ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 54 ᠳ᠋ᠦ᠋ᠭᠡᠷ ᠲᠣᠭᠠᠲᠤ | | | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠬᠠᠮᠢᠶ᠎ᠠ | ᠪᠦᠬᠦᠢ ᠨᠢᠭᠡᠴᠢ ᠳᠤ᠄ | ︽ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ ᠬᠥᠭᠵᠢᠯᠲᠡ ᠶᠢ | ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠢ᠃ | | | ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2023 ᠣᠨ ᠤ 12 ᠳ᠋ᠤᠭᠠᠷ ᠰᠠᠷ᠎ᠠ ᠶᠢᠨ 9 ᠤ ᠡᠳᠦᠷ | ︵ᠲᠣᠰ ᠮᠠᠲ᠋ᠧᠷᠢᠶᠠᠯ ᠢ ᠢᠯᠡ ᠨᠡᠶᠢᠲᠡᠯᠡᠨ᠎ᠡ︶ | | | ᠬᠥᠬᠡᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠲᠡᠩᠴᠡᠭᠦᠷᠢᠲᠡᠢ | ᠬᠥᠭᠵᠢᠯᠲᠡ ᠶᠢ ᠠᠬᠢᠭᠤᠯᠬᠤ 10 ᠵᠦᠢᠯ ᠤᠨ ᠠᠷᠭ᠎ᠠ ᠬᠡᠮᠵᠢᠶ᠎ᠡ | | | ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠠᠵᠢᠯ ᠤᠨ ᠲᠤᠬᠠᠢ ᠴᠢᠬᠤᠯᠠ | ᠥᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ᠂ ︽ᠰᠤᠷᠤᠯᠴᠠᠬᠤ ᠳᠤ ᠲᠣᠬᠢᠷᠠᠮᠵᠢᠲᠠᠢ︾ ᠬᠤᠲᠠ ᠶᠢᠨ | ᠪᠠᠶᠢᠭᠤᠯᠤᠯᠲᠠ ᠶᠢ ᠲᠦᠷᠭᠡᠳᠬᠡᠵᠦ᠂ ᠰᠤᠷᠭᠠᠨ ᠬᠥᠮᠦᠵᠢᠯ ᠤᠨ ᠡᠬᠢ ᠪᠠᠶᠠᠯᠢᠭ ᠢ ᠣᠷᠣᠨ ᠤ ᠲᠥᠪ ᠤᠨ ᠬᠠᠮᠤᠭ ᠤᠨ | ᠲᠣᠪᠣᠶᠢᠮ᠎ᠠ ᠳᠠᠪᠠᠭᠤᠯᠢᠭ ᠪᠣᠯᠭᠠᠵᠤ᠂ ᠰᠤᠷᠭᠠᠨ ᠬᠥᠮᠦᠵᠢᠯ ᠤᠨ ᠡᠷᠬᠡ ᠲᠡᠭᠰᠢ ᠪᠠᠶᠢᠬᠤ ᠶᠢ ᠣᠷᠣᠨ ᠤ ᠲᠥᠪ ᠤᠨ | ᠰᠤᠷᠭᠠᠨ ᠬᠥᠮᠦᠵᠢᠯ ᠤᠨ ᠬᠠᠮᠤᠭ ᠤᠨ ᠢᠯᠡ ᠲᠣᠳᠣ ᠣᠨᠴᠠᠯᠢᠭ ᠪᠣᠯᠭᠠᠵᠤ᠂ ᠰᠤᠷᠭᠠᠨ ᠬᠥᠮᠦᠵᠢᠯ ᠤᠨ ᠦᠢᠯᠡᠰ ᠢ | ᠣᠷᠣᠨ ᠤ ᠲᠥᠪ ᠤᠨ ᠣᠯᠠᠨ ᠲᠦᠮᠡᠨ ᠤ ᠬᠠᠮᠤᠭ ᠤᠨ ᠬᠠᠨᠤᠮᠵᠢᠲᠠᠶ ᠦᠢᠯᠡᠰ ᠪᠣᠯᠭᠠᠵᠤ᠂ ᠬᠡᠦᠬᠡᠳ ᠨᠢᠭᠡᠪᠦᠷᠢ ᠴᠥᠮ | ᠰᠤᠷᠭᠠᠭᠤᠯᠢ ᠳᠤ ᠠᠮᠠᠷᠬᠠᠨ ᠣᠷᠣᠵᠤ᠂ ᠰᠠᠶᠢᠨ ᠰᠤᠷᠭᠠᠭᠤᠯᠢ ᠳᠤ ᠣᠷᠣᠵᠤ᠂ ᠪᠥᠬᠦ ᠣᠷᠣᠨ ᠤ ᠰᠤᠷᠭᠠᠨ | ᠬᠥᠮᠦᠵᠢᠯ ᠤᠨ ᠲᠥᠪ ᠢ ᠪᠠᠶᠢᠭᠤᠯᠬᠤ ᠶᠢᠨ ᠲᠥᠯᠥᠭᠡ᠂ ᠡᠳᠦᠭᠡ ᠮᠠᠨ ᠤ ᠬᠤᠲᠠ ᠶᠢᠨ ᠪᠣᠳᠠᠲᠠᠢ ᠲᠠᠢ ᠪᠠᠨ | ᠤᠶᠠᠯᠳᠤᠭᠤᠯᠤᠨ᠂ ᠳᠣᠣᠷᠠᠬᠢ 10 ᠵᠦᠢᠯ ᠤᠨ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠨᠢᠭᠡ ᠪᠦᠯᠦᠭ ︽ᠭᠡᠷ ᠤᠨ ᠡᠭᠦᠳᠡᠨ ᠳᠡᠭᠡᠷᠡᠬᠢ ᠰᠠᠶᠢᠨ ᠰᠤᠷᠭᠠᠭᠤᠯᠢ︾ ᠶᠢ ᠡᠭᠦᠳᠦᠨ ᠪᠠᠶᠢᠭᠤᠯᠤᠨ᠎ᠠ᠃ | ︽ᠳᠥᠷᠪᠡᠨ ᠨᠢᠭᠡ︾ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠰᠢᠭᠤ ᠰᠢᠶᠠᠨ ᠲᠣᠭᠤᠷᠢᠭ ᠨᠢᠭᠡᠪᠦᠷᠢ ᠳᠤ ᠴᠢᠨᠠᠷ | ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠪᠠᠭ᠎ᠠ | ᠰᠤᠷᠭᠠᠭᠤᠯᠢ ᠪᠠ ᠬᠡᠦᠬᠡᠳ ᠤᠨ ᠴᠡᠴᠡᠷᠯᠢᠭ ᠢ ᠨᠠᠭᠠᠲᠤ ᠵᠠᠬ᠎ᠠ ᠳᠠᠭᠠᠨ ᠲᠣᠰ ᠲᠣᠰ 1 ᠪᠠᠶᠢᠭᠤᠯᠵᠤ᠂ ᠴᠢᠨᠠᠷ ᠰᠠᠶᠢᠲᠠᠢ | ᠰᠤᠷᠭᠠᠨ ᠬᠥᠮᠦᠵᠢᠯ ᠤᠨ ᠡᠬᠢ ᠪᠠᠶᠠᠯᠢᠭ ᠢ ᠲᠡᠩᠴᠡᠭᠦᠷᠢᠲᠡᠢ ᠲᠣᠬᠢᠷᠠᠭᠤᠯᠬᠤ ᠶᠢ ᠠᠬᠢᠭᠤᠯᠤᠨ᠎ᠠ᠃ ᠣᠷᠣᠨ ᠤ | ᠳᠣᠲᠣᠨ᠎ᠠ ᠭᠠᠳᠠᠨᠠᠬᠢ ᠨᠡᠷᠡᠲᠦ ᠳᠡᠭᠡᠳᠦ ᠵᠡᠷᠭᠡ ᠶᠢᠨ ᠰᠤᠷᠭᠠᠭᠤᠯᠢ ᠶᠢᠨ ᠮᠠᠨ ᠤ ᠬᠤᠲᠠ ᠲᠠᠢ ᠬᠠᠮᠲᠤᠷᠠᠨ ᠰᠤᠷᠭᠠᠭᠤᠯᠢ | ᠡᠷᠭᠢᠯᠡᠬᠦ ᠪᠤᠶᠤ ᠬᠠᠷᠢᠶᠠᠲᠤ ᠰᠤᠷᠭᠠᠭᠤᠯᠢ ᠪᠠᠶᠢᠭᠤᠯᠬᠤ ᠶᠢ ᠢᠳᠡᠪᠬᠢᠲᠡᠢ ᠲᠡᠮᠡᠴᠡᠵᠦ᠂ ᠴᠢᠨᠠᠷ ᠰᠠᠶᠢᠲᠠᠢ ᠬᠠᠮᠲᠤ ᠪᠠᠷ | ᠪᠠᠶᠢᠭᠤᠯᠤᠭᠰᠠᠨ ᠰᠤᠷᠭᠠᠭᠤᠯᠢ ᠶᠢ 10 ᠪᠠᠶᠢᠭᠤᠯᠤᠨ᠎ᠠ᠃ ᠰᠤᠷᠭᠠᠨ ᠬᠥᠮᠦᠵᠢᠯ ᠤᠨ ᠪᠦᠯᠦᠭᠯᠡᠯ ᠤᠨ ᠰᠤᠷᠭᠠᠭᠤᠯᠢ | ᠡᠷᠭᠢᠯᠡᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠰᠤᠷᠭᠠᠭᠤᠯᠢ ᠶᠢᠨ ᠵᠠᠬᠢᠷᠤᠯ ᠢ | ᠬᠥᠮᠥᠵᠢᠭᠦᠯᠬᠦ ᠶᠢ ᠴᠢᠩᠭᠠᠳᠬᠠᠨ᠂ ᠪᠦᠯᠦᠭᠯᠡᠯ ᠮᠠᠶ᠋ᠢᠭ ᠢᠶᠠᠷ ᠰᠤᠷᠭᠠᠭᠤᠯᠢ ᠡᠷᠭᠢᠯᠡᠬᠦ ᠭᠤᠣᠯ ᠰᠤᠷᠭᠠᠭᠤᠯᠢ ᠶᠢᠨ | ᠲᠣᠭᠤᠷᠢᠭ ᠲᠤ ᠬᠠᠮᠢᠶᠠᠷᠤᠯᠲᠠ ᠶᠢᠨ ᠰᠤᠷᠭᠠᠭᠤᠯᠢ ᠶᠢᠨ ᠲᠤᠭ᠎ᠠ ᠬᠡᠮᠵᠢᠶ᠎ᠡ ᠶᠢ ᠦᠨᠳᠦᠰᠦᠯᠡᠨ ᠰᠤᠷᠭᠠᠭᠤᠯᠢ ᠶᠢᠨ | ᠤᠳᠤᠷᠢᠳᠬᠤ ᠪᠠᠭ ᠤᠨ ᠪᠦᠷᠢᠯᠳᠦᠭᠦᠨ ᠢ ᠵᠣᠬᠢᠬᠤ ᠬᠠᠷᠢᠴᠠᠯ ᠢᠶᠠᠷ ᠨᠡᠮᠡᠨ᠎ᠡ᠃ ᠵᠢᠯ ᠪᠦᠷᠢ 3000 ᠲᠦᠮᠡᠨ | ᠲᠥᠭᠦᠷᠢᠭ ᠤᠨ ᠲᠤᠰᠬᠠᠢ ᠵᠦᠢᠯ ᠤᠨ ᠵᠠᠷᠤᠳᠠᠯ ᠤᠨ ᠮᠥᠩᠭᠦ ᠲᠣᠬᠢᠷᠠᠭᠤᠯᠵᠤ᠂ ︽ᠳᠥᠷᠪᠡᠨ ᠨᠢᠭᠡ︾ ᠶᠢᠨ | ᠢᠨᠵᠧᠨᠧᠷᠢᠩ ᠪᠠ ᠪᠦᠯᠦᠭᠯᠡᠯ ᠮᠠᠶ᠋ᠢᠭ ᠤᠨ ᠰᠤᠷᠭᠠᠭᠤᠯᠢ ᠡᠷᠭᠢᠯᠡᠵᠦ ᠰᠢᠯᠢᠳᠡᠭ ᠢ ᠡᠭᠦᠳᠦᠭᠰᠡᠨ ᠦᠷ᠎ᠡ ᠪᠦᠲᠦᠮᠵᠢ ᠶᠢ | ᠦᠨᠳᠦᠰᠦᠯᠡᠨ ᠱᠠᠩᠨᠠᠵᠤ ᠨᠥᠬᠦᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ | ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠬᠤᠶᠠᠷ᠂ ᠨᠢᠭᠡ ᠪᠦᠯᠦᠭ ᠴᠢᠨᠠᠷ ᠰᠠᠶᠢᠲᠠᠢ ᠵᠢᠱᠢᠶ᠎ᠡ ᠦᠵᠡᠭᠦᠯᠬᠦ ᠣᠨᠴᠠᠯᠢᠭ ᠲᠠᠢ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢ ᠡᠭᠦᠳᠦᠨ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ ᠬᠤᠲᠠ ᠳᠤ ᠥᠪᠡᠷᠲᠡᠭᠡᠨ | ᠵᠠᠰᠠᠬᠤ ᠣᠷᠣᠨ ᠤ ᠲᠠᠰ ᠤᠨ ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ 15 ᠡᠭᠦᠳᠦᠨ | ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ︽ᠵᠢᠱᠢᠶ᠎ᠡ ᠦᠵᠡᠭᠦᠯᠬᠦ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ︾ ᠪᠣᠯᠭᠠᠨ ᠡᠭᠦᠳᠦᠨ ᠪᠠᠶᠢᠭᠤᠯᠤᠭᠰᠠᠨ ᠢ 300 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ᠂ ᠬᠥᠮᠥᠨ ᠨᠡᠶᠢᠭᠡᠮ ᠤᠨ ᠰᠢᠨᠵᠢᠯᠡᠬᠦ ᠤᠬᠠᠭᠠᠨ᠂ ᠪᠡᠶ᠎ᠡ ᠶᠢᠨ ᠲᠠᠮᠢᠷ | ᠤᠷᠠᠯᠢᠭ ᠤᠨ ᠠᠪᠢᠶᠠᠰ ᠵᠡᠷᠭᠡ ᠬᠦᠷᠢᠶᠡᠨ ᠳᠤ 5 ᠥᠪᠡᠷᠮᠢᠴᠡ ᠣᠨᠴᠠᠯᠢᠭ ᠲᠠᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢ ᠡᠭᠦᠳᠦᠨ ᠪᠠᠶᠢᠭᠤᠯᠵᠤ᠂ ︽ᠥᠪᠡᠷᠮᠢᠴᠡ ᠣᠨᠴᠠᠯᠢᠭ ᠲᠠᠢ ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ︾ ᠪᠣᠯᠭᠠᠨ ᠡᠭᠦᠳᠦᠨ ᠪᠠᠶᠢᠭᠤᠯᠤᠭᠰᠠᠨ ᠢ 200 ᠲᠦᠮᠡᠨ ᠲᠥᠭᠦᠷᠢᠭ ᠢᠶᠠᠷ ᠱᠠᠩᠨᠠᠨ᠎ᠠ᠃ ᠰᠢᠶᠠᠨ ᠤ | ᠬᠡᠪᠴᠢᠶᠡᠨ ᠤ ᠴᠢᠨᠠᠷ ᠰᠠᠶᠢᠲᠠᠢ 9 ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠰᠠᠶᠢᠬᠠᠨ ᠡᠷᠭᠢᠯᠡᠵᠦ᠂ | ︽ᠰᠢᠶᠠᠨ ᠤ ᠬᠡᠪᠴᠢᠶᠡᠨ ᠤ ᠴᠢᠨᠠᠷ ᠰᠠᠶᠢᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ︾ ᠪᠣᠯᠭᠠᠨ ᠡᠭᠦᠳᠦᠨ | ᠪᠠᠶᠢᠭᠤᠯᠤᠭᠰᠠᠨ ᠢ 100 ᠲᠦᠮᠡᠨ ᠲᠥᠭᠦᠷᠢᠭ ᠢᠶᠠᠷ ᠱᠠᠩᠨᠠᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ | ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠡᠳ᠋ ᠤᠨ ᠵᠠᠰᠠᠭ ᠤᠨ ᠲᠣᠪᠴᠢᠶ᠎ᠠ︶ | ᠭᠤᠷᠪᠠ᠂ ᠨᠢᠭᠡ ᠪᠦᠯᠦᠭ ᠣᠶᠤᠨᠴᠢ ᠰᠤᠷᠭᠠᠨ ᠬᠥᠮᠦᠵᠢᠯ ᠤᠨ ︽ᠲᠣᠭᠠᠴᠢᠯᠠᠬᠤ︾ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠦᠨ᠎ᠡ᠃ 2024 ᠣᠨ ᠤ ᠵᠢᠯ ᠤᠨ ᠡᠴᠦᠰ ᠠᠴᠠ ᠡᠮᠦᠨ᠎ᠡ᠂ | ᠪᠥᠬᠦ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠶᠢᠨ ᠲᠣᠭᠠᠴᠢᠯᠠᠭᠰᠠᠨ ᠰᠤᠷᠭᠠᠭᠤᠯᠢ ᠶᠢᠨ ᠬᠦᠷᠢᠶᠡᠨ ᠤ ᠪᠦᠲᠦᠭᠡᠨ | ᠪᠠᠶᠢᠭᠤᠯᠤᠯᠲᠠ ᠶᠢ ᠴᠥᠮ ᠪᠠᠷᠢᠮᠵᠢᠶ᠎ᠠ ᠳᠤ ᠬᠦᠷᠭᠡᠵᠦ᠂ ︽ᠠᠳᠠᠯᠢ ᠳᠠᠪᠲᠠᠮᠵᠢ ᠪᠠᠷ ᠦᠢᠯᠡᠳᠦᠯᠴᠡᠬᠦ︾ ᠵᠢᠱᠢᠶ᠎ᠡ | ᠦᠵᠡᠭᠦᠯᠬᠦ ᠬᠢᠴᠢᠶᠡᠯ ᠤᠨ ᠲᠠᠩᠬᠢᠮ ᠢ ︽ᠪᠦᠬᠦᠨ ᠢ ᠨᠡᠭᠡᠭᠡᠬᠦ︾ ᠶᠢ ᠪᠡᠶᠡᠯᠡᠭᠦᠯᠦᠨ᠎ᠡ᠃ ᠪᠥᠬᠦ ᠤᠯᠤᠰ ᠤᠨ | ᠭᠤᠷᠪᠠᠳᠤᠭᠠᠷ ᠪᠦᠯᠦᠭ ᠤᠨ ᠣᠶᠤᠨᠴᠢ ᠰᠤᠳᠤᠯᠵᠤ ᠰᠤᠷᠤᠯᠴᠠᠬᠤ ᠲᠠᠪᠴᠠᠩ ᠤᠨ ᠬᠡᠷᠡᠭᠯᠡᠭᠡᠨ ᠤ ᠲᠤᠷᠰᠢᠯᠲᠠ ᠶᠢᠨ | ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ︽ᠬᠢᠴᠢᠶᠡᠯ ᠪᠡᠯᠡᠳᠬᠡᠬᠦ᠂ ᠵᠢᠭᠠᠬᠤ᠂ ᠰᠣᠨᠣᠰᠬᠤ᠂ ᠦᠨᠡᠯᠡᠬᠦ︾ ᠶᠢ | ᠨᠢᠭᠡ ᠴᠣᠭᠴᠠᠵᠢᠭᠤᠯᠤᠭᠰᠠᠨ ᠣᠶᠤᠨᠴᠢ ᠵᠢᠭᠠᠨ ᠰᠤᠳᠤᠯᠬᠤ ᠡᠭᠦᠯᠡᠨ ᠲᠠᠪᠴᠠᠩ ᠢ ᠠᠰᠢᠭᠯᠠᠨ᠂ ᠬᠤᠲᠠ᠂ ᠲᠣᠭᠤᠷᠢᠭ᠂ | ᠰᠤᠷᠭᠠᠭᠤᠯᠢ ᠶᠢᠨ ᠠᠳᠠᠯᠢ ᠠᠯᠬᠤᠮ ᠢᠶᠠᠷ ᠵᠢᠭᠠᠨ ᠰᠤᠳᠤᠯᠬᠤ ᠶᠢ ᠲᠦᠯᠬᠢᠨ ᠠᠬᠢᠭᠤᠯᠤᠨ᠎ᠠ᠃ 9 ︽ | ᠢᠷᠡᠭᠡᠳᠦᠢ ᠶᠢᠨ ᠰᠤᠷᠭᠠᠨ ᠬᠥᠮᠦᠵᠢᠯ︾ ᠤᠨ ᠲᠤᠷᠰᠢᠯᠲᠠ ᠶᠢᠨ ᠰᠤᠷᠭᠠᠭᠤᠯᠢ ᠶᠢ ᠭᠤᠣᠯᠳᠠᠯᠭ᠎ᠠ ᠲᠠᠢ ᠪᠦᠲᠦᠭᠡᠨ | ᠪᠠᠶᠢᠭᠤᠯᠵᠤ᠂ ︽ᠣᠶᠤᠨᠴᠢ ᠰᠤᠷᠭᠠᠨ ᠬᠥᠮᠦᠵᠢᠯ︾ ᠤᠨ ᠲᠠᠪᠴᠠᠩ ᠢ ᠰᠢᠯᠢᠳᠡᠭᠵᠢᠭᠦᠯᠦᠨ᠂ ︽AI ᠰᠤᠷᠭᠠᠨ | ᠬᠥᠮᠦᠵᠢᠯ ᠤᠨ ᠲᠣᠮᠣ ᠳ᠋ᠠᠶᠢᠲ᠋ᠠ ᠶᠢᠨ ᠲᠥᠪ︾ ᠢ ᠲᠡᠭᠦᠯᠳᠡᠷᠵᠢᠭᠦᠯᠵᠦ᠂ ᠰᠤᠷᠤᠭᠴᠢᠳ ᠲᠤ ᠪᠣᠳᠠᠭᠠᠯᠢᠴᠢᠯᠠᠭᠰᠠᠨ | ᠰᠤᠷᠤᠯᠴᠠᠯᠭ᠎ᠠ ᠶᠢᠨ ᠡᠬᠢ ᠪᠠᠶᠠᠯᠢᠭ ᠢ ᠬᠠᠩᠭᠠᠨ᠂ ᠲᠤᠭ᠎ᠠ ᠪᠠᠷᠢᠮᠲᠠ ᠪᠠ ᠮᠡᠳᠡᠭᠡ ᠵᠠᠩᠭᠢ ᠪᠠᠷ ᠰᠤᠷᠭᠠᠨ | ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠳᠤ ᠴᠢᠳᠠᠪᠤᠷᠢ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠳᠥᠷᠪᠡ᠂ ᠨᠢᠭᠡ ᠪᠦᠯᠦᠭ ︽ᠣᠨᠴᠠ ᠰᠢᠯᠢᠳᠡᠭ ᠳᠤᠮᠳᠠᠳᠤ ᠰᠤᠷᠭᠠᠭᠤᠯᠢ ᠶᠢᠨ ᠰᠤᠷᠤᠭᠴᠢ︾ ᠢ | ᠬᠥᠮᠥᠵᠢᠭᠦᠯᠦᠨ᠎ᠡ᠃ ᠬᠤᠲᠠ᠂ ᠰᠢᠶᠠᠨ ᠬᠤᠶᠠᠷ ᠱᠠᠲᠤᠨ ᠤ ᠡᠳ᠋ ᠤᠨ ᠵᠠᠰᠠᠭ ᠠᠴᠠ ᠵᠢᠯ ᠪᠦᠷᠢ ᠰᠣᠷᠣᠭᠴᠢ ᠡᠯᠰᠡᠬᠦ | ᠬᠡᠪᠴᠢᠶ᠎ᠡ ᠪᠠᠨ ᠦᠨᠳᠦᠰᠦᠯᠡᠨ ᠥᠪᠡᠷ ᠲᠤᠨᠢ ᠬᠠᠷᠢᠶᠠᠯᠠᠭᠳᠠᠬᠤ ᠪᠡᠶ᠎ᠡ ᠶᠢᠨ ᠲᠠᠮᠢᠷ ᠤᠨ ᠲᠥᠷᠥᠯ᠂ ᠤᠷᠠᠯᠢᠭ ᠤᠨ | ᠲᠥᠷᠥᠯ᠂ ᠰᠢᠨᠵᠢᠯᠡᠭᠡᠨ ᠤ ᠲᠥᠷᠥᠯ ᠤᠨ ᠣᠨᠴᠠᠯᠢᠭᠲᠤ ᠰᠤᠷᠭᠠᠭᠤᠯᠢ ᠪᠦᠷᠢ ᠳᠤ 50 ᠲᠦᠮᠡᠨ ᠲᠥᠭᠦᠷᠢᠭ ᠠᠴᠠ | ᠳᠣᠣᠷ᠎ᠠ ᠦᠭᠡᠢ ᠲᠤᠰᠬᠠᠢ ᠵᠦᠢᠯ ᠤᠨ ᠳᠡᠮᠵᠢᠯᠭᠡ ᠶᠢᠨ ᠵᠠᠷᠤᠳᠠᠯ ᠭᠠᠷᠭᠠᠨ᠎ᠠ᠃ ᠰᠢᠯᠢᠳᠡᠭ ᠲᠠᠮᠢᠷᠴᠢᠨ ᠰᠣᠷᠣᠭᠴᠢ | ᠡᠯᠰᠡᠬᠦ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ᠂ ᠳᠠᠪᠠᠭᠤᠯᠢᠭ ᠪᠡᠶ᠎ᠡ ᠶᠢᠨ ᠲᠠᠮᠢᠷ ᠤᠨ ᠲᠥᠷᠥᠯ ᠵᠦᠢᠯ ᠤᠨ | ᠱᠠᠲᠤᠯᠠᠭᠰᠠᠨ ᠡᠩᠨᠡᠭᠡ ᠶᠢᠨ ᠪᠠᠶᠢᠭᠤᠯᠤᠯᠲᠠ ᠶᠢ ᠠᠬᠢᠭᠤᠯᠤᠨ᠂ ᠥᠨᠳᠥᠷ ᠬᠢᠷᠢ ᠲᠦᠪᠰᠢᠨ ᠪᠦᠬᠦᠢ ᠪᠡᠶ᠎ᠡ ᠶᠢᠨ | ᠲᠠᠮᠢᠷ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ ᠪᠠ ᠭᠠᠳᠠᠭᠰᠢ ᠭᠠᠷᠭᠠᠨ᠎ᠠ᠃ ᠪᠡᠶ᠎ᠡ ᠶᠢᠨ ᠲᠠᠮᠢᠷ᠂ ᠤᠷᠠᠯᠢᠭ ᠤᠨ | ᠲᠥᠷᠥᠯ ᠤᠨ ᠳᠡᠭᠡᠳᠦ ᠵᠡᠷᠭᠡ ᠶᠢᠨ ᠰᠤᠷᠭᠠᠭᠤᠯᠢ ᠶᠢ ᠣᠷᠣᠭᠤᠯᠤᠨ ᠠᠪᠴᠢᠷᠠᠵᠤ᠂ ᠮᠠᠨ ᠤ ᠬᠤᠲᠠ ᠲᠠᠢ ᠬᠠᠮᠲᠤᠷᠠᠨ | ᠰᠤᠷᠭᠠᠭᠤᠯᠢ ᠡᠷᠭᠢᠯᠡᠵᠦ᠂ ᠪᠡᠶ᠎ᠡ ᠶᠢᠨ ᠲᠠᠮᠢᠷ᠂ ᠤᠷᠠᠯᠢᠭ ᠤᠨ ᠲᠥᠷᠥᠯ ᠤᠨ ᠪᠡᠯᠡᠳᠬᠡᠯ ᠴᠢᠳᠠᠪᠤᠷᠢᠲᠠᠨ ᠢ ᠬᠥᠮᠥᠵᠢᠭᠦᠯᠬᠦ | ᠲᠣᠭᠲᠠᠴᠠ ᠶᠢ ᠬᠠᠶᠢᠨ ᠰᠦᠪᠡᠭᠴᠢᠯᠡᠨ᠎ᠡ᠃ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ︽ | ᠴᠢᠳᠠᠪᠤᠷᠢᠲᠠᠨ ᠤ ᠲᠥᠯᠥᠪᠯᠡᠭᠡ︾ ᠶᠢᠨ ᠰᠤᠷᠤᠬᠴᠢ ᠡᠯᠰᠡᠬᠦ ᠬᠡᠪᠴᠢᠶ᠎ᠡ ᠶᠢ ᠥᠷᠭᠡᠳᠬᠡᠵᠦ᠂ ᠨᠢᠭᠡ ᠪᠦᠯᠦᠭ ᠬᠢᠴᠢᠶᠡᠯ | ᠲᠥᠷᠥᠯ ᠳᠡᠭᠡᠨ ᠠᠪᠢᠶᠠᠰ ᠲᠠᠢ᠂ ᠰᠢᠨ᠎ᠡ ᠶᠢ ᠡᠭᠦᠳᠬᠦ ᠲᠠᠯᠳᠠ ᠴᠢᠳᠠᠪᠤᠷᠢ ᠲᠠᠢ ᠰᠢᠯᠢᠳᠡᠭ ᠳᠤᠮᠳᠠᠳᠤ | ᠰᠤᠷᠭᠠᠭᠤᠯᠢ ᠶᠢᠨ ᠰᠤᠷᠤᠬᠴᠢ ᠶᠢ ᠢᠯᠡᠷᠡᠭᠦᠯᠬᠦ ᠪᠠ ᠬᠥᠮᠥᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠪᠡᠶ᠎ᠡ ᠶᠢᠨ ᠲᠠᠮᠢᠷ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ | ᠲᠧᠯᠸᠢᠰ ᠤᠨ ᠲᠣᠪᠴᠢᠶ᠎ᠠ︶ | ᠲᠠᠪᠤ᠂ ᠨᠢᠭᠡ ᠪᠦᠯᠦᠭ ᠳᠡᠭᠡᠳᠦ ᠲᠡᠰ ᠤᠨ ᠰᠤᠷᠭᠠᠨ ᠬᠥᠮᠦᠵᠢᠯ ᠤᠨ ᠴᠢᠳᠠᠪᠤᠷᠢᠲᠠᠨ ᠢ ᠣᠷᠣᠭᠤᠯᠤᠨ | ᠠᠪᠴᠢᠷᠠᠨ᠎ᠠ᠃ ᠴᠢᠩᠬᠤᠸᠠ ᠶᠡᠭᠡ ᠰᠤᠷᠭᠠᠭᠤᠯᠢ᠂ ᠪᠡᠭᠡᠵᠢᠩ ᠶᠡᠭᠡ ᠰᠤᠷᠭᠠᠭᠤᠯᠢ ᠵᠡᠷᠭᠡ C9 ᠬᠤᠯᠪᠣᠭᠠᠨ ᠤ ᠶᠡᠭᠡ | ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠵᠤ᠂ 50 ᠲᠦᠮᠡᠨ ᠲᠥᠭᠦᠷᠢᠭ ᠤᠨ ᠭᠡᠷ ᠡᠷᠦᠬᠡ | ᠲᠥᠪᠬᠢᠨᠡᠭᠦᠯᠬᠦ ᠲᠡᠳᠬᠦᠮᠵᠢ ᠣᠯᠭᠤᠨ᠎ᠠ᠃ ︽ᠬᠤᠣᠰ ᠲᠡᠷᠢᠭᠦᠨ ᠤ︾ ᠪᠦᠲᠦᠭᠡᠨ ᠪᠠᠶᠢᠭᠤᠯᠤᠯᠲᠠ ᠶᠢᠨ ᠳᠡᠭᠡᠳᠦ | ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠳ᠋ᠣᠺᠲ᠋ᠣᠷᠠᠨᠲ ᠢ ᠣᠷᠣᠭᠤᠯᠤᠨ ᠠᠪᠴᠢᠷᠠᠵᠤ᠂ 30 ᠲᠦᠮᠡᠨ | ᠲᠥᠭᠦᠷᠢᠭ ᠤᠨ ᠭᠡᠷ ᠡᠷᠦᠬᠡ ᠲᠥᠪᠬᠢᠨᠡᠭᠦᠯᠬᠦ ᠲᠡᠳᠬᠦᠮᠵᠢ ᠣᠯᠭᠤᠨ᠎ᠠ᠃ ︽ᠬᠤᠣᠰ ᠲᠡᠷᠢᠭᠦᠨ ᠤ︾ ᠪᠦᠲᠦᠭᠡᠨ | ᠪᠠᠶᠢᠭᠤᠯᠤᠯᠲᠠ ᠶᠢᠨ ᠶᠡᠭᠡ ᠰᠤᠷᠭᠠᠭᠤᠯᠢ ᠶᠢᠨ ᠪᠦᠬᠦᠯᠢ ᠡᠳᠦᠷ ᠤᠨ ᠳᠦᠷᠢᠮᠲᠦ ᠠᠰᠫᠢᠷᠠᠨᠲ ᠪᠠ ᠰᠤᠷᠭᠠᠨ | ᠬᠥᠮᠦᠵᠢᠯ ᠤᠨ ᠶᠠᠮᠤᠨ ᠤ ᠰᠢᠭᠤᠳ ᠬᠠᠷᠢᠶ᠎ᠠ ᠪᠠᠭᠰᠢ ᠶᠢᠨ ᠶᠡᠭᠡ ᠰᠤᠷᠭᠠᠭᠤᠯᠢ ᠶᠢᠨ ᠠᠯᠪᠠᠨ ᠤ ᠰᠦᠢᠳᠬᠡᠯ ᠤᠨ | ᠪᠠᠭᠰᠢ ᠶᠢᠨ ᠰᠤᠷᠭᠠᠭᠤᠯᠢ ᠲᠡᠭᠦᠰᠦᠭᠰᠡᠳ ᠢ ᠣᠷᠣᠭᠤᠯᠤᠨ ᠠᠪᠴᠢᠷᠠᠵᠤ᠂ 20 ᠲᠦᠮᠡᠨ ᠲᠥᠭᠦᠷᠢᠭ ᠤᠨ ᠭᠡᠷ ᠡᠷᠦᠬᠡ | ᠲᠥᠪᠬᠢᠨᠡᠭᠦᠯᠬᠦ ᠲᠡᠳᠬᠦᠮᠵᠢ ᠣᠯᠭᠤᠨ᠎ᠠ᠃ ︽ᠬᠥᠬᠡᠬᠤᠲᠠ ᠶᠢᠨ ᠠᠵᠢᠯ ᠦᠢᠯᠡᠰ ᠤᠨ ᠨᠢᠭᠡᠴᠢ ᠶᠢᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠲᠦᠷ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠳᠤ ᠨᠡᠶᠢᠴᠡᠬᠦ ᠪᠤᠰᠤᠳ | ᠴᠢᠳᠠᠪᠤᠷᠢᠲᠠᠨ ᠢ ᠣᠷᠣᠭᠤᠯᠤᠨ ᠠᠪᠴᠢᠷᠠᠵᠤ 10 ᠲᠦᠮᠡᠨ ᠲᠥᠭᠦᠷᠢᠭ ᠤᠨ ᠭᠡᠷ ᠡᠷᠦᠬᠡ ᠲᠥᠪᠬᠢᠨᠡᠭᠦᠯᠬᠦ ᠲᠡᠳᠬᠦᠮᠵᠢ | ᠣᠯᠭᠤᠨ᠎ᠠ᠃ ᠣᠷᠣᠭᠤᠯᠵᠤ ᠠᠪᠴᠢᠷᠠᠭᠰᠠᠨ ᠴᠢᠳᠠᠪᠤᠷᠢᠲᠠᠨ ᠤ ᠦᠷ᠎ᠡ ᠬᠡᠦᠬᠡᠳ ᠤᠨ ᠰᠤᠷᠭᠠᠭᠤᠯᠢ ᠳᠤ ᠣᠷᠣᠬᠤ ᠳᠤ | ᠲᠥᠬᠦᠮ ᠨᠥᠬᠦᠴᠡᠯ ᠬᠠᠩᠭᠠᠵᠤ᠂ ᠭᠡᠷ ᠪᠦᠯᠢ ᠶᠢᠨ ᠬᠢᠨ ᠳᠠᠭᠠᠵᠤ ᠰᠢᠯᠵᠢᠵᠦ ᠢᠷᠡᠬᠦ ᠪᠠᠷ ᠭᠤᠶᠤᠴᠢᠯᠠᠪᠠᠯ᠂ ᠵᠣᠬᠢᠶᠠᠨ | ᠪᠠᠶᠢᠭᠤᠯᠬᠤ᠂ ᠣᠷᠣᠨ ᠲᠤᠭ᠎ᠠ ᠪᠠ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠶᠣᠰᠣᠭᠠᠷ ᠳᠠᠭᠠᠵᠤ ᠰᠢᠯᠵᠢᠬᠦ ᠭᠠᠷᠳᠠᠮ ᠢ | ᠢᠳᠡᠪᠬᠢᠲᠡᠢ ᠵᠣᠬᠢᠴᠠᠭᠤᠯᠤᠨ ᠭᠦᠢᠴᠡᠳᠬᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ | ᠬᠡᠯᠲᠡᠰ᠂ ᠣᠷᠣᠨ ᠲᠤᠭ᠎ᠠ ᠶᠢᠨ ᠵᠥᠪᠯᠡᠯ ᠤᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ᠵᠢᠷᠭᠤᠭ᠎ᠠ᠂ ᠨᠢᠭᠡ ᠪᠦᠯᠦᠭ ᠥᠷᠢᠰᠦᠯᠳᠦᠬᠦ ᠬᠦᠴᠦᠨ ᠶᠡᠬᠡᠲᠡᠢ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠲᠥᠷᠥᠯ ᠵᠦᠢᠯ ᠢ ᠬᠥᠮᠥᠵᠢᠭᠦᠯᠦᠨ᠎ᠡ᠃ ᠦᠨᠳᠦᠰᠦᠨ ᠰᠤᠷᠭᠠᠨ ᠬᠥᠮᠦᠵᠢᠯ ᠤᠨ ᠵᠢᠭᠠᠨ | ᠰᠤᠷᠭᠠᠯᠲᠠ ᠶᠢᠨ ᠦᠷ᠎ᠡ ᠪᠦᠲᠦᠭᠡᠯ ᠢ ᠬᠥᠮᠥᠵᠢᠭᠦᠯᠬᠦ ᠬᠥᠬᠢᠭᠦᠯᠦᠨ ᠱᠠᠩᠨᠠᠬᠤ ᠶᠢ ᠴᠢᠩᠭᠠᠳᠬᠠᠨ᠎ᠠ᠃ ᠬᠤᠲᠠ ᠶᠢᠨ | ᠱᠠᠲᠤᠨ ᠳᠤ ᠬᠤᠶᠠᠷ ᠵᠢᠯ ᠪᠦᠷᠢ ᠨᠢᠭᠡ ᠤᠳᠠᠭ᠎ᠠ ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠦᠷ᠎ᠡ ᠪᠦᠲᠦᠭᠡᠯ ᠤᠨ ᠱᠠᠩᠨᠠᠯ ᠤᠨ ᠰᠢᠯᠭᠠᠷᠠᠭᠤᠯᠤᠯᠲᠠ ᠬᠢᠵᠦ᠂ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ | ᠳᠡᠰ ᠤᠨ ᠱᠠᠩᠨᠠᠯ᠂ ᠭᠤᠷᠪᠠᠳᠤᠭᠠᠷ ᠳᠡᠰ ᠤᠨ ᠱᠠᠩᠨᠠᠯ ᠳᠤ ᠲᠣᠰ ᠲᠣᠰ 10 ᠲᠦᠮᠡᠨ ᠲᠥᠭᠦᠷᠢᠭ᠂ 5 ᠲᠦᠮᠡᠨ | ᠲᠥᠭᠦᠷᠢᠭ᠂ 3 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠱᠠᠩᠨᠠᠯ ᠣᠯᠭᠤᠨ᠎ᠠ᠃ | ᠥᠪᠡᠷᠲᠡᠭᠡᠨ ᠵᠠᠰᠠᠬᠤ ᠣᠷᠣᠨ ᠤ ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ | ᠪᠦᠲᠦᠭᠡᠯ ᠤᠨ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ᠂ ᠭᠤᠷᠪᠠᠳᠤᠭᠠᠷ ᠳᠡᠰ ᠤᠨ | ᠱᠠᠩᠨᠠᠯ ᠢ ᠭᠥᠷᠳᠡᠪᠡᠯ ᠲᠣᠰ ᠲᠣᠰ 30 ᠲᠦᠮᠡᠨ ᠲᠥᠭᠦᠷᠢᠭ᠂ 20 ᠲᠦᠮᠡᠨ ᠲᠥᠭᠦᠷᠢᠭ᠂ 10 ᠲᠦᠮᠡᠨ | ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠵᠠᠷᠤᠳᠠᠯ ᠤᠨ ᠱᠠᠩᠨᠠᠯ ᠣᠯᠭᠤᠨ᠎ᠠ᠃ ᠤᠯᠤᠰ ᠤᠨ ᠲᠠᠰ ᠤᠨ | ᠦᠨᠳᠦᠰᠦᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠤᠨ ᠣᠨᠴᠠ ᠲᠠᠰ ᠤᠨ ᠱᠠᠩᠨᠠᠯ᠂ | ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠢ ᠭᠥᠷᠳᠡᠪᠡᠯ ᠲᠣᠰ ᠲᠣᠰ 100 ᠲᠦᠮᠡᠨ | ᠲᠥᠭᠦᠷᠢᠭ᠂ 80 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠵᠠᠷᠤᠳᠠᠯ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ | ᠲᠣᠪᠴᠢᠶ᠎ᠠ︶ | ᠲᠤᠯᠤᠭ᠎ᠠ᠂ ᠨᠢᠭᠡ ᠥᠨᠳᠥᠷ ᠬᠢᠷᠢ ᠲᠦᠪᠰᠢᠨ ᠲᠠᠢ ᠲᠤᠰᠬᠠᠶᠢᠵᠢᠭᠰᠠᠨ ᠰᠢᠨ᠎ᠡ ᠶᠢ ᠡᠭᠦᠳᠬᠦ ᠬᠡᠯᠪᠡᠷᠢ ᠶᠢᠨ | ᠰᠤᠷᠭᠠᠭᠤᠯᠢ ᠶᠢᠨ ᠵᠠᠬᠢᠷᠤᠯ᠂ ᠪᠠᠭᠰᠢ᠂ ᠵᠢᠭᠠᠨ ᠰᠤᠳᠤᠯᠤᠭᠴᠢ ᠶᠢᠨ ᠡᠩᠨᠡᠭᠡ ᠶᠢ ᠪᠠᠶᠢᠭᠤᠯᠤᠨ᠎ᠠ᠃ ᠰᠤᠷᠭᠠᠭᠤᠯᠢ ︵ | ᠬᠦᠷᠢᠶᠡᠯᠡᠩ︶ ᠶᠢᠨ ᠵᠠᠬᠢᠷᠤᠯ ᠶᠢᠨ ᠰᠤᠷᠭᠠᠨ ᠬᠥᠮᠦᠵᠢᠯ ᠤᠨ ᠣᠨᠣᠯᠵᠢᠬᠤᠨ ᠢ ᠪᠣᠯᠪᠠᠰᠤᠷᠠᠭᠤᠯᠬᠤ᠂ ᠰᠤᠷᠭᠠᠨ | ᠬᠥᠮᠦᠵᠢᠯ ᠤᠨ ᠦᠵᠡᠯ ᠰᠠᠨᠠᠭ᠎ᠠ ᠶᠢ ᠭᠠᠷᠭᠠᠬᠤ᠂ ᠰᠤᠷᠭᠠᠨ ᠬᠥᠮᠦᠵᠢᠯ ᠤᠨ ᠲᠤᠰᠬᠠᠢ ᠵᠣᠬᠢᠶᠠᠯ ᠪᠦᠲᠦᠭᠡᠯ ᠢ | ᠬᠡᠪᠯᠡᠭᠦᠯᠬᠦ ᠶᠢ ᠵᠣᠷᠢᠭᠵᠢᠭᠤᠯᠤᠨ᠎ᠠ᠃ ︽ᠨᠠᠷᠠᠲᠤ ᠰᠤᠷᠭᠠᠭᠤᠯᠢ ᠶᠢᠨ ᠵᠠᠬᠢᠷᠤᠯ +︾ ᠢᠨᠵᠧᠨᠧᠷᠢᠩ ᠢ ᠲᠦᠯᠬᠢᠨ | ᠠᠬᠢᠭᠤᠯᠵᠤ᠂ 25 ︽ᠨᠠᠷᠠᠲᠤ ᠰᠤᠷᠭᠠᠭᠤᠯᠢ ︵ᠬᠦᠷᠢᠶᠡᠯᠡᠩ︶ ᠶᠢᠨ ᠵᠠᠬᠢᠷᠤᠯ︾ ᠶᠢᠨ ᠰᠤᠳᠤᠯᠤᠨ ᠰᠤᠷᠤᠯᠴᠠᠬᠤ | ᠬᠠᠮᠲᠤ ᠶᠢᠨ ᠴᠣᠭᠴᠠ ᠶᠢ ᠪᠠᠶᠢᠭᠤᠯᠵᠤ᠂ ᠨᠢᠭᠡ ᠪᠣᠯᠪᠠᠰᠤᠷᠠᠩᠭᠤᠢ ᠪᠣᠯᠪᠠᠯ ᠨᠢᠭᠡ ᠫᠠᠶᠢᠰᠠ ᠡᠯᠭᠦᠨ᠎ᠡ᠃ ︽ᠨᠠᠷᠠᠲᠤ | ᠪᠠᠭᠰᠢ +︾ ᠢᠨᠵᠧᠨᠧᠷᠢᠩ ᠢ ᠠᠬᠢᠭᠤᠯᠵᠤ᠂ ︽ᠨᠠᠷᠠᠲᠤ ᠪᠠᠭᠰᠢ +︾ ᠰᠤᠳᠤᠯᠤᠨ ᠰᠤᠷᠤᠯᠴᠠᠬᠤ ᠬᠠᠮᠲᠤ ᠶᠢᠨ | ᠴᠣᠭᠴᠠ ᠶᠢ 300 ᠪᠠᠶᠢᠭᠤᠯᠵᠤ᠂ ᠨᠠᠷᠠᠲᠤ ᠪᠠᠭᠰᠢ ᠶᠢᠨ ᠪᠦᠯᠬᠦᠮ ᠨᠡᠶᠢᠲᠡ ᠶᠢᠨ ᠬᠠᠮᠲᠤᠷᠠᠯᠴᠠᠭ᠎ᠠ ᠪᠠᠷ ᠪᠠᠭᠰᠢ ᠶᠢᠨ | ᠪᠣᠯᠪᠠᠰᠤᠷᠠᠭᠤᠯᠤᠯ᠂ ᠬᠢᠴᠢᠶᠡᠯ ᠤᠨ ᠥᠭᠡᠷᠡᠴᠢᠯᠡᠯᠲᠡ ᠪᠠ ᠵᠢᠭᠠᠨ ᠰᠤᠷᠭᠠᠯᠲᠠ ᠶᠢᠨ ᠰᠤᠳᠤᠯᠭᠠᠨ ᠵᠡᠷᠭᠡ ᠶᠢ | ᠳᠠᠶᠢᠴᠢᠯᠠᠨ᠎ᠠ᠃ ᠵᠢᠭᠠᠨ ᠰᠤᠳᠤᠯᠤᠭᠴᠢ ᠶᠢᠨ ᠪᠥᠬᠦ ᠠᠵᠢᠯᠲᠠᠨ ᠤ ᠲᠤᠰᠬᠠᠢ ᠮᠡᠷᠭᠡᠵᠢᠯ ᠤᠨ ᠰᠤᠳᠤᠯᠤᠨ ᠰᠤᠷᠤᠯᠴᠠᠬᠤ | ᠳᠦᠷᠢᠮ ᠢ ᠪᠠᠶᠢᠭᠤᠯᠵᠤ᠂ ︽ᠤᠷᠢᠵᠤ ᠠᠪᠴᠢᠷᠠᠬᠤ︾ ︽ᠭᠠᠳᠠᠭᠰᠢ ᠭᠠᠷᠭᠠᠬᠤ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠵᠢᠭᠠᠨ ᠰᠤᠳᠤᠯᠤᠭᠴᠢ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠲᠠᠰᠤᠷᠠᠯᠲᠠ ᠦᠭᠡᠢ | ᠳᠡᠭᠡᠭᠰᠢᠯᠡᠭᠦᠯᠵᠦ᠂ ᠪᠥᠬᠦ ᠤᠯᠤᠰ ᠤᠨ ᠲᠡᠷᠢᠭᠦᠨ ᠲᠠᠰ ᠤᠨ ᠨᠡᠷ᠎ᠡ ᠬᠦᠨᠳᠦ ᠲᠠᠢ ᠰᠡᠳᠦᠪ ᠭᠠᠷᠭᠠᠬᠤ ᠲᠤᠰᠬᠠᠢ | ᠮᠡᠷᠭᠡᠵᠢᠯᠲᠡᠨ ᠪᠤᠶᠤ ᠬᠢᠴᠢᠶᠡᠯ ᠲᠥᠷᠥᠯ ᠳᠡᠭᠡᠨ ᠨᠥᠯᠥᠭᠡᠯᠡᠬᠦ ᠬᠦᠴᠦᠨ ᠲᠠᠢ ᠨᠢᠭᠡᠳᠦᠭᠡᠷ ᠹᠷᠣᠨᠲ ᠤᠨ ᠨᠠᠷᠠᠲᠤ | ᠪᠠᠭᠰᠢ ᠶᠢ ᠤᠷᠢᠵᠤ ᠂ ᠮᠠᠨ ᠤ ᠬᠤᠲᠠ ᠶᠢᠨ ᠵᠢᠭᠠᠨ ᠰᠤᠷᠭᠠᠯᠲᠠ ᠶᠢᠨ ᠵᠢᠯᠣᠭᠤᠳᠤᠯᠭ᠎ᠠ᠂ ᠰᠡᠳᠦᠪ ᠭᠠᠷᠭᠠᠬᠤ | ᠰᠤᠳᠤᠯᠭᠠᠨ᠂ ᠡᠬᠢ ᠪᠠᠶᠠᠯᠢᠭ ᠢ ᠳᠡᠪᠰᠢᠭᠦᠯᠬᠦ ᠳᠤ ᠬᠦᠴᠦᠨ ᠨᠡᠮᠡᠷᠢᠯᠡᠨ᠎ᠡ᠃ ᠮᠥᠩᠭᠦᠨ ᠨᠠᠰᠤᠨ ᠤ ᠲᠥᠯᠥᠪᠯᠡᠭᠡ ᠶᠢ | ᠡᠬᠢᠯᠡᠭᠦᠯᠦᠨ᠂ ᠠᠵᠢᠯ ᠠᠴᠠ ᠪᠠᠨ ᠠᠮᠠᠷᠠᠭᠰᠠᠨ ᠰᠢᠯᠢᠳᠡᠭ ᠪᠠᠭᠰᠢ ᠪᠠ ᠰᠤᠷᠭᠠᠭᠤᠯᠢ ᠶᠢᠨ ᠵᠠᠬᠢᠷᠤᠯ ᠢ ᠡᠯᠰᠡᠵᠦ᠂ | ᠳᠠᠭᠢᠵᠤ ᠤᠷᠢᠬᠤ᠂ ᠰᠤᠷᠭᠠᠨ ᠬᠥᠮᠦᠵᠢᠯ ᠢ ᠳᠡᠮᠵᠢᠬᠦ᠂ ᠵᠥᠪᠯᠡᠭᠴᠢ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠵᠢᠭᠠᠨ ᠰᠤᠷᠭᠠᠯᠲᠠ ᠪᠠ ᠬᠠᠮᠢᠶᠠᠷᠤᠯᠲᠠ ᠳᠤ ᠣᠷᠣᠯᠴᠠᠭᠤᠯᠵᠤ᠂ ︽ᠨᠢᠭᠡ ᠬᠥᠮᠥᠨ ᠳᠤ ᠨᠢᠭᠡ ᠠᠷᠭ᠎ᠠ | ᠪᠣᠳᠣᠯᠭ᠎ᠠ ᠠᠪᠴᠤ︾ ᠪᠠᠶᠢᠭᠠᠳ ᠬᠠᠷᠠᠮᠵᠢ ᠬᠠᠷᠠᠭᠠᠯᠵᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠤᠷᠭᠠᠨ ᠬᠥᠮᠦᠵᠢᠯ ᠤᠨ | ᠲᠣᠪᠴᠢᠶ᠎ᠠ︶ | ᠨᠠᠢᠮᠠ᠂ ᠨᠢᠭᠡ ᠪᠦᠯᠦᠭ ᠰᠤᠷᠭᠠᠨ ᠬᠥᠮᠦᠵᠢᠯ ᠤᠨ ᠠᠵᠢᠯᠲᠠᠳ ᠢ ᠬᠠᠯᠠᠮᠵᠢᠯᠠᠨ ᠬᠠᠶᠢᠷᠠᠯᠠᠬᠤ ︽ᠰᠡᠳᠬᠢᠯ ᠢ | ᠳᠤᠯᠠᠭᠠᠴᠠᠭᠤᠯᠬᠤ ᠠᠷᠭ᠎ᠠ ᠬᠡᠮᠵᠢᠶ᠎ᠡ︾ ᠶᠢ ᠲᠣᠭᠲᠠᠭᠠᠨ᠎ᠠ᠃ ᠪᠠᠭᠰᠢ ᠶᠢᠨ ᠢᠷᠠᠭᠤ ᠠᠯᠳᠠᠷ ᠤᠨ ᠲᠣᠭᠲᠠᠴᠠ ᠶᠢ | ᠲᠡᠭᠦᠯᠳᠡᠷᠵᠢᠭᠦᠯᠵᠦ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠶᠡᠬᠡᠪᠡᠷ ᠰᠣᠩᠭᠤᠵᠤ᠂ ᠤᠯᠠᠨ ᠶᠠᠩᠵᠤ ᠬᠡᠯᠪᠡᠷᠢ ᠶᠢᠨ | ᠪᠠᠭᠰᠢ ᠶᠢ ᠬᠦᠨᠳᠦᠳᠬᠡᠬᠦ ᠠᠵᠢᠯᠯᠠᠭ᠎ᠠ ᠥᠷᠨᠢᠭᠦᠯᠵᠦ᠂ ᠵᠢᠯ ᠪᠦᠷᠢ ᠶᠢᠨ ᠪᠠᠭᠰᠢ ᠶᠢᠨ ᠪᠠᠶᠠᠷ ᠤᠨ ᠡᠳᠦᠷ | ᠰᠢᠯᠢᠳᠡᠭ ᠢᠶᠠᠷ ᠦᠨᠡᠯᠡᠭᠳᠡᠭᠰᠡᠨ ᠪᠠᠭᠰᠢ ᠶᠢ ᠬᠦᠨᠳᠦ ᠪᠠᠷ ᠱᠠᠩᠨᠠᠵᠤ᠂ ᠪᠠᠭᠰᠢ ᠶᠢ ᠬᠦᠨᠳᠦᠳᠬᠡᠬᠦ ᠰᠠᠶᠢᠨ ᠰᠠᠶᠢᠬᠠᠨ | ᠨᠡᠶᠢᠭᠡᠮ ᠤᠨ ᠬᠡᠪ ᠰᠤᠷᠲᠠᠯ ᠢ ᠪᠤᠢ ᠪᠣᠯᠭᠠᠨ᠎ᠠ᠃ ᠪᠠᠭᠰᠢ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠬᠠᠶᠢᠷᠠᠯᠠᠨ | ᠬᠠᠯᠠᠮᠵᠢᠯᠠᠵᠤ᠂ ᠰᠡᠳᠬᠢᠴᠡ ᠶᠢᠨ ᠵᠢᠯᠣᠭᠤᠳᠤᠯᠭ᠎ᠠ ᠶᠢᠨ ᠦᠢᠯᠡᠴᠢᠯᠡᠭᠡ ᠬᠠᠩᠭᠠᠵᠤ᠂ ᠵᠢᠯ ᠪᠦᠷᠢ ᠨᠢᠭᠡ ᠤᠳᠠᠭ᠎ᠠ | ᠪᠡᠶ᠎ᠡ ᠶᠢᠨ ᠡᠷᠡᠭᠦᠯ ᠮᠡᠨᠳᠦ ᠶᠢ ᠪᠠᠶᠢᠴᠠᠭᠠᠬᠤ ᠳᠦᠷᠢᠮ ᠢ ᠨᠠᠶᠢᠳᠠᠪᠤᠷᠢᠵᠢᠭᠤᠯᠤᠨ᠂ ᠡᠪᠡᠳᠴᠢᠨ ᠦᠵᠡᠭᠦᠯᠬᠦ ᠳᠤ | ᠰᠠᠭᠠᠳ ᠦᠭᠡᠢ ᠨᠡᠪᠲᠡᠷᠡᠬᠦ ᠵᠠᠮ ᠢ ᠵᠣᠬᠢᠴᠠᠭᠤᠯᠵᠤ᠂ ᠣᠨᠴᠠᠭᠠᠢ ᠪᠠᠶᠢᠳᠠᠯ ᠲᠣᠬᠢᠶᠠᠯᠳᠤᠪᠠᠯ ᠬᠠᠪᠰᠤᠷᠤᠨ ᠪᠡᠭᠡᠵᠢᠩ | ᠵᠡᠷᠭᠡ ᠭᠠᠵᠠᠷ ᠤᠨ ᠤᠯᠤᠰ ᠤᠨ ᠳᠣᠲᠣᠭᠠᠳᠤ ᠶᠢᠨ ᠨᠠᠷᠠᠲᠠᠢ ︽ᠭᠤᠷᠪᠠᠳᠤᠭᠠᠷ ᠲᠡᠰ ᠤᠨ ᠬᠥᠬᠡ ᠵᠡᠷᠭᠡᠯᠡᠯ︾ ᠠᠴᠠ | ᠳᠡᠭᠡᠭᠰᠢᠬᠢ ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ ᠡᠮᠨᠡᠭᠦᠯᠦᠨ᠎ᠡ᠃ ᠬᠦᠴᠢᠷᠳᠡᠯ ᠲᠠᠢ ᠪᠠᠭᠰᠢ᠂ ᠬᠦᠨᠳᠦ | ᠡᠪᠡᠳᠴᠢᠨ ᠲᠠᠢ ᠪᠠᠭᠰᠢ ᠶᠢ ᠰᠢᠶᠠᠨ ᠤ ᠱᠠᠲᠤᠨ ᠤ ᠬᠦᠴᠢᠷᠳᠡᠯ ᠢ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠵᠤ᠂ | ᠢᠳᠡᠪᠬᠢᠲᠡᠢ ᠪᠠᠷ ᠨᠡᠶᠢᠭᠡᠮ ᠠᠴᠠ ᠲᠤᠰᠠᠯᠠᠮᠵᠢ ᠪᠠ ᠳᠡᠮᠵᠢᠯᠭᠡ ᠣᠯᠵᠤ᠂ ᠠᠮᠢᠳᠤᠷᠠᠯ ᠨᠢ ᠬᠦᠴᠢᠷᠳᠡᠯ ᠲᠠᠢ ᠪᠠᠭᠰᠢ᠂ | ᠬᠦᠨᠳᠦ ᠡᠪᠡᠳᠴᠢᠨ ᠠᠴᠠ ᠪᠣᠯᠵᠤ ᠶᠠᠳᠠᠭᠤᠷᠠᠭᠰᠠᠨ ᠪᠠᠭᠰᠢ ᠶᠢ ᠬᠠᠪᠰᠤᠷᠤᠨ ᠲᠡᠳᠬᠦᠬᠦ ᠳᠤ ᠲᠤᠰᠬᠠᠢ ᠬᠡᠷᠡᠭᠯᠡᠨ᠎ᠡ᠃ | ᠪᠠᠭᠰᠢ ᠶᠢᠨ ᠳᠠᠷᠤᠭᠠᠰᠤ ᠶᠢ ᠬᠥᠩᠭᠡᠷᠡᠭᠦᠯᠬᠦ ᠠᠵᠢᠯ ᠢ ᠭᠦᠨᠵᠡᠭᠡᠶᠢᠷᠡᠭᠦᠯᠵᠦ᠂ ᠪᠠᠭᠰᠢ ᠨᠠᠷ ᠲᠤ ᠬᠠᠤᠯᠢ ᠴᠠᠭᠠᠵᠠ ᠶᠢᠨ | ᠵᠥᠪᠯᠡᠯᠭᠡ ᠥᠭᠬᠦ᠂ ᠬᠠᠤᠯᠢᠴᠢ ᠶᠢᠨ ᠲᠤᠰᠠᠯᠠᠮᠵᠢ ᠦᠵᠡᠭᠦᠯᠬᠦ ᠵᠡᠷᠭᠡ ᠬᠠᠤᠯᠢ ᠶᠢᠨ ᠲᠤᠰᠠᠯᠠᠮᠵᠢ ᠶᠢᠨ ᠪᠠᠲᠤᠯᠠᠭ᠎ᠠ | ᠬᠠᠩᠭᠠᠨ᠎ᠠ᠃ ᠪᠠᠭᠰᠢ ᠶᠢᠨ ᠣᠷᠣᠨ ᠰᠠᠭᠤᠴᠠ ᠶᠢᠨ ᠬᠦᠴᠢᠷ ᠠᠰᠠᠭᠤᠳᠠᠯ ᠢ ᠣᠯᠠᠨ ᠲᠠᠯ᠎ᠠ ᠪᠠᠷ ᠰᠢᠢᠳᠪᠦᠷᠢᠯᠡᠵᠦ᠂ | ᠬᠠᠮᠢᠶ᠎ᠠ ᠪᠦᠬᠦᠢ ᠨᠥᠬᠦᠴᠡᠯ ᠳᠤ ᠨᠡᠶᠢᠴᠡᠬᠦ ᠰᠤᠷᠭᠠᠨ ᠬᠥᠮᠦᠵᠢᠯ ᠤᠨ ᠠᠵᠢᠯᠲᠠᠳ ᠲᠤ ᠣᠯᠠᠨ ᠨᠡᠶᠢᠲᠡ ᠶᠢᠨ | ᠲᠦᠷᠢᠶᠡᠰᠦᠨ ᠣᠷᠣᠨ ᠰᠠᠭᠤᠴᠠ᠂ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠴᠢᠳᠠᠪᠤᠷᠢᠲᠠᠨ ᠤ | ᠡᠷᠭᠢᠯᠲᠡ ᠶᠢᠨ ᠣᠷᠣᠨ ᠰᠠᠭᠤᠴᠠ᠂ ᠴᠢᠳᠠᠪᠤᠷᠢᠲᠠᠨ ᠤ ᠨᠡᠶᠢᠲᠡ ᠶᠢᠨ ᠪᠠᠶᠢᠷᠢ ᠬᠤᠪᠢᠶᠠᠬᠤ ᠵᠡᠷᠭᠡ ᠣᠷᠣᠨ | ᠰᠠᠭᠤᠴᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢ ᠤᠷᠢᠳᠠᠪᠠᠷ ᠡᠳ᠋ᠯᠡᠭᠦᠯᠵᠦ᠂ ᠰᠤᠷᠭᠠᠨ ᠬᠥᠮᠦᠵᠢᠯ ᠤᠨ | ᠰᠢᠰᠲ᠋ᠧᠮ ᠤᠨ ᠭᠡᠷ ᠪᠦᠯᠢ ᠶᠢᠨ ᠬᠤᠶᠠᠷ ᠭᠠᠵᠠᠷ ᠲᠤ ᠰᠠᠯᠵᠤ ᠰᠠᠭᠤᠭᠰᠠᠨ ᠠᠰᠠᠭᠤᠳᠠᠯ ᠢ ᠵᠣᠬᠢᠴᠠᠭᠤᠯᠤᠨ | ᠰᠢᠢᠳᠪᠦᠷᠢᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠠᠷᠠᠳ ᠤᠨ ᠶᠠᠪᠤᠳᠠᠯ ᠤᠨ ᠲᠣᠪᠴᠢᠶ᠎ᠠ᠂ ᠬᠠᠤᠯᠢ | ᠴᠠᠭᠠᠵᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ︶ | ᠶᠢᠰᠦ᠂ ᠨᠢᠭᠡᠨ ᠢᠵᠢ ︽ᠣᠷᠭᠠᠨᠢᠭ ᠰᠢᠨᠡᠴᠢᠯᠡᠯᠲᠡ︾ ᠲᠠᠢ ᠡᠩᠨᠡᠭᠡᠨ ᠤ ᠬᠠᠮᠢᠶᠠᠷᠤᠯᠲᠠ ᠶᠢᠨ | ᠲᠣᠭᠲᠠᠴᠠ ᠶᠢ ᠲᠡᠭᠦᠯᠳᠡᠷᠵᠢᠭᠦᠯᠦᠨ᠎ᠡ᠃ ᠰᠤᠷᠭᠠᠭᠤᠯᠢ ᠶᠢᠨ ᠵᠠᠬᠢᠷᠤᠯ ᠤᠨ ᠬᠢᠨᠠᠨ ᠰᠢᠯᠭᠠᠯᠲᠠ ᠶᠢᠨ ᠠᠳᠠᠭ ᠢ ᠰᠢᠭᠰᠢᠬᠦ | ᠲᠣᠭᠲᠠᠴᠠ ᠶᠢ ᠪᠠᠶᠢᠭᠤᠯᠵᠤ᠂ ᠬᠤᠶᠠᠷ ᠵᠢᠯ ᠵᠠᠯᠭᠠᠪᠠᠷ ᠰᠤᠷᠭᠠᠭᠤᠯᠢ ᠶᠢᠨ ᠬᠢᠨᠠᠨ ᠰᠢᠯᠭᠠᠯᠲᠠ ᠶᠢᠨ ᠠᠳᠠᠭ ᠲᠤ | ᠣᠷᠣᠭᠰᠠᠨ ᠪᠤᠶᠤ ᠲᠤᠬᠠᠢ ᠶᠢᠨ ᠵᠢᠯ ᠳᠤ ᠲᠣᠭᠲᠠᠭᠠᠭᠰᠠᠨ ᠭᠤᠣᠯᠳᠠᠯᠭ᠎ᠠ ᠲᠠᠢ ᠰᠤᠷᠭᠠᠨ ᠬᠥᠮᠦᠵᠢᠯ ᠤᠨ ᠠᠵᠢᠯ ᠤᠨ | ᠡᠭᠦᠷᠭᠡ ᠪᠠᠨ ᠪᠡᠶᠡᠯᠡᠭᠦᠯᠵᠦ ᠳᠡᠶᠢᠯᠦᠭᠰᠡᠨ ᠦᠭᠡᠢ ᠰᠤᠷᠭᠠᠭᠤᠯᠢ ᠶᠢᠨ ᠵᠠᠬᠢᠷᠤᠯ ᠢ ᠰᠤᠷᠭᠠᠭᠤᠯᠢ ᠶᠢᠨ ᠵᠠᠬᠢᠷᠤᠯ ᠤᠨ | ᠠᠵᠢᠯ ᠤᠨ ᠪᠠᠶᠢᠷᠢ ᠠᠴᠠ ᠨᠢ ᠰᠠᠯᠭᠠᠨ᠎ᠠ᠃ ᠠᠵᠢᠯ ᠤᠨ ᠠᠮᠵᠢᠯᠲᠠ ᠪᠦᠲᠦᠮᠵᠢ ᠶᠢᠨ ᠬᠤᠪᠢᠶᠠᠷᠢᠯᠠᠯᠲᠠ ᠶᠢᠨ ᠳᠦᠷᠢᠮ ᠢ | ᠲᠡᠭᠦᠯᠳᠡᠷᠵᠢᠭᠦᠯᠵᠦ᠂ ᠬᠠᠷᠢᠭᠤᠴᠠᠯᠭ᠎ᠠ ᠬᠦᠨᠳᠦ ᠪᠣᠯ ᠣᠯᠠᠨ ᠬᠠᠷᠠᠮᠵᠢ ᠲᠠᠢ᠂ ᠬᠢᠴᠢᠶᠡᠯ ᠬᠥᠮᠦᠵᠢᠯ ᠳᠡᠭᠡᠨ ᠰᠢᠯᠢᠳᠡᠭ | ᠪᠣᠯ ᠣᠯᠠᠨ ᠬᠠᠷᠠᠮᠵᠢ ᠲᠠᠢ᠂ ᠢᠯᠡᠭᠦᠦ ᠠᠵᠢᠯᠯᠠᠪᠠᠯ ᠣᠯᠠᠨ ᠬᠠᠷᠠᠮᠵᠢ ᠲᠠᠢ ᠶᠢ ᠭᠦᠢᠴᠡᠳ ᠬᠠᠷᠠᠭᠤᠯᠵᠤ᠂ 2025 | ᠣᠨ ᠪᠣᠯᠬᠤ ᠳᠤ ᠬᠤᠲᠠ᠂ ᠰᠢᠶᠠᠨ ᠬᠤᠶᠠᠷ ᠱᠠᠲᠤᠨ ᠤ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠢ ᠪᠦᠬᠦᠨ ᠢ ᠦᠨᠳᠦᠰᠦᠨ ᠪᠠᠷᠢᠮᠵᠢᠶ᠎ᠠ ᠶᠢᠨ ᠱᠤᠭᠤᠮ ᠤᠨ 1.5 ᠳᠠᠬᠢᠨ ᠪᠣᠯᠭᠠᠬᠤ ᠪᠠᠷ ᠴᠢᠷᠮᠠᠶᠢᠨ᠎ᠠ᠃ | ᠬᠢᠴᠢᠶᠡᠯ ᠤᠨ ᠪᠠᠭᠰᠢ ᠪᠠ ᠵᠢᠭᠠᠨ ᠰᠤᠳᠤᠯᠭᠠᠨ ᠤ ᠪᠠᠭᠰᠢ ᠶᠢᠨ ᠲᠤᠰᠢᠶᠠᠯ ᠡᠭᠦᠷᠭᠡᠯᠡᠬᠦ ︽ᠡᠷᠭᠢᠯᠳᠦᠭᠡ ᠡᠭᠦᠳᠡ︾ | ᠶᠢᠨ ᠳᠦᠷᠢᠮ ᠢ ᠪᠠᠶᠢᠭᠤᠯᠵᠤ᠂ ᠬᠢᠴᠢᠶᠡᠯ ᠤᠨ ᠪᠠᠭᠰᠢ ᠪᠠ ᠵᠢᠭᠠᠨ ᠰᠤᠳᠤᠯᠭᠠᠨ ᠤ ᠪᠠᠭᠰᠢ ᠶᠢᠨ ᠠᠵᠢᠯ | ᠮᠡᠷᠭᠡᠵᠢᠯ ᠤᠨ ᠰᠢᠯᠵᠢᠯᠲᠡ ᠶᠢᠨ ᠵᠠᠮ ᠢ ᠨᠠᠪᠲᠠᠷᠡᠭᠦᠯᠵᠦ᠂ ᠵᠢᠭᠠᠨ ᠰᠤᠳᠤᠯᠭᠠᠨ ᠤ ᠪᠠᠭᠰᠢ ᠶᠢᠨ ᠬᠠᠮᠢᠶ᠎ᠠ ᠪᠦᠬᠦᠢ | ᠪᠠᠲᠤᠯᠠᠭ᠎ᠠ ᠶᠢ ᠬᠢᠴᠢᠶᠡᠯ ᠤᠨ ᠪᠠᠭᠰᠢ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ ᠵᠢᠭᠠᠨ ᠰᠤᠳᠤᠯᠭᠠᠨ ᠤ | ᠪᠠᠭᠰᠢ ᠶᠢᠨ ᠣᠷᠣᠨ ᠲᠤᠭ᠎ᠠ ᠶᠢᠨ ᠲᠣᠬᠢᠷᠠᠭᠤᠯᠤᠯᠲᠠ ᠶᠢ ᠨᠡᠮᠡᠭᠳᠡᠭᠦᠯᠵᠦ᠂ ᠤᠯᠤᠰ ᠤᠨ ᠬᠢᠴᠢᠶᠡᠯ ᠤᠨ ᠲᠥᠰᠥᠯ ᠤᠨ | ᠶᠣᠰᠣᠭᠠᠷ ᠡᠯ᠎ᠡ ᠰᠤᠷᠤᠯᠭ᠎ᠠ ᠶᠢᠨ ᠱᠠᠲᠤᠨ ᠤ ᠪᠣᠶ ᠪᠦᠬᠦᠢ ᠬᠢᠴᠢᠶᠡᠯ ᠲᠥᠷᠥᠯ ᠳᠤ ᠲᠤᠰᠬᠠᠢ ᠲᠤᠰᠢᠶᠠᠯᠲᠤ ᠵᠢᠭᠠᠨ | ᠰᠤᠳᠤᠯᠭᠠᠨ ᠤ ᠪᠠᠭᠰᠢ ᠶᠢ ᠪᠦᠷᠢᠨ ᠲᠣᠬᠢᠷᠠᠭᠤᠯᠤᠨ᠎ᠠ᠃ ᠨᠥᠬᠦᠴᠡᠯ ᠲᠠᠢ ᠭᠠᠵᠠᠷ ᠣᠷᠣᠨ ᠳᠤ᠂ ᠪᠣᠶ ᠪᠦᠬᠦᠢ ᠬᠢᠴᠢᠶᠡᠯ | ᠲᠥᠷᠥᠯ ᠤᠨ ᠲᠤᠰᠬᠠᠢ ᠲᠤᠰᠢᠶᠠᠯᠲᠤ ᠵᠢᠭᠠᠨ ᠰᠤᠳᠤᠯᠭᠠᠨ ᠤ ᠪᠠᠭᠰᠢ ᠶᠢ ᠠᠩᠭᠢ ᠬᠤᠪᠢᠶᠠᠨ ᠪᠦᠷᠢᠨ | ᠲᠣᠬᠢᠷᠠᠭᠤᠯᠤᠨ᠎ᠠ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠣᠷᠣᠨ ᠲᠤᠭ᠎ᠠ ᠶᠢᠨ | ᠵᠥᠪᠯᠡᠯ ᠤᠨ ᠠᠯᠪᠠᠨ ᠭᠡᠷ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠠᠷᠪᠠ᠂ ᠨᠢᠭᠡ ︽ᠱᠠᠩᠨᠠᠬᠤ ᠪᠠᠷ ᠰᠢᠯᠢᠳᠡᠭ ᠢ ᠬᠥᠮᠥᠵᠢᠭᠦᠯᠬᠦ︾ ᠦᠨᠡᠯᠡᠵᠦ ᠬᠢᠨᠠᠨ ᠬᠡᠮᠵᠢᠬᠦ ᠲᠠᠪᠴᠠᠩ ᠢ | ᠪᠠᠶᠢᠭᠤᠯᠤᠨ᠎ᠠ᠃ ᠰᠤᠷᠭᠠᠨ ᠬᠥᠮᠦᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠰᠤᠷᠭᠠᠨ ᠬᠥᠮᠦᠵᠢᠯ ᠤᠨ | ᠶᠠᠰᠤ ᠴᠢᠨᠠᠷ ᠢ ᠳᠡᠭᠡᠭᠰᠢᠯᠡᠭᠦᠯᠬᠦ ᠶᠢ ᠣᠷᠣᠨ ᠨᠤᠲᠤᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠵᠢᠯ ᠤᠨ | ᠡᠴᠦᠰ ᠤᠨ ᠬᠠᠷᠠᠯᠲᠠᠲᠤ ᠬᠢᠨᠠᠨ ᠰᠢᠯᠭᠠᠯᠲᠠ ᠳᠤ ᠣᠷᠣᠭᠤᠯᠤᠨ᠎ᠠ᠃ ᠲᠤᠰᠬᠠᠢ ᠮᠡᠷᠭᠡᠵᠢᠯ ᠤᠨ ᠪᠠᠶᠢᠭᠤᠯᠤᠮᠵᠢ ᠶᠢ | ᠣᠷᠣᠭᠤᠯᠤᠨ ᠠᠪᠴᠢᠷᠠᠵᠤ ︽ᠰᠤᠷᠭᠠᠨ ᠬᠥᠮᠦᠵᠢᠯ ᠤᠨ ᠶᠠᠰᠤ ᠴᠢᠨᠠᠷ ᠢ ᠬᠢᠨᠠᠨ ᠬᠡᠮᠵᠢᠬᠦ ᠪᠠ ᠦᠨᠡᠯᠡᠬᠦ ᠲᠠᠪᠴᠠᠩ︾ ᠢ | ᠪᠠᠶᠢᠭᠤᠯᠤᠨ᠂ ᠠᠷᠠᠳ ᠠᠴᠠ ᠡᠷᠭᠢᠯᠡᠭᠰᠡᠨ ᠰᠤᠷᠭᠠᠭᠤᠯᠢ ᠶᠢ ᠪᠠᠭᠲᠠᠭᠠᠭᠰᠠᠨ ᠪᠥᠬᠦ ᠬᠤᠲᠠ ᠶᠢᠨ ᠦᠨᠳᠦᠰᠦᠨ | ᠰᠤᠷᠭᠠᠨ ᠬᠥᠮᠦᠵᠢᠯ ᠤᠨ ᠶᠠᠰᠤ ᠴᠢᠨᠠᠷ ᠢ ᠶᠡᠷᠦᠩᠬᠡᠶᠢᠯᠡᠨ ᠬᠢᠨᠠᠨ ᠬᠡᠮᠵᠢᠨ ᠦᠨᠡᠯᠡᠵᠦ᠂ ᠦᠨᠡᠯᠡᠭᠰᠡᠨ ᠦᠷ᠎ᠡ ᠳ᠋ᠦᠩ ᠢ | ᠰᠤᠷᠭᠠᠭᠤᠯᠢ ᠶᠢᠨ ᠱᠠᠩᠨᠠᠵᠤ ᠲᠣᠷᠭᠠᠬᠤ᠂ ᠡᠬᠢ ᠪᠠᠶᠠᠯᠢᠭ ᠤᠨ ᠲᠣᠬᠢᠷᠠᠭᠤᠯᠤᠯᠲᠠ ᠪᠠ ᠰᠤᠷᠭᠠᠭᠤᠯᠢ ᠶᠢᠨ ᠵᠠᠬᠢᠷᠤᠯ ᠢ | ᠬᠢᠨᠠᠨ ᠰᠢᠯᠭᠠᠬᠤ ᠶᠢᠨ ᠴᠢᠬᠤᠯᠠ ᠦᠨᠳᠦᠰᠦᠯᠡᠯ ᠪᠣᠯᠭᠠᠨ᠎ᠠ᠃ ᠬᠤᠲᠠ᠂ ᠰᠢᠶᠠᠨ ᠤ ᠬᠤᠶᠠᠷ ᠱᠠᠲᠤᠨ ᠤ ᠡᠳ᠋ ᠤᠨ | ᠵᠠᠰᠠᠭ ᠠᠴᠠ ᠲᠤᠰ ᠲᠤᠰ ᠵᠢᠯ ᠪᠦᠷᠢ 2000 ᠲᠦᠮᠡᠨ ᠲᠥᠭᠦᠷᠢᠭ ᠪᠠ 500 ᠲᠦᠮᠡᠨ ᠲᠥᠭᠦᠷᠢᠭ ᠠᠴᠠ ᠳᠣᠣᠷ᠎ᠠ | ᠦᠭᠡᠢ ᠲᠤᠰᠬᠠᠢ ᠪᠡᠯᠡ ᠮᠥᠩᠭᠦ ᠭᠠᠷᠭᠠᠵᠤ ᠦᠨᠡᠯᠡᠭᠰᠡᠨ ᠦᠷ᠎ᠡ ᠳ᠋ᠦᠩ ᠢᠶᠠᠷ ᠰᠢᠯᠢᠳᠡᠭ ᠰᠤᠷᠭᠠᠭᠤᠯᠢ ᠶᠢ ᠱᠠᠩᠨᠠᠨ | ᠬᠥᠬᠢᠭᠦᠯᠬᠦ ᠳᠤ ᠬᠡᠷᠡᠭᠯᠡᠨ᠎ᠡ᠃ ︵ᠬᠠᠷᠢᠭᠤᠴᠠᠯᠭᠠᠲᠤ ᠨᠢᠭᠡᠴᠢ᠄ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ᠂ ᠬᠤᠲᠠ ᠶᠢᠨ | ᠰᠤᠷᠭᠠᠨ ᠬᠥᠮᠦᠵᠢᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ︶ | ᠳᠠᠭᠠᠯᠳᠤᠭᠤᠯᠤᠯ᠄ ᠡᠯ᠎ᠡ ᠬᠤᠰᠢᠭᠤ ᠰᠢᠶᠠᠨ ᠲᠣᠭᠤᠷᠢᠭ ᠤᠨ ︽ᠳᠥᠷᠪᠡᠨ ᠨᠢᠭᠡ︾ ᠶᠢᠨ ᠢᠨᠵᠧᠨᠧᠷᠢᠩ ᠤᠨ | ᠰᠤᠷᠭᠠᠭᠤᠯᠢ ᠶᠢᠨ ᠨᠡᠷᠡᠰ | ᠬᠦᠰᠦᠨᠦᠭᠲᠦ᠄ ᠬᠤᠰᠢᠭᠤ ᠰᠢᠶᠠᠨ ᠲᠣᠭᠤᠷᠢᠭ ᠬᠡᠦᠬᠡᠳ ᠤᠨ ᠴᠡᠴᠡᠷᠯᠢᠭ ᠪᠠᠭ᠎ᠠ ᠰᠤᠷᠭᠠᠭᠤᠯᠢ ᠠᠩᠬ᠎ᠠ | ᠵᠡᠷᠭᠡ ᠶᠢᠨ ᠳᠤᠮᠳᠠᠳᠤ ᠰᠤᠷᠭᠠᠭᠤᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠰᠢᠨ᠎ᠡ ᠬᠤᠳᠠ ᠲᠣᠭᠤᠷᠢᠭ | ᠰᠢᠨ᠎ᠡ ᠬᠤᠲᠠ ᠲᠣᠭᠤᠷᠢᠭ ᠤᠨ ᠮᠣᠩᠭᠤᠯ ᠬᠡᠦᠬᠡᠳ ᠤᠨ ᠴᠡᠴᠡᠷᠯᠢᠭ | ᠰᠢᠨ᠎ᠡ ᠬᠤᠲᠠ ᠲᠣᠭᠤᠷᠢᠭ ᠤᠨ ᠠᠷᠪᠠᠨ ᠵᠢᠷᠭᠤᠳᠤᠭᠠᠷ ᠬᠡᠦᠬᠡᠳ ᠤᠨ ᠴᠡᠴᠡᠷᠯᠢᠭ | ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ | ᠰᠢᠨ᠎ᠡ ᠬᠤᠲᠠ ᠲᠣᠭᠤᠷᠢᠭ ᠤᠨ ᠨᠢᠭᠡᠳᠦᠭᠡᠷ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠴᠢᠨ ᠶᠤᠸᠠᠨ | ᠰᠤᠷᠭᠠᠭᠤᠯᠢ ᠶᠢᠨ ᠲᠣᠭᠤᠷᠢᠭ | ᠰᠢᠨ᠎ᠡ ᠬᠤᠲᠠ ᠲᠣᠭᠤᠷᠢᠭ ᠤᠨ ᠬᠤ᠋ ᠬᠠ ᠵᠠᠮ ᠤᠨ ᠪᠠᠭ᠎ᠠ ᠰᠤᠷᠭᠠᠭᠤᠯᠢ | ᠶᠢᠰᠦᠨ ᠵᠢᠯ ᠤᠨ ᠳᠦᠷᠢᠮᠲᠦ ᠰᠤᠷᠭᠠᠭᠤᠯᠢ ︵ᠪᠠᠶᠢᠭᠤᠯᠵᠤ ᠪᠠᠶᠢᠨ᠎ᠠ︶ | ᠬᠥᠬᠡᠬᠤᠲᠠ ᠶᠢᠨ ᠠᠷᠪᠠ ᠶᠢᠰᠦᠳᠦᠭᠡᠷ ᠳᠤᠮᠳᠠᠳᠤ ᠰᠤᠷᠭᠠᠭᠤᠯᠢ | ᠬᠥᠬᠡᠬᠤᠲᠠ ᠶᠢᠨ ᠭᠤᠴᠢᠨ ᠳᠥᠷᠪᠡᠳᠦᠭᠡᠷ ᠳᠤᠮᠳᠠᠳᠤ ᠰᠤᠷᠭᠠᠭᠤᠯᠢ | ᠬᠥᠬᠡᠬᠤᠲᠠ ᠶᠢᠨ ᠲᠤᠷᠰᠢᠯᠲᠠ ᠶᠢᠨ ᠳᠤᠮᠳᠠᠳᠤ ᠰᠤᠷᠭᠠᠭᠤᠯᠢ ᠶᠢᠨ ᠴᠠᠬᠠᠷ ᠰᠤᠷᠭᠠᠭᠤᠯᠢ ᠶᠢᠨ ᠲᠣᠭᠤᠷᠢᠭ | ᠬᠤᠲᠣᠩ ᠠᠷᠠᠳ ᠤᠨ ᠲᠣᠭᠤᠷᠢᠭ | ᠬᠤᠲᠣᠩ ᠠᠷᠠᠳ ᠤᠨ ᠲᠣᠭᠤᠷᠢᠭ ᠤᠨ ᠲᠠᠪᠤᠳᠤᠭᠠᠷ ᠬᠡᠦᠬᠡᠳ ᠤᠨ ᠴᠡᠴᠡᠷᠯᠢᠭ | ᠬᠤᠲᠣᠩ ᠠᠷᠠᠳ ᠤᠨ ᠲᠣᠭᠤᠷᠢᠭ ᠤᠨ ᠡᠮᠦᠨ᠎ᠡ ᠵᠠᠮ ᠤᠨ ᠪᠠᠭ᠎ᠠ ᠰᠤᠷᠭᠠᠭᠤᠯᠢ | ᠬᠥᠬᠡᠬᠤᠲᠠ ᠶᠢᠨ ᠠᠷᠪᠠᠨ ᠵᠢᠷᠭᠤᠳᠤᠭᠠᠷ ᠳᠤᠮᠳᠠᠳᠤ ᠰᠤᠷᠭᠠᠭᠤᠯᠢ ︵ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠡᠯᠲᠡᠰ︶ | ᠬᠥᠬᠡᠬᠤᠲᠠ ᠶᠢᠨ ᠲᠡᠮᠦᠷ ᠵᠠᠮ ᠤᠨ ᠨᠢᠭᠡᠳᠦᠭᠡᠷ ᠳᠤᠮᠳᠠᠳᠤ ᠰᠤᠷᠭᠠᠭᠤᠯᠢ | ᠢᠦᠢ ᠴᠢᠤᠸᠠᠨ ᠲᠣᠭᠤᠷᠢᠭ | ᠢᠦᠢ ᠴᠢᠤᠸᠠᠨ ᠲᠣᠭᠤᠷᠢᠭ ᠤᠨ ᠭᠤᠷᠪᠠᠳᠤᠭᠠᠷ ᠬᠡᠦᠬᠡᠳ ᠤᠨ ᠴᠡᠴᠡᠷᠯᠢᠭ | ᠢᠦᠢ ᠴᠢᠤᠸᠠᠨ ᠲᠣᠭᠤᠷᠢᠭ ᠤᠨ ᠳᠣᠯᠣᠳᠤᠭᠠᠷ ᠬᠡᠦᠬᠡᠳ ᠤᠨ ᠴᠡᠴᠡᠷᠯᠢᠭ | ᠢᠦᠢ ᠴᠢᠤᠸᠠᠨ ᠲᠣᠭᠤᠷᠢᠭ ᠤᠨ ᠶᠢᠨ ᠾᠧ ᠡᠮᠦᠨ᠎ᠡ ᠵᠡᠭᠡᠯᠢ ᠶᠢᠨ ᠪᠠᠭ᠎ᠠ ᠰᠤᠷᠭᠠᠭᠤᠯᠢ | ᠢᠦᠢ ᠴᠢᠤᠸᠠᠨ ᠲᠣᠭᠤᠷᠢᠭ ᠤᠨ ᠱᠢ ᠳ᠋ᠦᠩ ᠵᠠᠮ ᠤᠨ ᠪᠠᠭ᠎ᠠ ᠰᠤᠷᠭᠠᠭᠤᠯᠢ | ᠬᠥᠬᠡᠬᠤᠲᠠ ᠶᠢᠨ ᠬᠤᠷᠢᠨ ᠵᠢᠷᠭᠤᠳᠤᠭᠠᠷ ᠳᠤᠮᠳᠠᠳᠤ ᠰᠤᠷᠭᠠᠭᠤᠯᠢ | ᠬᠥᠬᠡᠬᠤᠲᠠ ᠶᠢᠨ ᠬᠤᠷᠢᠨ ᠳᠣᠯᠣᠳᠤᠭᠠᠷ ᠳᠤᠮᠳᠠᠳᠤ ᠰᠤᠷᠭᠠᠭᠤᠯᠢ | ᠬᠥᠬᠡᠬᠤᠲᠠ ᠶᠢᠨ ᠵᠢᠷᠭᠤᠳᠤᠭᠠᠷ ᠳᠤᠮᠳᠠᠳᠤ ᠰᠤᠷᠭᠠᠭᠤᠯᠢ | ᠰᠠᠶᠢᠬᠠᠨ ᠲᠣᠭᠤᠷᠢᠭ | ᠰᠠᠶᠢᠬᠠᠨ ᠲᠣᠭᠤᠷᠢᠭ ᠤᠨ ᠨᠢᠭᠡᠳᠦᠭᠡᠷ ᠬᠡᠦᠬᠡᠳ ᠤᠨ ᠴᠡᠴᠡᠷᠯᠢᠭ | ᠬᠥᠬᠡᠬᠤᠲᠠ ᠶᠢᠨ ᠭᠤᠴᠢᠳᠤᠭᠠᠷ ᠳᠤᠮᠳᠠᠳᠤ ᠰᠤᠷᠭᠠᠭᠤᠯᠢ ᠶᠢᠨ ᠬᠠᠷᠢᠶᠠᠲᠤ ᠬᠡᠦᠬᠡᠳ ᠤᠨ ᠴᠡᠴᠡᠷᠯᠢᠭ | ᠰᠠᠶᠢᠬᠠᠨ ᠲᠣᠭᠤᠷᠢᠭ ᠤᠨ ᠴᠡᠯᠡᠭᠡᠷ ᠲᠠᠯ᠎ᠠ ᠪᠠᠭ᠎ᠠ ᠰᠤᠷᠭᠠᠭᠤᠯᠢ | ᠰᠠᠶᠢᠬᠠᠨ ᠲᠣᠭᠤᠷᠢᠭ ᠤᠨ ᠰᠢᠯᠢ ᠶᠢᠨ ᠭᠤᠣᠯ ᠡᠮᠦᠨ᠎ᠡ ᠵᠠᠮ ᠤᠨ ᠪᠠᠭ᠎ᠠ ᠰᠤᠷᠭᠠᠭᠤᠯᠢ ᠶᠢᠨ ᠬᠤᠪᠢᠶᠠᠷᠢ | ᠰᠤᠷᠭᠠᠭᠤᠯᠢ | ᠬᠥᠬᠡᠬᠤᠲᠠ ᠶᠢᠨ ᠭᠤᠴᠢᠨ ᠵᠢᠷᠭᠤᠳᠤᠭᠠᠷ ᠳᠤᠮᠳᠠᠳᠤ ᠰᠤᠷᠭᠠᠭᠤᠯᠢ | ᠬᠥᠬᠡᠬᠤᠲᠠ ᠶᠢᠨ ᠭᠤᠴᠢ ᠶᠢᠰᠦᠳᠦᠭᠡᠷ ᠳᠤᠮᠳᠠᠳᠤ ᠰᠤᠷᠭᠠᠭᠤᠯᠢ | ᠪᠡᠭᠡᠵᠢᠩ ᠤᠨ ᠳᠥᠷᠪᠡᠳᠦᠭᠡᠷ ᠳᠤᠮᠳᠠᠳᠤ ᠰᠤᠷᠭᠠᠭᠤᠯᠢ ᠶᠢᠨ ᠬᠥᠬᠡᠬᠤᠲᠠ ᠶᠢᠨ ᠬᠤᠪᠢᠶᠠᠷᠢ ᠰᠤᠷᠭᠠᠭᠤᠯᠢ | ᠬᠥᠬᠡᠬᠤᠲᠠ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ | ᠲᠦᠮᠡᠳ ᠵᠡᠭᠦᠨ ᠬᠤᠰᠢᠭᠤ | ᠲᠦᠮᠡᠳ ᠵᠡᠭᠦᠨ ᠬᠤᠰᠢᠭᠤᠨ ᠤ ᠤᠯᠠᠭᠠᠨᠬᠦᠦ ᠬᠡᠦᠬᠡᠳ ᠤᠨ ᠴᠡᠴᠡᠷᠯᠢᠭ | ᠲᠦᠮᠡᠳ ᠵᠡᠭᠦᠨ ᠬᠤᠰᠢᠭᠤᠨ ᠤ ᠵᠢᠨᠱᠠᠨ ᠰᠤᠷᠭᠠᠭᠤᠯᠢ ᠶᠢᠨ ᠪᠠᠭ᠎ᠠ ᠰᠤᠷᠭᠠᠭᠤᠯᠢ ᠶᠢᠨ ᠬᠡᠯᠲᠡᠰ | ᠲᠦᠮᠡᠳ ᠵᠡᠭᠦᠨ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ | ᠲᠦᠮᠡᠳ ᠵᠡᠭᠦᠨ ᠬᠤᠰᠢᠭᠤᠨ ᠤ ᠨᠢᠭᠡᠳᠦᠭᠡᠷ ᠳᠤᠮᠳᠠᠳᠤ ᠰᠤᠷᠭᠠᠭᠤᠯᠢ | ᠲᠣᠭᠲᠠᠬᠤ ᠰᠢᠶᠠᠨ | ᠲᠣᠭᠲᠠᠬᠤ ᠰᠢᠶᠠᠨ ᠤ ᠦᠨᠳᠦᠰᠦᠲᠡᠨ ᠤ ᠲᠤᠷᠰᠢᠯᠲᠠ ᠶᠢᠨ ᠬᠡᠦᠬᠡᠳ ᠤᠨ ᠴᠡᠴᠡᠷᠯᠢᠭ | ᠲᠣᠭᠲᠠᠬᠤ ᠰᠢᠶᠠᠨ ᠤ ᠭᠤᠷᠪᠠᠳᠤᠭᠠᠷ ᠪᠠᠭ᠎ᠠ ᠰᠤᠷᠭᠠᠭᠤᠯᠢ | ᠲᠣᠭᠲᠠᠬᠤ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ | ᠲᠣᠭᠲᠠᠬᠤ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ | ᠬᠤᠷᠢᠨᠭᠡᠷ ᠰᠢᠶᠠᠨ | ᠬᠤᠷᠢᠨᠭᠡᠷ ᠰᠢᠶᠠᠨ ᠤ ᠦᠨᠳᠦᠰᠦᠲᠡᠨ ᠤ ᠬᠡᠦᠬᠡᠳ ᠤᠨ ᠴᠡᠴᠡᠷᠯᠢᠭ | ᠬᠤᠷᠢᠨᠭᠡᠷ ᠰᠢᠶᠠᠨ ᠤ ᠲᠠᠪᠤᠳᠤᠭᠠᠷ ᠪᠠᠭ᠎ᠠ ᠰᠤᠷᠭᠠᠭᠤᠯᠢ | ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ︵ᠠᠩᠬ᠎ᠠ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠡᠯᠲᠡᠰ︶ | ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ︵ᠥᠨᠳᠥᠷ ᠵᠡᠷᠭᠡ ᠶᠢᠨ ᠳᠤᠮᠳᠠᠳᠤ | ᠰᠤᠷᠭᠠᠭᠤᠯᠢ ᠶᠢᠨ ᠬᠡᠯᠲᠡᠰ︶ | ᠴᠢᠩ ᠱᠦᠢ ᠾᠧ ᠰᠢᠶᠠᠨ | ᠴᠢᠩ ᠱᠦᠢ ᠾᠧ ᠰᠢᠶᠠᠨ ᠤ ᠶᠠᠩ ᠭᠤᠸᠠᠩ ᠬᠡᠦᠬᠡᠳ ᠤᠨ ᠴᠡᠴᠡᠷᠯᠢᠭ | ᠴᠢᠩ ᠱᠦᠢ ᠾᠧ ᠰᠢᠶᠠᠨ ᠤ ᠴᠧᠩ ᠭᠤᠸᠠᠨ ᠵᠧᠨ ᠨᠢᠭᠡᠳᠦᠭᠡᠷ ᠪᠠᠭ᠎ᠠ ᠰᠤᠷᠭᠠᠭᠤᠯᠢ | ᠴᠢᠩ ᠱᠦᠢ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ | ᠴᠢᠩ ᠱᠦᠢ ᠾᠧ ᠰᠢᠶᠠᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ | ᠦᠴᠦᠸᠠᠨ ᠰᠢᠶᠠᠨ | ᠦᠴᠦᠸᠠᠨ ᠰᠢᠶᠠᠨ ᠤ ᠳᠥᠷᠪᠡᠳᠦᠭᠡᠷ ᠬᠡᠦᠬᠡᠳ ᠤᠨ ᠴᠡᠴᠡᠷᠯᠢᠭ | ᠦᠴᠦᠸᠠᠨ ᠰᠢᠶᠠᠨ ᠤ ᠬᠤᠶᠠᠳᠤᠭᠠᠷ ᠪᠠᠭ᠎ᠠ ᠰᠤᠷᠭᠠᠭᠤᠯᠢ | ᠦᠴᠦᠸᠠᠨ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ | ᠦᠴᠦᠸᠠᠨ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ | | |