪᠥᠬᠦ ᠤᠯᠤᠰ ᠤᠨ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠶᠡᠭᠡ ᠬᠤᠷᠠᠯ ᠤᠨ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠬᠤ᠂ ᠬᠥᠬᠡᠮᠳᠦᠭ ᠨᠣᠭᠤᠭᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠤ ᠵᠢᠯᠤᠭᠤᠳᠬᠤ ᠦᠵᠡᠯ ᠰᠠᠨᠠᠭ᠎ᠠ ᠪᠠ ᠶᠡᠷᠦᠩᠬᠡᠢ ᠱᠠᠭᠠᠷᠳᠠᠯᠭ᠎ᠠ ᠶᠢ ᠭᠦᠨᠵᠡᠭᠡᠢ ᠦᠢᠯᠡᠳᠦᠯᠭᠡᠵᠢᠭᠦᠯᠬᠦ ᠶᠢ ᠲᠣᠳᠣᠷᠬᠠᠶᠢᠯᠠᠵᠠᠢ᠃      ᠬᠤᠶᠠᠷ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠲᠦᠷᠦᠯ ᠢ ᠲᠣᠳᠣᠷᠬᠠᠶᠢᠯᠠᠪᠠ᠃ ︽ᠬᠡᠷᠡᠭᠵᠢᠭᠦᠯᠬᠦ ᠰᠠᠨᠠᠯ︾  ᠳᠤ ᠤᠯᠤᠰ ᠠᠴᠠ ᠵᠥᠪᠰᠢᠶᠡᠷᠡᠭᠰᠡᠨ 10 ᠲᠥᠷᠥᠯ ᠤᠨ ᠬᠢᠵᠠᠭᠠᠷᠲᠤ ᠬᠥᠮᠥᠰ ᠤᠨ ᠠᠵᠢᠯᠯᠠᠭ᠎ᠠ ᠳᠤᠮᠳᠠᠬᠢ ᠬᠠᠮᠢᠶᠠᠷᠴᠤ ᠬᠠᠮᠠᠭᠠᠯᠠᠬᠤ ᠲᠣᠭᠤᠷᠢᠨ ᠬᠠᠮᠠᠭᠠᠯᠠᠬᠤ᠂ ᠬᠠᠮᠠᠭᠠᠯᠠᠵᠤ ᠬᠠᠤᠯᠢ ᠬᠡᠷᠡᠭᠵᠢᠭᠦᠯᠬᠦ ᠵᠡᠷᠭᠡ ᠡᠷᠬᠡᠪᠰᠢ ᠱᠠᠭᠠᠷᠳᠠᠭᠳᠠᠬᠤ ᠲᠥᠬᠦᠭᠡᠷᠦᠮᠵᠢ᠂ ᠮᠠᠯᠴᠢᠳ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠲᠥᠬᠦᠭᠡᠷᠦᠮᠵᠢ ᠵᠢᠴᠢ ᠰᠢᠨᠵᠢᠯᠡᠬᠦ ᠤᠬᠠᠭᠠᠨ ᠤ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠤᠬᠠᠭᠤᠯᠭ᠎ᠠ ᠬᠥᠮᠦᠵᠢᠯ ᠳᠤ ᠬᠤᠯᠪᠣᠭᠳᠠᠬᠤ ᠡᠷᠬᠡᠪᠰᠢ ᠱᠠᠭᠠᠷᠳᠠᠭᠳᠠᠬᠤ ᠨᠡᠶᠢᠲᠡ ᠶᠢᠨ ᠲᠥᠬᠦᠭᠡᠷᠦᠮᠵᠢ ᠵᠡᠷᠭᠡ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠠᠭᠤᠯᠭ᠎ᠠ ᠶᠢ ᠨᠠᠷᠢᠯᠢᠭᠵᠢᠭᠤᠯᠵᠤ᠂ ︽ᠬᠡᠷᠡᠭᠵᠢᠭᠦᠯᠬᠦ ᠰᠠᠨᠠᠯ︾ ᠤᠨ ᠬᠡᠷᠡᠭᠵᠢᠭᠦᠯᠦᠭᠳᠡᠬᠦᠶᠢᠴᠡ ᠴᠢᠨᠠᠷ ᠢ ᠳᠡᠭᠡᠭᠰᠢᠯᠡᠭᠦᠯᠪᠡ᠃      ᠭᠤᠷᠪᠠ᠂ ᠬᠢᠵᠠᠭᠠᠷᠲᠤ ᠬᠥᠮᠥᠰ ᠤᠨ ᠠᠵᠢᠯᠯᠠᠭᠠᠨ ᠤ ᠬᠠᠮᠢᠶᠠᠷᠤᠯᠲᠠ ᠡᠵᠡᠮᠳᠡᠯ ᠢ ᠵᠢᠷᠤᠮᠵᠢᠭᠤᠯᠪᠠ᠃ ︽ᠬᠡᠷᠡᠭᠵᠢᠭᠦᠯᠬᠦ ᠰᠠᠨᠠᠯ︾ ᠳᠤ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠲᠤ ᠬᠤᠯᠪᠣᠭᠳᠠᠬᠤ ᠬᠢᠵᠠᠭᠠᠷᠲᠤ ᠬᠥᠮᠥᠰ ᠤᠨ ᠠᠵᠢᠯᠯᠠᠭᠠᠨ ᠤ ᠪᠣᠳᠠᠲᠠᠢ ᠭᠦᠢᠴᠡᠳᠬᠡᠬᠦ ᠵᠢᠷᠤᠮ ᠪᠠ ᠬᠢᠨᠠᠨ ᠪᠠᠶᠢᠴᠠᠭᠠᠬᠤ ᠠᠭᠤᠯᠭ᠎ᠠ ᠵᠡᠷᠭᠡ ᠶᠢ ᠲᠣᠳᠣᠷᠬᠠᠶᠢᠯᠠᠵᠠᠢ᠃ ᠡᠭᠦᠨ ᠤ ᠬᠠᠮᠲᠤ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠰᠢᠨ᠎ᠡ ᠪᠠᠷ ᠨᠡᠮᠡᠭᠳᠡᠭᠰᠡᠨ ᠭᠠᠵᠠᠷ ᠲᠤ ᠡᠰᠡ ᠬᠤᠯᠪᠣᠭᠳᠠᠬᠤ ᠬᠢᠵᠠᠭᠠᠷᠲᠤ ᠬᠥᠮᠥᠰ ᠤᠨ ᠠᠵᠢᠯᠯᠠᠭ᠎ᠠ ᠳᠤ ᠴᠢᠭᠯᠡᠭᠦᠯᠦᠨ᠂ ᠪᠣᠳᠠᠲᠠᠢ ᠪᠦᠲᠦᠭᠡᠨ ᠪᠠᠶᠢᠭᠤᠯᠤᠯᠲᠠ ᠶᠢᠨ ᠠᠵᠢᠯᠯᠠᠭ᠎ᠠ ᠪᠠᠶᠢᠬᠤ ᠡᠰᠡᠬᠦ ᠪᠠᠷ ᠨᠢ ᠬᠤᠶᠠᠷ ᠵᠦᠢᠯ ᠤᠨ ᠪᠠᠶᠢᠳᠠᠯ ᠬᠤᠪᠢᠶᠠᠨ ᠲᠣᠰ ᠪᠦᠷᠢ ᠳᠤ ᠨᠢ ᠬᠠᠮᠢᠶᠠᠷᠤᠯᠲᠠ ᠶᠢᠨ ᠱᠠᠭᠠᠷᠳᠠᠯᠭ᠎ᠠ ᠳᠤᠷᠠᠳᠴᠠᠢ᠃ ᠡᠭᠦᠨ ᠳᠤ᠂ ᠪᠣᠳᠠᠲᠠᠢ ᠪᠦᠲᠦᠭᠡᠨ ᠪᠠᠶᠢᠭᠤᠯᠬᠤ ᠠᠵᠢᠯᠯᠠᠭ᠎ᠠ ᠲᠠᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠮᠠᠭᠠᠳᠯᠠᠨ ᠲᠣᠭᠲᠠᠭᠠᠬᠤ ᠰᠠᠨᠠᠯ ᠭᠠᠷᠭᠠᠵᠤ ᠥᠭᠭᠦᠭᠡᠳ ᠪᠦᠲᠦᠭᠡᠨ ᠪᠠᠶᠢᠭᠤᠯᠬᠤ ᠠᠵᠢᠯᠯᠠᠭ᠎ᠠ ᠥᠷᠨᠢᠭᠦᠯᠬᠦ ᠵᠢᠴᠢ ᠬᠠᠮᠢᠶ᠎ᠠ ᠪᠦᠬᠦᠢ ᠭᠠᠷᠳᠠᠮ ᠭᠦᠢᠴᠡᠳᠬᠡᠬᠦ ᠳᠤ ᠨᠢ ᠦᠨᠳᠦᠰᠦᠯᠡᠯ ᠪᠣᠯᠭᠠᠬᠤ ᠶᠢ ᠲᠣᠭᠲᠠᠭᠠᠵᠠᠢ᠃ ᠪᠣᠳᠠᠲᠠᠢ ᠪᠦᠲᠦᠭᠡᠨ ᠪᠠᠶᠢᠭᠤᠯᠬᠤ ᠠᠵᠢᠯᠯᠠᠭ᠎ᠠ ᠦᠭᠡᠢ ᠪᠣᠯ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠬᠦ ᠶᠢ ᠲᠣᠳᠣᠷᠬᠠᠶᠢᠯᠠᠭᠰᠠᠨ ᠪᠠᠶᠢᠨ᠎ᠠ᠃      ᠳᠥᠷᠪᠡ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠤᠯᠤᠰ ᠤᠨ ᠴᠢᠬᠤᠯᠠ ᠶᠡᠭᠡ ᠲᠥᠰᠥᠯ ᠳᠤ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠨᠤᠲᠠᠯᠠᠯᠲᠠ ᠶᠢ ᠵᠢᠷᠤᠮᠵᠢᠭᠤᠯᠪᠠ᠃ ︽ᠬᠡᠷᠡᠭᠵᠢᠭᠦᠯᠬᠦ ᠰᠠᠨᠠᠯ︾ ᠳᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢ ᠨᠢ ᠵᠥᠪᠰᠢᠶᠡᠷᠡᠬᠦ ᠤᠯᠤᠰ ᠤᠨ ᠴᠢᠬᠤᠯᠠ ᠶᠡᠭᠡ ᠲᠥᠰᠥᠯ ᠤᠨ ᠬᠡᠪᠴᠢᠶ᠎ᠡ ᠶᠢ ᠲᠣᠳᠣᠷᠬᠠᠢ ᠲᠣᠭᠲᠠᠭᠠᠵᠤ᠂ ᠤᠯᠤᠰ ᠤᠨ ᠴᠢᠬᠤᠯᠠ ᠶᠡᠭᠡ ᠲᠥᠰᠥᠯ ᠳᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠡᠵᠡᠯᠡᠨ ᠬᠡᠷᠡᠭᠯᠡᠬᠦ ᠶᠢᠨ ᠵᠠᠶᠢᠯᠠᠰᠢ ᠦᠭᠡᠢ ᠶᠢ ᠨᠤᠲᠠᠯᠠᠬᠤ ᠰᠠᠨᠠᠯ ᠢ ᠭᠠᠷᠭᠠᠬᠤ ᠭᠦᠢᠴᠡᠳᠬᠡᠬᠦ ᠳᠠᠷᠠᠭᠠᠯᠠᠯ ᠳᠤ ᠲᠣᠭᠲᠠᠭᠠᠯ ᠭᠠᠷᠭᠠᠭᠰᠠᠨ ᠪᠥᠭᠡᠳ ᠪᠣᠳᠠᠲᠠᠢ ᠭᠦᠢᠴᠡᠳᠬᠡᠬᠦ ᠶᠠᠪᠤᠴᠠ ᠵᠢᠴᠢ ᠬᠢᠨᠠᠨ ᠪᠠᠶᠢᠴᠠᠭᠠᠬᠤ ᠠᠭᠤᠯᠭ᠎ᠠ ᠵᠡᠷᠭᠡ ᠱᠠᠭᠠᠷᠳᠠᠯᠭ᠎ᠠ ᠳᠤᠷᠠᠳᠪᠠ᠃      ᠲᠠᠪᠤ᠂ ᠲᠦᠷ ᠴᠠᠭ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢ ᠴᠢᠩᠭᠠᠳᠬᠠᠪᠠ᠃ ︽ᠬᠡᠷᠡᠭᠵᠢᠭᠦᠯᠬᠦ ᠰᠠᠨᠠᠯ︾ ᠳᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷᠠᠬᠢ ᠬᠢᠵᠠᠭᠠᠷᠲᠤ ᠬᠥᠮᠥᠰ ᠤᠨ ᠠᠵᠢᠯᠯᠠᠭ᠎ᠠ ᠪᠠ ᠤᠯᠤᠰ ᠤᠨ ᠴᠢᠬᠤᠯᠠ ᠶᠡᠭᠡ ᠲᠥᠰᠥᠯ ᠨᠢ ᠲᠦᠷ ᠬᠡᠷᠡᠭᠯᠡᠬᠦ ᠭᠠᠵᠠᠷ ᠲᠤ ᠬᠤᠯᠪᠣᠭᠳᠠᠪᠠᠯ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠠᠴᠠ ᠠᠯᠢ ᠴᠢᠳᠠᠬᠤ ᠪᠠᠷ ᠵᠠᠶᠢᠯᠠᠬᠤ ᠬᠡᠷᠡᠭᠲᠡᠢ᠂ ᠦᠨᠡᠬᠡᠷ ᠵᠠᠶᠢᠯᠠᠬᠤ ᠶᠢᠨ ᠠᠷᠭ᠎ᠠ ᠦᠭᠡᠢ ᠪᠣᠯ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠲᠦᠷ ᠡᠵᠡᠯᠡᠨ ᠬᠡᠷᠡᠭᠯᠡᠬᠦ ᠲᠣᠭᠲᠠᠭᠠᠯ ᠢᠶᠠᠷ ᠯᠠᠪᠯᠠᠯᠲᠠ ᠪᠣᠯᠭᠠᠨ ᠭᠦᠢᠴᠡᠳᠬᠡᠵᠦ᠂ ᠰᠡᠷᠭᠦᠭᠡᠬᠦ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠲᠣᠳᠣᠷᠬᠠᠶᠢᠯᠠᠵᠠᠢ᠃      ᠵᠢᠷᠭᠤᠭ᠎ᠠ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠲᠣᠬᠢᠷᠠᠭᠤᠯᠤᠯᠲᠠ ᠶᠢ ᠴᠢᠩᠳᠠᠯᠠᠪᠠ᠃ ︽ᠬᠡᠷᠡᠭᠵᠢᠭᠦᠯᠬᠦ ᠰᠠᠨᠠᠯ︾ ᠳᠤ ᠤᠯᠤᠰ ᠤᠨ ᠲᠣᠭᠲᠠᠭᠠᠯ ᠶᠣᠰᠣᠭᠠᠷ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠵᠠᠭᠠᠭ ᠬᠢᠵᠠᠭᠠᠷ ᠲᠤ ᠲᠣᠬᠢᠷᠠᠭᠤᠯᠤᠯᠲᠠ ᠬᠢᠬᠦ᠂ ᠨᠢᠭᠡᠨᠲᠡ ᠬᠠᠤᠯᠢ ᠶᠣᠰᠣᠭᠠᠷ ᠲᠣᠭᠲᠠᠭᠠᠭᠰᠠᠨ ᠲᠣᠰᠣ ᠬᠡᠢ ᠶᠢᠨ ᠠᠭᠤᠷᠬᠠᠢ ᠬᠠᠶᠢᠬᠤ ᠡᠷᠬᠡ ᠶᠢ ᠠᠭᠤᠷᠬᠠᠢ ᠮᠠᠯᠲᠠᠬᠤ ᠡᠷᠬᠡ ᠤᠷᠤᠭᠤ ᠰᠢᠯᠵᠢᠭᠦᠯᠬᠦ ᠪᠠᠷ ᠲᠥᠯᠥᠪᠯᠡᠬᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤ ︽ᠲᠠᠪᠤᠨ ᠵᠢᠯ ᠳᠤ ᠨᠢᠭᠡ ᠤᠳᠠᠭ᠎ᠠ ᠦᠨᠡᠯᠡᠨ ᠵᠢᠱᠢᠬᠦ︾ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠡᠰᠡᠭ ᠲᠠᠯ᠎ᠠ ᠶᠢᠨ ᠲᠣᠬᠢᠷᠠᠭᠤᠯᠤᠯᠲᠠ ᠬᠢᠬᠦ ᠶᠢ ᠬᠡᠷᠡᠭᠵᠢᠭᠦᠯᠬᠦ ᠶᠢ ᠲᠣᠳᠣᠷᠬᠠᠶᠢᠯᠠᠵᠠᠢ᠃ ᠵᠢᠴᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠳᠤ ᠲᠣᠬᠢᠷᠠᠭᠤᠯᠤᠯᠲᠠ ᠬᠢᠬᠦ ᠴᠢᠬᠤᠯᠠᠲᠠᠢ ᠪᠤᠰᠤᠳ ᠪᠣᠳᠠᠲᠠᠢ ᠲᠡᠰ ᠳᠠᠷᠠᠭᠠᠯᠠᠯ ᠳᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠯᠡ ᠵᠢᠷᠤᠭ︾ ᠢ ᠵᠡᠷᠭᠡᠳᠡ ᠨᠢ ᠰᠢᠨᠡᠳᠬᠡᠬᠦ ᠠᠵᠢᠯ ᠤᠨ ᠱᠠᠭᠠᠷᠳᠠᠯᠭ᠎ᠠ ᠶᠢ ᠳᠤᠷᠠᠳᠴᠠᠢ᠃      ᠲᠤᠯᠤᠭ᠎ᠠ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ᠃ ︽ᠬᠡᠷᠡᠭᠵᠢᠭᠦᠯᠬᠦ ᠰᠠᠨᠠᠯ︾ ᠳᠤ ᠣᠷᠣᠨ ᠨᠤᠲᠤᠭ ᠤᠨ ᠵᠠᠰᠠᠭ ᠤᠨ ᠣᠷᠳᠣᠨ ᠤ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠴᠢᠩᠭ᠎ᠠ ᠰᠠᠬᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠬᠤᠯᠪᠣᠭᠳᠠᠯ ᠪᠦᠬᠦᠢ ᠰᠢᠢᠳᠪᠦᠷᠢᠲᠦ ᠪᠣᠳᠣᠯᠭ᠎ᠠ ᠶᠢᠨ ᠴᠢᠬᠤᠯᠠ ᠦᠨᠳᠦᠰᠦᠯᠡᠯ ᠪᠣᠯᠭᠠᠵᠤ᠂ ᠬᠠᠮᠠᠭᠠᠯᠠᠬᠤ ᠪᠠ ᠰᠠᠬᠢᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠬᠦ ᠶᠢ ᠲᠣᠳᠣᠷᠬᠠᠶᠢᠯᠠᠭᠰᠠᠨ ᠮᠥᠷᠲᠡᠭᠡᠨ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠴᠢᠩᠭᠠᠳᠬᠠᠬᠤ ᠬᠡᠷᠡᠭᠲᠡᠢ ᠭᠡᠵᠦ ᠲᠣᠭᠲᠠᠭᠠᠵᠠᠢ᠃ ᠡᠭᠦᠨ ᠤ ᠬᠠᠮᠲᠤ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷᠠᠬᠢ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠨ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠳᠣᠲᠣᠷ᠎ᠠ ᠡᠭᠦᠰᠦᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠨᠤᠭᠤᠳ ᠢ ᠬᠤᠯᠪᠣᠭᠳᠠᠯ ᠪᠦᠬᠦᠢ ᠡᠯ᠎ᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠶᠣᠰᠣᠭᠠᠷ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠲᠣᠭᠲᠠᠭᠠᠯ ᠢ ᠦᠨᠳᠦᠰᠦᠯᠡᠨ ᠬᠦᠨᠳᠦ ᠪᠠᠷ ᠰᠢᠢᠳᠬᠡᠨ᠎ᠡ ᠭᠡᠵᠦ ᠳᠤᠷᠠᠳᠪᠠ᠃      ᠭᠤᠷᠪᠠ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠱᠠᠭᠠᠷᠳᠠᠯᠭ᠎ᠠ      ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠤᠨ ᠬᠠᠮᠢᠶᠠᠷᠤᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠮᠢ ᠠᠬᠤᠢ ᠶᠢ ᠬᠠᠮᠠᠭᠠᠯᠠᠬᠤ ᠤᠯᠠᠭᠠᠨ ᠱᠤᠭᠤᠮ ᠢ ᠴᠢᠩᠭ᠎ᠠ ᠰᠠᠬᠢᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨ ᠬᠦ ᠪᠣᠳᠠᠲᠠᠢ ᠪᠠᠷ ᠨᠠᠶᠢᠳᠠᠪᠤᠷᠢᠵᠢᠭᠤᠯᠵᠤ᠂ ︽ᠬᠡᠷᠡᠭᠵᠢᠭᠦᠯᠬᠦ ᠰᠠᠨᠠᠯ︾ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠬᠡᠷᠡᠭᠵᠢᠭᠦᠯᠦᠨ᠂ ᠤᠬᠠᠭᠤᠯᠭ᠎ᠠ ᠪᠣᠯᠪᠠᠰᠤᠷᠠᠯ ᠪᠠ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠴᠢᠩᠭᠠᠳᠬᠠᠵᠤ᠂ ᠬᠤᠷᠢᠭ᠎ᠠ ᠱᠤᠭᠤᠮ ᠤᠨ ᠰᠡᠳᠬᠢᠬᠦᠢ ᠶᠢ ᠪᠠᠲᠤ ᠪᠣᠶ ᠪᠣᠯᠭᠠᠵᠤ᠂ ᠪᠠᠶᠢᠭᠤᠯᠤᠯ ᠲᠣᠭᠲᠠᠴᠠ ᠶᠢ ᠴᠢᠨᠠᠭᠰᠢᠳᠠ ᠤᠯᠠᠮ ᠲᠡᠭᠦᠯᠳᠡᠷᠵᠢᠭᠦᠯᠦᠨ᠂ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠦᠨᠡᠨ ᠬᠦ ᠪᠠᠬᠢᠵᠢᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号