ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠶᠢ ᠵᠠᠭᠠᠭᠯᠠᠨ ᠲᠣᠭᠲᠠᠭᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ
ᠨᠡᠶᠢᠲᠡᠯᠡᠭᠰᠡᠨ ᠴᠠᠭ᠄
2023/12/22
ᠬᠥᠬᠡᠬᠤᠲᠠ ᠵᠠᠰᠠᠭ ᠲᠠᠷᠬᠠᠭᠠᠭᠰᠠᠨ ﹇2023﹈ 27 ᠳ᠋ᠤᠭᠠᠷ ᠲᠣᠭᠠᠲᠤ      ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠤ ᠪᠣᠬᠢᠷᠲᠤᠯ ᠭᠠᠳᠠᠭᠰᠢᠯᠠᠭᠤᠯᠬᠤ ᠶᠢ ᠤᠯᠠᠮ ᠨᠢᠭᠡ ᠠᠯᠬᠤᠮ ᠪᠠᠭᠠᠰᠬᠠᠵᠤ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠦᠷᠭᠦᠯᠵᠢᠯᠡᠨ ᠰᠠᠶᠢᠵᠢᠷᠠᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠢᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠶᠢ ᠵᠠᠭᠠᠭᠯᠠᠨ ᠲᠣᠭᠲᠠᠭᠠᠵᠤ᠂ ᠬᠤᠯᠪᠣᠭᠳᠠᠯ ᠪᠦᠬᠦᠢ ᠤᠴᠢᠷ ᠢ ᠡᠳᠦᠭᠡ ᠳᠣᠣᠷᠠᠬᠢ ᠮᠡᠲᠦ ᠵᠠᠷᠯᠠᠶ᠎ᠠ᠄      ᠨᠢᠭᠡ᠂ ᠲᠤᠰ ᠵᠠᠷᠯᠠᠯ ᠳᠤ ᠬᠡᠯᠡᠵᠦ ᠪᠠᠶᠢᠭ᠎ᠠ ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠭᠡᠳᠡᠭ ᠪᠣᠯ ︽ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠳᠤ ᠬᠡᠷᠡᠭᠯᠡᠬᠦ ᠴᠠᠶᠢᠶ᠋ᠢᠦ ᠲᠣᠰᠣᠨ ᠤ ᠮᠠᠰᠢᠨ ᠤ ᠭᠠᠳᠠᠭᠰᠢᠯᠠᠭᠤᠯᠬᠤ ᠬᠡᠢ ᠶᠢᠨ ᠪᠣᠬᠢᠷᠲᠤᠯ ᠪᠣᠳᠠᠰ ᠤᠨ ᠭᠠᠳᠠᠭᠰᠢᠯᠠᠭᠤᠯᠤᠯᠲᠠ ᠶᠢᠨ ᠬᠢᠵᠠᠭᠠᠷ ᠬᠡᠮᠵᠢᠭᠳᠡᠯ ᠵᠢᠴᠢ ᠬᠡᠮᠵᠢᠬᠦ ᠠᠷᠭ᠎ᠠ ︵ᠳᠤᠮᠳᠠᠳᠤ ᠤᠯᠤᠰ ᠤᠨ ᠭᠤᠷᠪᠠᠳᠤᠭᠠᠷ᠂ ᠳᠥᠷᠪᠡᠳᠦᠭᠡᠷ ᠱᠠᠲᠤ︶︾ ︵GB20891-2014︶ ᠶᠢᠨ ᠭᠤᠷᠪᠠᠳᠤᠭᠠᠷ ᠱᠠᠲᠤᠨ ︵ᠤᠯᠤᠰ ᠤᠨ Ⅲ︶ ᠤ ᠭᠠᠳᠠᠭᠰᠢᠯᠠᠭᠤᠯᠤᠯᠲᠠ ᠶᠢᠨ ᠪᠠᠷᠢᠮᠵᠢᠶ᠎ᠠ ᠳᠤ ᠦᠯᠦ ᠬᠦᠷᠬᠦ᠂ ᠡᠰᠡᠬᠦᠯ᠎ᠡ ︽ᠵᠠᠮ ᠬᠠᠷᠢᠯᠴᠠᠭᠠᠨ ᠤ ᠪᠤᠰᠤ ᠰᠢᠯᠵᠢᠮᠡᠯ ᠴᠠᠶᠢᠶ᠋ᠢᠦ ᠲᠣᠰᠣᠨ ᠤ ᠮᠠᠰᠢᠨ ᠤ ᠭᠠᠳᠠᠭᠰᠢᠯᠠᠭᠤᠯᠬᠤ ᠬᠡᠢ ᠶᠢᠨ ᠤᠲᠤᠭᠠᠨ ᠤ ᠬᠡᠮᠵᠢᠶ᠎ᠡ ᠶᠢᠨ ᠬᠢᠵᠠᠭᠠᠷ ᠬᠡᠮᠵᠢᠭᠳᠡᠯ ᠵᠢᠴᠢ ᠬᠡᠮᠵᠢᠬᠦ ᠠᠷᠭ᠎ᠠ︾ ︵GB36886 ︱ 2018︶ ᠶᠢᠨ ᠳᠣᠲᠣᠷᠠᠬᠢ Ⅲ ᠲᠥᠷᠥᠯ ᠤᠨ ᠤᠲᠤᠭᠠᠨ ᠤ ᠬᠡᠮᠵᠢᠶ᠎ᠡ ᠶᠢᠨ ᠬᠢᠵᠠᠭᠠᠷ ᠬᠡᠮᠵᠢᠭᠳᠡᠯ ᠠᠴᠠ ᠳᠠᠪᠠᠭᠰᠠᠨ ᠵᠠᠮ ᠬᠠᠷᠢᠯᠴᠠᠭᠠᠨ ᠤ ᠪᠤᠰᠤ ᠰᠢᠯᠵᠢᠮᠡᠯ ᠴᠠᠶᠢᠶ᠋ᠢᠦ ᠲᠣᠰᠣᠨ ᠤ ᠪᠠᠷᠢᠯᠭ᠎ᠠ ᠶᠢᠨ ᠮᠠᠰᠢᠨ ᠮᠧᠬᠠᠨᠢᠭ᠂ ᠲᠠᠷᠢᠶᠠᠯᠠᠩ ᠤᠨ ᠮᠠᠰᠢᠨ ᠮᠧᠬᠠᠨᠢᠭ᠂ ᠣᠶ ᠰᠢᠭᠤᠢ ᠶᠢᠨ ᠮᠠᠰᠢᠨ ᠮᠧᠬᠠᠨᠢᠭ᠂ ᠮᠠᠲ᠋ᠧᠷᠢᠶᠠᠯ ᠠᠴᠢᠶᠠᠯᠠᠵᠤ ᠪᠠᠭᠤᠯᠭᠠᠬᠤ ᠮᠠᠰᠢᠨ ᠮᠧᠬᠠᠨᠢᠭ᠂ ᠠᠵᠤ ᠦᠢᠯᠡᠳᠪᠦᠷᠢ ᠶᠢᠨ ᠥᠷᠥᠮᠳᠡᠨ ᠬᠠᠶᠢᠬᠤ ᠲᠥᠬᠦᠭᠡᠷᠦᠮᠵᠢ᠂ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ᠂ ᠨᠢᠰᠬᠡᠯ ᠤᠨ ᠪᠠᠭᠤᠳᠠᠯ ᠤᠨ ᠭᠠᠵᠠᠷ ᠤᠨ ᠦᠢᠯᠡᠴᠢᠯᠡᠭᠡᠨ ᠤ ᠲᠥᠬᠦᠭᠡᠷᠦᠮᠵᠢ ᠵᠡᠷᠭᠡ ᠶᠢ ᠵᠢᠭᠠᠵᠤ᠂ ᠡᠭᠦᠨ ᠳᠤ ᠭᠤᠣᠯᠳᠠᠭᠤ ᠤᠬᠤᠭᠤᠷ ᠮᠠᠰᠢᠨ᠂ ᠠᠴᠢᠬᠤ ᠮᠠᠰᠢᠨ᠂ ᠰᠢᠷᠣᠢ ᠲᠦᠯᠬᠢᠬᠦ ᠮᠠᠰᠢᠨ᠂ ᠵᠠᠮ ᠳᠠᠷᠤᠬᠤ ᠮᠠᠰᠢᠨ᠂ ᠯᠠᠴᠠ ᠳᠡᠪᠢᠰᠬᠦ ᠮᠠᠰᠢᠨ᠂ ᠠᠴᠠ ᠲᠡᠷᠭᠡ᠂ ᠵᠠᠰᠠᠮᠠᠯ ᠵᠠᠮ ᠤᠨ ᠪᠤᠰᠤ ᠠᠴᠢᠶᠠᠨ ᠤ ᠮᠠᠰᠢᠨ ᠵᠡᠷᠭᠡ ᠪᠠᠭᠲᠠᠬᠤ ᠮᠥᠷᠲᠡᠭᠡᠨ ᠡᠳᠡᠭᠡᠷ ᠢᠶᠠᠷ ᠬᠢᠵᠠᠭᠠᠷᠯᠠᠭᠳᠠᠬᠤ ᠦᠭᠡᠢ᠃      ᠬᠤᠶᠠᠷ᠂ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠳᠤ᠂ ᠭᠤᠣᠯ ᠬᠤᠲᠠ ᠶᠢᠨ ᠲᠣᠭᠤᠷᠢᠭ᠄ ᠵᠡᠭᠦᠨᠰᠢ ᠪᠠᠨ ᠬᠤᠷᠴᠢᠨ ᠬᠤᠷᠳᠤᠨ ᠤ ᠵᠠᠮ᠂ ᠬᠤᠶᠢᠰᠢ ᠪᠠᠨ ᠬᠤᠶᠢᠲᠤ ᠬᠤᠶᠠᠳᠤᠭᠠᠷ ᠲᠣᠭᠤᠷᠢᠯ ᠬᠤᠷᠳᠤᠨ ᠤ ᠵᠠᠮ᠂ ᠪᠠᠷᠠᠭᠤᠨᠰᠢ ᠪᠠᠨ ᠪᠠᠷᠠᠭᠤᠨ ᠬᠤᠶᠠᠳᠤᠭᠠᠷ ᠲᠣᠭᠤᠷᠢᠯ ᠬᠤᠷᠳᠤᠨ ᠤ ᠵᠠᠮ᠂ ᠡᠮᠦᠨᠡᠰᠢ ᠪᠠᠨ ᠡᠮᠦᠨ᠎ᠡ ᠬᠤᠶᠠᠳᠤᠭᠠᠷ ᠲᠣᠭᠤᠷᠢᠯ ᠤᠨ ᠬᠤᠷᠳᠤᠨ ᠤ ᠵᠠᠮ᠂ ᠶᠦᠨ ᠵᠦᠩ ᠵᠠᠮ᠂ ᠪᠢᠨ ᠾᠧ ᠡᠮᠦᠨ᠎ᠡ ᠵᠠᠮ᠂ ᠶᠢᠨ ᠾᠧ ᠡᠮᠦᠨ᠎ᠡ ᠵᠡᠭᠡᠯᠢ ᠶᠢᠨ ᠪᠦᠰᠡᠯᠡᠭᠰᠡᠨ ᠣᠷᠣᠨ︔ ᠲᠦᠮᠡᠳ ᠵᠡᠭᠦᠨ ᠬᠤᠰᠢᠭᠤ᠄ ᠴᠠᠭᠠᠰᠤᠴᠢ ᠪᠠᠯᠭᠠᠰᠤᠨ ᠤ ᠵᠠᠰᠠᠭ ᠵᠠᠬᠢᠷᠭᠠᠨ ᠤ ᠣᠷᠣᠨ︔ ᠲᠣᠭᠲᠠᠬᠤ ᠰᠢᠶᠠᠨ᠄ ᠱᠤᠸᠠᠩ ᠾᠧ ᠪᠠᠯᠭᠠᠰᠤᠨ ᠤ ᠵᠠᠰᠠᠭ ᠵᠠᠬᠢᠷᠭᠠᠨ ᠤ ᠣᠷᠣᠨ︔ ᠬᠤᠷᠢᠨᠭᠡᠷ ᠰᠢᠶᠠᠨ᠄ ᠴᠧᠩ ᠭᠤᠸᠠᠨ ᠪᠠᠯᠭᠠᠰᠤ ᠶᠢᠨ ᠵᠠᠰᠠᠭ ᠵᠠᠬᠢᠷᠭᠠᠨ ᠤ ᠣᠷᠣᠨ᠂ ᠬᠤᠷᠢᠨᠭᠡᠷ ᠰᠦ ᠶᠢᠨ ᠦᠢᠯᠡᠰ ᠤᠨ ᠨᠡᠭᠡᠭᠡᠯᠲᠡ ᠶᠢᠨ ᠲᠣᠭᠤᠷᠢᠭ ᠤᠨ ᠪᠠᠶᠢᠭᠤᠯᠤᠭᠳᠠᠭᠰᠠᠨ ᠣᠷᠣᠨ︔ ᠴᠢᠩ ᠱᠦᠢ ᠾᠧ ᠰᠢᠶᠠᠨ᠄ ᠴᠧᠩ ᠭᠤᠸᠠᠨ ᠪᠠᠯᠭᠠᠰᠤᠨ ᠤ ᠵᠠᠰᠠᠭ ᠵᠠᠬᠢᠷᠭᠠᠨ ᠤ ᠣᠷᠣᠨ︔ ᠦᠴᠦᠸᠠᠨ ᠰᠢᠶᠠᠨ᠄ ᠬᠥᠬᠡ ᠡᠷᠭᠢ ᠪᠠᠯᠭᠠᠰᠤᠨ ᠤ ᠵᠠᠰᠠᠭ ᠵᠠᠬᠢᠷᠭᠠᠨ ᠤ ᠣᠷᠣᠨ︔ ᠠᠵᠤ ᠠᠬᠤᠢ ᠶᠢᠨ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠄ ᠰᠠᠭᠠᠯᠢᠴᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︔ ᠬᠤᠷᠢᠨᠭᠡᠷ ᠰᠢᠨ᠎ᠡ ᠲᠣᠭᠤᠷᠢᠭ᠄ ᠡᠭᠦᠯᠡᠨ ᠬᠥᠨᠳᠡᠢ ᠶᠢᠨ ᠵᠠᠯᠭᠠᠯᠳᠤᠭᠰᠠᠨ ᠣᠷᠣᠨ ᠤ ᠲᠥᠯᠦᠪᠵᠢᠭᠦᠯᠭᠡ ᠡᠵᠡᠮᠳᠡᠯ ᠤᠨ ᠬᠢᠵᠠᠭᠠᠷᠯᠠᠬᠤ ᠬᠡᠪᠴᠢᠶ᠎ᠡ ᠪᠠᠭᠲᠠᠨ᠎ᠠ᠃      ᠭᠤᠷᠪᠠ᠂ ᠲᠤᠰ ᠵᠠᠷᠯᠠᠯ ᠤᠨ ᠲᠣᠭᠲᠠᠭᠠᠯ ᠠᠴᠠ ᠵᠥᠷᠢᠴᠡᠵᠦ᠂ ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠳᠤ ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠭᠰᠡᠨ ᠪᠠᠶᠢᠪᠠᠯ᠂ ᠠᠮᠢ ᠠᠬᠤᠢ ᠶᠢᠨ ᠣᠷᠴᠢᠨ ᠲᠣᠭᠤᠷᠢᠨ ᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠢᠳᠬᠡᠵᠦ᠂ ᠵᠠᠮ ᠬᠠᠷᠢᠯᠴᠠᠭ᠎ᠠ᠂ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠲᠠᠷᠢᠶᠠᠯᠠᠩ ᠮᠠᠯ ᠠᠵᠤ ᠠᠬᠤᠢ᠂ ᠤᠰᠤᠨ ᠤ ᠶᠠᠪᠤᠳᠠᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠠᠴᠠ ᠬᠠᠮᠵᠢᠯᠴᠠᠨ᠎ᠠ᠃       ᠳᠥᠷᠪᠡ᠂ ᠬᠦᠨᠳᠦ ᠪᠣᠬᠢᠷᠲᠤᠯ ᠲᠠᠢ ᠴᠠᠭ ᠠᠭᠤᠷ ᠤᠨ ᠬᠤᠭᠤᠴᠠᠭᠠᠨ ᠳᠤ᠂ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠢ ᠬᠡᠷᠡᠭᠯᠡᠭᠴᠢ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ︽ᠥᠪᠡᠷᠲᠡᠭᠡᠨ ᠵᠠᠰᠠᠬᠤ ᠣᠷᠣᠨ ᠤ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ︵2020 ᠣᠨ ᠤ ᠬᠡᠪᠯᠡᠯ︶ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 13 ᠳ᠋ᠤᠭᠠᠷ ᠲᠣᠭᠠᠲᠤ︶᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠤᠨ ︽︿ᠬᠥᠬᠡᠬᠤᠲᠠ ᠶᠢᠨ ᠬᠦᠨᠳᠦ ᠪᠣᠬᠢᠷᠲᠤᠯ ᠲᠠᠢ ᠴᠠᠭ ᠠᠭᠤᠷ ᠤᠨ ᠪᠠᠴᠢᠮ ᠪᠠᠶᠢᠳᠠᠯ ᠢ ᠠᠷᠭᠠᠴᠠᠬᠤ ᠲᠥᠰᠥᠯ ﹇2019 ᠵᠠᠰᠠᠪᠤᠷᠢ ᠣᠷᠣᠭᠤᠯᠤᠭᠰᠠᠨ ᠬᠡᠪᠯᠡᠯ﹈︾ ᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2019﹈  34 ᠳ᠋ᠦ᠋ᠭᠡᠷ ᠲᠣᠭᠠᠲᠤ︶ ᠤᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠬᠡᠷᠡᠭᠲᠡᠢ᠃      ᠲᠠᠪᠤ᠂ ᠪᠠᠴᠢᠮ ᠪᠠᠶᠢᠳᠠᠯ ᠢ ᠠᠷᠭᠠᠴᠠᠬᠤ᠂ ᠠᠶᠤᠯ ᠠᠴᠠ ᠠᠪᠤᠷᠠᠬᠤ᠂ ᠭᠠᠮᠰᠢᠭ ᠠᠴᠠ ᠠᠪᠤᠷᠠᠬᠤ ᠵᠡᠷᠭᠡ ᠣᠨᠴᠠᠭᠠᠢ ᠡᠭᠦᠷᠭᠡ ᠶᠢ ᠭᠦᠢᠴᠡᠳᠬᠡᠵᠦ ᠪᠠᠶᠢᠭ᠎ᠠ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠳᠤ ᠬᠢᠵᠠᠭᠠᠷᠯᠠᠭᠳᠠᠬᠤ ᠦᠭᠡᠢ᠃      ᠵᠢᠷᠭᠤᠭ᠎ᠠ᠂ ᠲᠤᠬᠠᠢ ᠶᠢᠨ ᠲᠠᠯᠠᠪᠤᠷ ᠲᠤ ᠣᠷᠣᠬᠤ ᠶᠢ ᠵᠥᠪᠰᠢᠶᠡᠷᠡᠬᠦ ᠦᠭᠡᠢ ᠵᠡᠷᠭᠡ ᠠᠷᠭ᠎ᠠ ᠬᠡᠯᠪᠡᠷᠢ ᠪᠠᠷ ᠠᠮᠢ ᠠᠬᠤᠢ ᠶᠢᠨ ᠣᠷᠴᠢᠨ ᠲᠣᠭᠤᠷᠢᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠵᠢᠴᠢ ᠲᠡᠭᠦᠨ ᠤ ᠣᠷᠴᠢᠨ ᠲᠣᠭᠤᠷᠢᠨ ᠤ ᠬᠠᠤᠯᠢ ᠬᠡᠷᠡᠭᠵᠢᠭᠦᠯᠬᠦ ᠪᠠᠶᠢᠭᠤᠯᠤᠮᠵᠢ ᠪᠤᠶᠤ ᠠᠭᠠᠷ ᠮᠠᠨᠳᠠᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠢᠨᠠᠯᠲᠠ ᠬᠠᠮᠢᠶᠠᠷᠤᠯᠲᠠ ᠶᠢᠨ ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠭ᠎ᠠ ᠪᠤᠰᠤᠳ ᠰᠠᠯᠠᠭ᠎ᠠ ᠮᠥᠴᠢᠷ ᠤᠨ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠦᠭᠡᠢ᠂ ᠡᠰᠡᠬᠦᠯ᠎ᠡ ᠬᠢᠨᠠᠯᠲᠠ ᠪᠠᠶᠢᠴᠠᠭᠠᠯᠲᠠ ᠶᠢ ᠬᠦᠯᠢᠶᠡᠬᠦ ᠳᠡᠭᠡᠨ ᠬᠤᠳᠠᠯ ᠬᠡᠯᠡᠵᠦ ᠬᠠᠭᠤᠷᠮᠠᠭ ᠵᠣᠬᠢᠶᠠᠭᠰᠠᠨ ᠪᠠᠶᠢᠪᠠᠯ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠶᠣᠰᠣᠭᠠᠷ ᠰᠢᠢᠳᠬᠡᠨ᠎ᠡ᠃      ᠲᠤᠯᠤᠭ᠎ᠠ᠂ ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 5 ᠵᠢᠯ᠃ ᠤᠤᠯ ᠤᠨ ︽ᠪᠣᠬᠢᠷᠲᠤᠯ ᠶᠡᠬᠡᠲᠡᠢ ᠵᠠᠮ ᠬᠠᠷᠢᠯᠴᠠᠭᠠᠨ ᠤ ᠪᠤᠰᠤ ᠰᠢᠯᠵᠢᠮᠡᠯ ᠮᠠᠰᠢᠨ ᠬᠡᠷᠡᠭᠯᠡᠬᠦ ᠶᠢ ᠴᠠᠭᠠᠵᠠᠯᠠᠬᠤ ᠣᠷᠣᠨ ᠪᠦᠰᠡ ᠶᠢ ᠵᠠᠭᠠᠭᠯᠠᠨ ᠲᠣᠭᠲᠠᠭᠠᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠯᠠᠯ︾ ︵ ᠬᠥᠬᠡᠬᠤᠲᠠ ᠶᠢᠨ ᠵᠠᠰᠠᠭ ᠲᠠᠷᠬᠠᠭᠠᠭᠰᠠᠨ ﹇2018﹈ 43 ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠦᠭᠡᠢ ᠪᠣᠯᠭᠠᠨ᠎ᠠ᠃                                    ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ                                    2023 ᠣᠨ ᠤ 9 ᠳ᠋ᠦ᠋ᠭᠡᠷ ᠰᠠᠷ᠎ᠠ ᠶᠢᠨ 22 ᠤᠨ ᠡᠳᠦᠷ                                   ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号