︽ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ  ᠲᠥᠯᠦᠪᠵᠢᠭᠦᠯᠭᠡ ᠶᠢᠨ ᠬᠢᠨᠠᠨ ᠪᠠᠶᠢᠴᠠᠭᠠᠯᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ
ᠨᠡᠶᠢᠲᠡᠯᠡᠭᠰᠡᠨ ᠴᠠᠭ᠄
2023/12/4
                            ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ                            ᠵᠠᠰᠠᠭ ᠤᠨ ᠣᠷᠳᠣᠨ ᠤ ᠠᠯᠪᠠᠨ ᠲᠢᠩᠬᠢᠮ ᠤᠨ ᠪᠢᠴᠢᠭ  ᠮᠠᠲ᠋ᠧᠷᠢᠶᠠᠯ                     ᠥᠪᠥᠷ ᠵᠠᠰᠠᠭ ᠠᠯᠪᠠᠨ ᠲᠠᠷᠬᠠᠭᠠᠭᠰᠠᠨ ﹇2023﹈ 28 ᠳ᠋ᠤᠭᠠᠷ ᠲᠣᠭᠠᠲᠤ︽ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠢᠨᠠᠨ ᠪᠠᠶᠢᠴᠠᠭᠠᠯᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ ᠳᠤ᠄      ᠡᠳᠦᠭᠡ ︽ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠢᠨᠠᠨ ᠪᠠᠶᠢᠴᠠᠭᠠᠯᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ︾ ᠶᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠲᠠ ᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃                                   2023 ᠣᠨ ᠤ 3 ᠳ᠋ᠤᠭᠠᠷ ᠰᠠᠷ᠎ᠠ ᠶᠢᠨ 29 ᠤ ᠡᠳᠦᠷ                                             ︵ᠲᠣᠰ ᠪᠢᠴᠢᠭ ᠮᠠᠲ᠋ᠧᠷᠢᠶᠠᠯ ᠢ ᠢᠯᠡ ᠨᠡᠶᠢᠲᠡᠯᠡᠨ᠎ᠡ︶ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠢᠨᠠᠨ ᠪᠠᠶᠢᠴᠠᠭᠠᠯᠭᠠᠵᠤ ᠮᠡᠳᠡᠭᠦᠯᠦᠨ ᠵᠥᠪᠰᠢᠶᠡᠷᠡᠭᠦᠯᠬᠦ ᠠᠷᠭ᠎ᠠ            ᠨᠢᠭᠡᠳᠦᠭᠡᠷ ᠵᠦᠢᠯ  ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠠᠵᠢᠯ ᠢ ᠵᠢᠷᠤᠮᠵᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ︾ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠬᠥᠳᠡᠭᠡ ᠶᠢᠨ ᠲᠥᠯᠦᠪᠵᠢᠭᠦᠯᠭᠡ ᠶᠢᠨ ᠳᠦᠷᠢᠮ︾ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠲᠣᠭᠲᠠᠯᠴᠠᠭ᠎ᠠ ᠶᠢ ᠪᠠᠶᠢᠭᠤᠯᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠬᠦ ᠲᠤᠬᠠᠢ ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ ᠤᠳ︾ ︽ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠳᠤᠮᠳᠠ ᠭᠤᠷᠪᠠᠨ ᠵᠤᠷᠪᠤᠰ ᠡᠵᠡᠮᠰᠢᠯ ᠱᠤᠭᠤᠮ ᠢ ᠨᠢᠭᠡᠳᠦᠯᠲᠡᠢ ᠲᠥᠯᠥᠪᠯᠡᠨ ᠢᠯᠭᠠᠨ ᠲᠣᠭᠲᠠᠭᠠᠵᠤ ᠨᠠᠶᠢᠳᠠᠪᠤᠷᠢᠵᠢᠭᠤᠯᠬᠤ ᠲᠤᠬᠠᠢ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠤᠭᠤᠳᠬᠤ ᠰᠠᠨᠠᠯ ︾ ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠪᠢᠴᠢᠭ ᠮᠠᠲ᠋ᠧᠷᠢᠶᠠᠯ ᠤᠨ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ ᠤ ᠪᠣᠳᠠᠲᠠᠢ ᠲᠠᠢ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠲᠥᠷᠥ ᠶᠢᠨ ᠶᠠᠪᠤᠳᠠᠯ ᠤᠨ ᠬᠤᠷᠢᠶᠠᠨ ᠳᠤ ᠵᠥᠪᠰᠢᠶᠡᠷᠡᠭᠦᠯᠬᠦ ᠪᠠᠷ ᠮᠡᠳᠡᠭᠦᠯᠬᠦ ᠬᠤᠲᠠ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠪᠠ ᠥᠪᠡᠷᠲᠡᠭᠡᠨ ᠵᠠᠰᠠᠬᠤ ᠣᠷᠣᠨ ᠳᠤ ᠵᠥᠪᠰᠢᠶᠡᠷᠡᠭᠦᠯᠬᠦ ᠪᠠᠷ ᠮᠡᠳᠡᠭᠦᠯᠬᠦ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠬᠢᠨᠠᠨ ᠪᠠᠶᠢᠴᠠᠭᠠᠯᠭᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠳᠤ ᠲᠣᠰ ᠠᠷᠭ᠎ᠠ ᠶᠢ ᠬᠡᠷᠡᠭᠯᠡᠨ᠎ᠡ᠃      ᠭᠤᠷᠪᠠᠳᠤᠭᠠᠷ ᠵᠦᠢᠯ  ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠵᠢᠴᠢ ᠲᠡᠭᠦᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠲᠤᠰᠬᠠᠢ ᠮᠡᠷᠭᠡᠵᠢᠯᠲᠡᠨ ᠡᠷᠳᠡᠮᠲᠡᠨ ᠪᠠ ᠣᠯᠠᠨ ᠨᠡᠶᠢᠲᠡ ᠶᠢᠨ ᠲᠥᠯᠥᠭᠡᠯᠡᠭᠴᠢ ᠪᠠᠷ ᠪᠦᠷᠢᠯᠳᠦᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠵᠥᠪᠯᠡᠯ ᠢ ᠪᠠᠶᠢᠭᠤᠯᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠲᠤᠰᠬᠠᠢ ᠲᠥᠯᠦᠪᠵᠢᠭᠦᠯᠭᠡ᠂ ᠨᠠᠷᠢᠨ ᠲᠣᠳᠣᠷᠬᠠᠢ ᠲᠥᠯᠦᠪᠵᠢᠭᠦᠯᠭᠡ ᠵᠡᠷᠭᠡ ᠶᠢᠨ ᠨᠠᠶᠢᠷᠠᠭᠤᠯᠤᠨ ᠵᠣᠬᠢᠶᠠᠵᠤ ᠬᠡᠷᠡᠭᠵᠢᠭᠦᠯᠦᠨ ᠬᠠᠮᠢᠶᠠᠷᠬᠤ ᠠᠵᠢᠯ ᠢ ᠵᠣᠬᠢᠶᠠᠨ ᠪᠠᠶᠢᠭᠤᠯᠵᠤ ᠤᠳᠤᠷᠢᠳᠬᠤ ᠪᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠬᠤ ᠬᠡᠷᠡᠭᠲᠡᠢ᠃      ᠳᠥᠷᠪᠡᠳᠦᠭᠡᠷ ᠵᠦᠢᠯ  ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣᠭᠠᠷ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠬᠡᠷᠡᠭᠲᠡᠢ᠃ ᠲᠥᠯᠦᠪᠵᠢᠭᠦᠯᠭᠡ ᠶᠢᠨ ᠡᠬᠡ ᠨᠣᠣᠷᠠᠭ ᠪᠦᠷᠢᠯᠳᠦᠭᠰᠡᠨ ᠤ ᠳᠠᠷᠠᠭ᠎ᠠ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠲᠤᠰᠬᠠᠢ ᠮᠡᠷᠭᠡᠵᠢᠯᠲᠡᠨ᠂ ᠰᠠᠯᠠᠭ᠎ᠠ ᠮᠥᠴᠢᠷ ᠪᠤᠶᠤ ᠨᠢᠭᠡᠴᠢ᠂ ᠨᠡᠶᠢᠭᠡᠮ ᠨᠡᠶᠢᠲᠡ ᠠᠴᠠ ᠰᠠᠨᠠᠯ ᠬᠤᠷᠢᠶᠠᠬᠤ ᠶᠢᠨ ᠬᠠᠮᠲᠤ ᠬᠠᠤᠯᠢ ᠶᠣᠰᠣᠭᠠᠷ ᠲᠥᠯᠦᠪᠵᠢᠭᠦᠯᠭᠡ ᠶᠢᠨ ᠡᠬᠡ ᠨᠣᠣᠷᠠᠭ ᠢᠶᠠᠨ ᠵᠠᠷᠯᠠᠨ ᠨᠡᠶᠢᠲᠡᠯᠡᠬᠦ ᠬᠡᠷᠡᠭᠲᠡᠢ᠃ ᠵᠠᠷᠯᠠᠨ ᠨᠡᠶᠢᠲᠡᠯᠡᠬᠦ ᠬᠤᠭᠤᠴᠠᠭ᠎ᠠ ᠶᠢ 30 ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃      ᠲᠠᠪᠤᠳᠤᠭᠠᠷ ᠵᠦᠢᠯ  ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠢ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢᠨ ᠲᠣᠭᠲᠠᠭᠠᠯ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠡᠬᠡ ᠨᠣᠣᠷᠠᠭ ᠢᠶᠠᠨ ᠠᠳᠠᠯᠢ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠬᠢᠨᠠᠨ ᠵᠥᠪᠯᠡᠭᠦᠯᠬᠦ ᠪᠠᠷ ᠳᠡᠪᠰᠢᠭᠦᠯᠬᠦ ᠬᠡᠷᠡᠭᠲᠡᠢ᠃      ᠵᠢᠷᠭᠤᠳᠤᠭᠠᠷ ᠵᠦᠢᠯ  ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠳᠡᠭᠡᠭᠰᠢ ᠮᠡᠳᠡᠭᠦᠯᠦᠨ ᠵᠥᠪᠰᠢᠶᠡᠷᠡᠭᠦᠯᠬᠦ ᠠᠴᠠ ᠡᠮᠦᠨ᠎ᠡ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠯᠭᠡᠬᠦ ᠬᠡᠷᠡᠭᠲᠡᠢ᠃ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠠᠭᠤᠯᠭ᠎ᠠ ᠳᠤ ᠭᠤᠣᠯᠳᠠᠭᠤ᠄      ︵ᠨᠢᠭᠡ︶ ᠦᠷ᠎ᠡ ᠪᠦᠲᠦᠭᠡᠯ ᠤᠨ ᠪᠦᠷᠢᠨ ᠪᠦᠲᠦᠨ ᠴᠢᠨᠠᠷ ᠤᠨ ᠬᠢᠨᠠᠨ ᠪᠠᠶᠢᠴᠠᠭᠠᠯᠲᠠ᠃ ᠭᠤᠣᠯᠳᠠᠭᠤ ᠲᠥᠯᠦᠪᠵᠢᠭᠦᠯᠭᠡ ᠶᠢᠨ ᠲᠣᠪᠬᠢᠮᠠᠯ᠂ ᠲᠥᠯᠦᠪᠵᠢᠭᠦᠯᠭᠡ ᠶᠢᠨ ᠲᠣᠳᠣᠷᠬᠠᠶᠢᠯᠠᠯᠲᠠ᠂ ᠬᠤᠯᠪᠣᠭᠳᠠᠯ ᠪᠦᠬᠦᠢ ᠮᠠᠲ᠋ᠧᠷᠢᠶᠠᠯ ︵ᠲᠣᠰ ᠭᠠᠵᠠᠷ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠢᠨᠠᠨ ᠵᠥᠪᠯᠡᠭᠰᠡᠨ ᠰᠠᠨᠠᠯ᠂ ᠨᠡᠶᠢᠭᠡᠮ ᠤᠨ ᠠᠯᠪᠠᠨ ᠵᠠᠷᠯᠠᠯ ᠵᠡᠷᠭᠡ ᠪᠠᠭᠲᠠᠨ᠎ᠠ︶᠂ ᠲᠤᠰᠬᠠᠢ ᠰᠡᠳᠦᠪᠲᠦ ᠰᠤᠳᠤᠯᠭᠠᠨ ᠤ ᠮᠡᠳᠡᠭᠦᠯᠦᠯᠲᠡ᠂ ᠲᠥᠯᠦᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠤᠨ ᠦᠨᠡᠯᠡᠯᠲᠡ᠂ ᠠᠮᠠᠯᠠᠯᠲᠠ ᠶᠢᠨ ᠵᠦᠢᠯᠡᠰ ᠢᠶᠠᠨ ᠨᠠᠶᠢᠳᠠᠪᠤᠷᠢᠵᠢᠭᠤᠯᠤᠭᠰᠠᠨ ᠮᠡᠳᠡᠭᠦᠯᠦᠯᠲᠡ᠂ ᠲᠥᠯᠦᠪᠵᠢᠭᠦᠯᠭᠡ ᠶᠢᠨ ᠦᠷ᠎ᠡ ᠪᠦᠲᠦᠭᠡᠯ ᠤᠨ ᠲᠤᠭ᠎ᠠ ᠪᠠᠷᠢᠮᠲᠠ ᠶᠢᠨ ᠬᠥᠮᠥᠷᠭᠡ ᠵᠢᠴᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡᠨ ᠪᠦᠲᠦᠨ ᠲᠥᠯᠥᠪᠯᠡᠭᠡᠨ ᠤ ᠵᠢᠷᠤᠭ︾ ᠢ ᠬᠡᠷᠡᠭᠵᠢᠭᠦᠯᠬᠦ ᠪᠠ ᠡᠭᠦᠨ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠤᠨ ᠮᠡᠳᠡᠭᠦᠯᠦᠯᠲᠡ ᠵᠡᠷᠭᠡ ᠠᠭᠤᠯᠭ᠎ᠠ ᠶᠢᠨ ᠪᠦᠷᠢᠨ ᠪᠦᠲᠦᠨ ᠴᠢᠨᠠᠷ ᠲᠤ ᠬᠢᠨᠠᠨ ᠪᠠᠶᠢᠴᠠᠭᠠᠯᠲᠠ ᠬᠢᠨ᠎ᠡ᠃      ︵ᠬᠤᠶᠠᠷ︶ ᠦᠷ᠎ᠡ ᠪᠦᠲᠦᠭᠡᠯ ᠤᠨ ᠵᠦᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ᠃ ᠭᠤᠣᠯᠳᠠᠭᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠡᠭᠡᠭᠡᠨ ᠠᠰᠢᠭᠯᠠᠵᠤ ᠬᠠᠮᠠᠭᠠᠯᠠᠬᠤ ᠬᠠᠷᠠᠯᠲᠠ᠂ ᠬᠢᠵᠠᠭᠠᠷᠯᠠᠬᠤ ᠴᠢᠨᠠᠷᠲᠠᠢ ᠭᠦᠢᠴᠡᠳᠬᠡᠯ ᠲᠣᠭᠠᠨ ᠤ ᠨᠠᠶᠢᠳᠠᠪᠤᠷᠢᠵᠢᠭᠤᠯᠤᠯᠲᠠ ᠵᠢᠴᠢ ᠵᠠᠳᠠᠯᠤᠯᠲᠠ᠂ ᠭᠤᠣᠯ ᠴᠣᠭᠴᠠᠲᠤ ᠴᠢᠳᠠᠮᠵᠢ ᠶᠢᠨ ᠣᠷᠣᠨ ᠤ ᠨᠠᠶᠢᠳᠠᠪᠤᠷᠢᠵᠢᠭᠤᠯᠤᠯᠲᠠ ᠬᠢᠭᠡᠳ ᠰᠢᠯᠢᠳᠡᠭᠵᠢᠭᠦᠯᠦᠯᠲᠡ ᠵᠡᠷᠭᠡ᠂ ᠠᠮᠢ ᠠᠬᠤᠢ᠂ ᠬᠤᠲᠠ ᠪᠠᠯᠭᠠᠰᠤ ᠵᠢᠴᠢ ᠮᠠᠯ ᠲᠠᠷᠢᠶᠠᠯᠠᠩ ᠤᠨ ᠰᠢᠰᠲ᠋ᠧᠮ ᠤᠨ ᠪᠠᠶᠢᠷᠢᠰᠢᠯ᠂ ᠬᠤᠲᠠ ᠪᠠᠯᠭᠠᠰᠤ ︵ᠲᠣᠰᠬᠤᠨ ᠪᠠᠯᠭᠠᠰᠤ︶ ᠶᠢᠨ ᠲᠣᠭᠲᠠᠯᠴᠠᠭᠠᠨ ᠤ ᠪᠠᠶᠢᠷᠢᠰᠢᠭᠤᠯᠤᠯᠲᠠ᠂ ᠣᠷᠣᠨ ᠪᠦᠰᠡ ᠶᠢ ᠵᠣᠬᠢᠴᠠᠭᠤᠯᠬᠤ ᠭᠤᠣᠯᠳᠠᠯᠭᠠᠲᠤ ᠭᠠᠵᠠᠷ ᠣᠷᠣᠨ ᠤ ᠣᠷᠣᠨ ᠵᠠᠢ ᠶᠢᠨ ᠪᠦᠲᠦᠴᠡ᠂ ᠬᠥᠳᠡᠭᠡ ᠲᠣᠰᠬᠤᠨ ᠤ ᠣᠷᠣᠨ ᠵᠠᠢ ᠶᠢᠨ ᠪᠠᠶᠢᠷᠢᠰᠢᠭᠤᠯᠤᠯᠲᠠ ᠵᠡᠷᠭᠡ᠂ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠤᠨ ᠲᠣᠭᠲᠠᠯᠴᠠᠭ᠎ᠠ ᠪᠠ ᠲᠡᠦᠬᠡ ᠰᠣᠶᠣᠯ ᠤᠨ ᠬᠠᠮᠠᠭᠠᠯᠠᠯᠲᠠ ᠶᠢᠨ ᠲᠣᠭᠲᠠᠯᠴᠠᠭ᠎ᠠ ᠵᠢᠴᠢ ᠣᠷᠣᠨ ᠵᠠᠢ ᠶᠢᠨ ᠬᠠᠮᠢᠶᠠᠷᠴᠤ ᠡᠵᠡᠮᠳᠡᠬᠦ ᠱᠠᠭᠠᠷᠳᠠᠯᠭ᠎ᠠ᠂ ᠬᠤᠲᠠ ︵ᠰᠢᠶᠠᠨ︶ ᠶᠢᠨ ᠬᠡᠪᠴᠢᠶᠡᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠣᠷᠣᠨ ᠤ ᠬᠤᠪᠢᠶᠠᠷᠢᠯᠠᠯ ᠪᠠ ᠬᠡᠷᠡᠭᠯᠡᠭᠡ ᠶᠢ ᠬᠠᠮᠢᠶᠠᠷᠤᠨ ᠵᠠᠬᠢᠷᠬᠤ ᠳᠦᠷᠢᠮ᠂ ᠴᠢᠬᠤᠯᠠ ᠶᠡᠭᠡ ᠰᠠᠭᠤᠷᠢ ᠪᠡᠯᠡᠳᠬᠡᠮᠵᠢ ᠶᠢᠨ ᠲᠣᠣᠷ ᠤᠨ ᠪᠠᠶᠢᠷᠢᠰᠢᠭᠤᠯᠤᠯᠲᠠ᠂ ᠬᠤᠲᠠ ᠬᠥᠳᠡᠭᠡ ᠶᠢᠨ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠶᠢᠨ ᠪᠠᠶᠢᠷᠢᠰᠢᠭᠤᠯᠤᠯᠲᠠ ᠪᠠ ᠳᠦᠬᠦᠷᠵᠢᠭᠦᠯᠬᠦ ᠱᠠᠭᠠᠷᠳᠠᠯᠭ᠎ᠠ᠂ ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠤᠨ ᠳᠣᠲᠣᠷᠠᠬᠢ᠂ ᠬᠤᠲᠠ ᠶᠢᠨ ᠪᠦᠲᠦᠴᠡ ᠶᠢᠨ ᠴᠢᠨᠠᠷᠲᠠᠢ ᠵᠦᠯᠭᠡ ᠭᠠᠵᠠᠷ᠂ ᠤᠰᠤᠨ ᠴᠣᠭᠴᠠ ᠵᠡᠷᠭᠡ ᠵᠠᠳᠠᠭᠠᠢ ᠣᠷᠣᠨ ᠵᠠᠢ ᠶᠢᠨ ᠡᠵᠡᠮᠰᠢᠯ ᠤᠨ ᠬᠡᠪᠴᠢᠶ᠎ᠡ ᠪᠠ ᠲᠡᠩᠴᠡᠭᠦᠷᠢᠲᠡᠢ ᠪᠠᠷ ᠲᠠᠷᠬᠠᠭᠠᠬᠤ ᠱᠠᠭᠠᠷᠳᠠᠯᠭ᠎ᠠ᠂ ᠬᠤᠷ᠎ᠠ ᠤᠰᠤ ᠶᠢ ᠪᠦᠲᠦᠮᠵᠢᠲᠡᠢ ᠠᠰᠢᠭᠯᠠᠬᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠡᠵᠡᠮᠰᠢᠯ ᠤᠨ ᠱᠠᠭᠠᠷᠳᠠᠯᠭ᠎ᠠ᠂ ᠡᠯ᠎ᠡ ᠲᠥᠷᠥᠯ ᠤᠨ ᠲᠡᠦᠬᠡ ᠰᠣᠶᠣᠯ ᠤᠨ ᠦᠯᠡᠳᠡᠭᠳᠡᠯ ᠤᠨ ᠬᠠᠮᠠᠭᠠᠯᠠᠯᠲᠠ ᠶᠢᠨ ᠬᠡᠪᠴᠢᠶ᠎ᠡ ᠪᠠ ᠱᠠᠭᠠᠷᠳᠠᠯᠭ᠎ᠠ᠂ ᠰᠠᠯᠬᠢ ᠨᠡᠪᠲᠡᠷᠡᠭᠦᠯᠬᠦ ᠬᠤᠩᠭᠢᠯ ᠵᠠᠮ ᠤᠨ ᠪᠠᠶᠢᠷᠢᠰᠢᠯ ᠪᠠ ᠡᠵᠡᠮᠰᠢᠯ ᠤᠨ ᠱᠠᠭᠠᠷᠳᠠᠯᠭ᠎ᠠ᠂ ᠬᠤᠲᠠ ᠪᠠᠯᠭᠠᠰᠤ ᠶᠢ ᠨᠡᠭᠡᠭᠡᠨ ᠬᠥᠭᠵᠢᠭᠦᠯᠬᠦ ᠬᠦᠴᠦᠯᠡᠴᠡ ᠶᠢᠨ ᠣᠷᠣᠨ ᠤ ᠬᠤᠪᠢᠶᠠᠷᠢᠯᠠᠯ ᠵᠢᠴᠢ ᠪᠠᠭᠲᠠᠭᠠᠮᠵᠢ ᠶᠢᠨ ᠨᠣᠷᠮ᠎ᠠ᠂ ᠨᠢᠭᠲᠠᠴᠠ ᠵᠡᠷᠭᠡ ᠡᠵᠡᠮᠰᠢᠯ ᠤᠨ ᠭᠦᠢᠴᠡᠳᠬᠡᠯ ᠲᠤᠭ᠎ᠠ᠂ ᠥᠨᠳᠥᠷ ᠤᠨ ᠬᠡᠮᠵᠢᠶ᠎ᠡ᠂ ᠳᠦᠷᠰᠦ ᠲᠥᠯᠥᠪ ᠵᠡᠷᠭᠡ ᠣᠷᠣᠨ ᠵᠠᠢ ᠶᠢᠨ ᠳᠦᠷᠰᠦ ᠪᠠᠶᠢᠳᠠᠯ ᠢ ᠡᠵᠡᠮᠰᠢᠬᠦ ᠱᠠᠭᠠᠷᠳᠠᠯᠭ᠎ᠠ᠂ ᠲᠥᠪ ᠪᠣᠯᠬᠤ ᠬᠤᠲᠠ ᠲᠣᠭᠤᠷᠢᠭ ︵ᠲᠡᠭᠦᠷᠭᠡ ᠪᠠᠯᠭᠠᠰᠤ︶  ᠬᠤᠲᠠ ︵ᠬᠤᠲᠠ ᠪᠠᠯᠭᠠᠰᠤ︶ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠪᠠ ᠬᠡᠷᠡᠭᠯᠡᠬᠦ ᠭᠠᠵᠠᠷ ᠤᠨ ᠪᠦᠲᠦᠴᠡ ᠵᠡᠷᠭᠡ᠂ ᠲᠥᠯᠦᠪᠵᠢᠭᠦᠯᠭᠡ ᠶᠢᠨ ᠬᠡᠷᠡᠭᠵᠢᠭᠦᠯᠬᠦ ᠶᠢ ᠪᠠᠲᠤᠯᠠᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ᠂ ᠳᠡᠭᠡᠳᠦ ᠱᠠᠲᠤᠨ ᠤ ᠲᠥᠯᠦᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠳᠣᠣᠷᠠᠳᠤ ᠱᠠᠲᠤᠨ ᠤ ᠲᠥᠯᠦᠪᠵᠢᠭᠦᠯᠭᠡ ᠶᠢ ᠵᠢᠯᠤᠭᠤᠳᠬᠤ ᠪᠠ ᠬᠢᠵᠠᠭᠠᠷᠯᠠᠬᠤ ᠴᠢᠨᠠᠷᠲᠠᠢ ᠱᠠᠭᠠᠷᠳᠠᠯᠭ᠎ᠠ ᠵᠡᠷᠭᠡ ᠲᠠᠯ᠎ᠠ ᠶᠢᠨ ᠦᠷ᠎ᠡ ᠪᠦᠲᠦᠭᠡᠯ ᠤᠨ ᠵᠦᠢ ᠶᠣᠰᠣᠴᠢ ᠴᠢᠨᠠᠷ ᠲᠤ ᠬᠢᠨᠠᠨ ᠪᠠᠶᠢᠴᠠᠭᠠᠯᠲᠠ ᠬᠢᠨ᠎ᠡ᠃      ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠵᠦ ᠬᠢᠨᠠᠨ ᠪᠠᠶᠢᠴᠠᠭᠠᠬᠤ ᠠᠭᠤᠯᠭ᠎ᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠵᠦ ᠪᠣᠯᠣᠨ᠎ᠠ᠃      ᠳᠣᠯᠣᠳᠤᠭᠠᠷ ᠵᠦᠢᠯ  ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠮᠡᠷᠭᠡᠵᠢᠯ ᠤᠨ ᠬᠢᠨᠠᠨ ᠪᠠᠶᠢᠴᠠᠭᠠᠯᠲᠠ ᠶᠢᠨ ᠰᠠᠨᠠᠯ ᠢ ᠦᠨᠳᠦᠰᠦᠯᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠃      ᠨᠠᠢᠮᠠᠳᠤᠭᠠᠷ ᠵᠦᠢᠯ  ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠵᠢᠭᠠᠪᠤᠷᠢ ᠠᠪᠤᠯᠲᠠ ᠶᠢ ᠣᠯᠣᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠰᠢᠯᠵᠢᠭᠦᠯᠦᠨ ᠰᠢᠢᠳᠪᠦᠷᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠰᠠᠨᠠᠯ ᠢ ᠬᠤᠷᠢᠶᠠᠵᠤ ᠬᠤᠷᠢᠶᠠᠩᠭᠤᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠰᠠᠨᠠᠯ ᠢ ᠴᠠᠭ ᠲᠤᠬᠠᠢ ᠳᠤ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠲᠤᠰᠬᠠᠬᠤ ᠬᠡᠷᠡᠭᠲᠡᠢ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠢ 15 ᠠᠵᠢᠯᠯᠠᠬᠤ ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠪᠢᠴᠢᠭ ᠤᠨ ᠬᠡᠯᠪᠡᠷᠢ ᠪᠠᠷ ᠬᠠᠷᠢᠭᠤ ᠰᠠᠨᠠᠯ ᠥᠭᠬᠦ ᠬᠡᠷᠡᠭᠲᠡᠢ᠃      ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠶᠢᠨ ᠬᠠᠷᠢᠭᠤ ᠲᠤᠰᠬᠠᠭᠰᠠᠨ ᠰᠠᠨᠠᠯ ᠢ ᠦᠨᠳᠦᠰᠦᠯᠡᠨ ᠂ ᠲᠣᠰ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠪᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠶᠢᠨ ᠬᠠᠮᠲᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠢ ᠵᠢᠯᠤᠭᠤᠳᠴᠤ ᠪᠠᠶᠢᠭᠠᠳ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠢ ᠵᠠᠰᠠᠵᠤ ᠲᠡᠭᠦᠯᠳᠡᠷᠵᠢᠭᠦᠯᠦᠭᠰᠡᠨ ᠤ ᠳᠠᠷᠠᠭ᠎ᠠ᠂ ᠲᠥᠯᠦᠪᠵᠢᠭᠦᠯᠭᠡ ᠶᠢᠨ ᠦᠷ᠎ᠡ ᠪᠦᠲᠦᠭᠡᠯ ᠢᠶᠠᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ᠎ᠡ᠃      ᠶᠢᠰᠦᠳᠦᠭᠡᠷ ᠵᠦᠢᠯ  ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠵᠢᠴᠢ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶  ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠦᠷ᠎ᠡ ᠪᠦᠲᠦᠭᠡᠯ ᠳᠤ ᠬᠠᠮᠲᠤᠷᠠᠭᠰᠠᠨ ᠬᠢᠨᠠᠨ ᠪᠠᠶᠢᠴᠠᠭᠠᠯᠲᠠ ᠬᠢᠵᠦ᠂ ᠬᠢᠨᠠᠨ ᠪᠠᠶᠢᠴᠠᠭᠠᠯᠲᠠ ᠪᠠᠷ ᠪᠠᠲᠤᠯᠠᠭᠳᠠᠭᠰᠠᠨ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠰᠠᠨᠠᠯ ᠳᠤᠷᠠᠳᠴᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ᠎ᠡ᠂ ᠡᠭᠦᠨ ᠳᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠬᠦ ᠡᠷᠬᠡ ᠶᠢᠨ ᠬᠢᠵᠠᠭᠠᠷ ᠲᠤ ᠪᠠᠭᠲᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠵᠥᠪᠰᠢᠶᠡᠷᠡᠭᠦᠯᠬᠦ ᠪᠠᠷ ᠳᠡᠪᠰᠢᠭᠦᠯᠦᠨ᠎ᠡ᠃ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠬᠦ ᠡᠷᠬᠡ ᠶᠢᠨ ᠬᠢᠵᠠᠭᠠᠷ ᠲᠤ ᠪᠠᠭᠲᠠᠬᠤ ᠶᠢ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠲᠥᠷᠥ ᠶᠢᠨ ᠶᠠᠪᠤᠳᠠᠯ ᠤᠨ ᠬᠤᠷᠢᠶᠠᠨ ᠳᠤ ᠮᠡᠳᠡᠭᠦᠯᠦᠨ ᠵᠥᠪᠰᠢᠶᠡᠷᠡᠭᠦᠯᠬᠦ ᠪᠠᠷ ᠳᠡᠪᠰᠢᠭᠦᠯᠦᠨ᠎ᠡ᠃ ᠬᠢᠨᠠᠨ ᠪᠠᠶᠢᠴᠠᠭᠠᠯᠲᠠ ᠪᠠᠷ ᠦᠯᠦ ᠪᠠᠲᠤᠯᠠᠭᠳᠠᠭᠰᠠᠨ ᠨᠢ ᠬᠤᠯᠪᠣᠭᠳᠠᠯ ᠪᠦᠬᠦᠢ ᠬᠢᠨᠠᠨ ᠪᠠᠶᠢᠴᠠᠭᠠᠭᠰᠠᠨ ᠰᠠᠨᠠᠯ ᠢᠶᠠᠨ ᠴᠠᠭ ᠲᠤᠬᠠᠢ ᠳᠤ ᠨᠢ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠲᠤᠰᠬᠠᠵᠤ᠂ ᠵᠠᠰᠠᠪᠤᠷᠢ ᠣᠷᠣᠭᠤᠯᠵᠤ ᠲᠡᠭᠦᠯᠳᠡᠷᠵᠢᠭᠦᠯᠦᠭᠰᠡᠨ ᠤ ᠳᠠᠷᠠᠭ᠎ᠠ ᠬᠠᠮᠲᠤᠷᠠᠨ ᠬᠢᠨᠠᠨ ᠪᠠᠶᠢᠴᠠᠭᠠᠬᠤ ᠳᠡᠰ ᠳᠠᠷᠠᠭᠠᠯᠠᠯ ᠢ ᠳᠠᠬᠢᠨᠲᠠ ᠭᠦᠢᠴᠡᠳᠬᠡᠨ᠎ᠡ᠃      ᠠᠷᠪᠠᠳᠤᠭᠠᠷ ᠵᠦᠢᠯ  ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶  ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠦᠷ᠎ᠡ ᠪᠦᠲᠦᠭᠡᠯ ᠢ ᠲᠣᠰ ᠭᠠᠵᠠᠷ ᠣᠷᠣᠨ ᠤ ᠪᠠᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡᠨ ᠪᠦᠲᠦᠨ ᠲᠥᠯᠥᠪᠯᠡᠭᠡᠨ ᠤ ᠵᠢᠷᠤᠭ︾ ᠢ ᠬᠡᠷᠡᠭᠵᠢᠭᠦᠯᠬᠦ ᠪᠠ ᠡᠭᠦᠨ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠳᠤ ᠪᠠᠨ ᠣᠷᠣᠭᠤᠯᠬᠤ ᠶᠢᠨ ᠬᠠᠮᠲᠤ᠂ ᠥᠪᠡᠷᠲᠡᠭᠡᠨ ᠵᠠᠰᠠᠬᠤ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡᠨ ᠪᠦᠲᠦᠨ ᠲᠥᠯᠥᠪᠯᠡᠭᠡᠨ ᠤ ᠵᠢᠷᠤᠭ︾ ᠢ ᠬᠡᠷᠡᠭᠵᠢᠭᠦᠯᠬᠦ ᠪᠠ ᠡᠭᠦᠨ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠳᠤ ᠱᠠᠲᠤ ᠳᠠᠷᠠᠭᠠᠯᠠᠨ ᠬᠤᠷᠢᠶᠠᠩᠭᠤᠶᠢᠯᠠᠵᠤ ᠡᠮᠬᠢᠳᠬᠡᠨ ᠣᠷᠣᠭᠤᠯᠬᠤ ᠬᠡᠷᠡᠭᠲᠡᠢ᠃      ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠬᠠᠤᠯᠢ ᠶᠣᠰᠣᠭᠠᠷ ᠵᠥᠪᠰᠢᠶᠡᠷᠡᠭᠦᠯᠦᠭᠰᠡᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠦᠷ᠎ᠡ ᠪᠦᠲᠦᠭᠡᠯ ᠢ ᠴᠠᠭ ᠲᠤᠬᠠᠢ ᠳᠤ  ᠨᠢ ᠨᠡᠶᠢᠲᠡᠯᠡᠬᠦ ᠬᠡᠷᠡᠭᠲᠡᠢ᠃ ᠬᠠᠤᠯᠢ ᠴᠠᠭᠠᠵᠠ ᠬᠠᠤᠯᠢ ᠲᠣᠭᠲᠠᠭᠠᠯ ᠳᠤ ᠢᠯᠡ ᠨᠡᠶᠢᠲᠡᠯᠡᠵᠦ ᠪᠣᠯᠬᠤ ᠦᠭᠡᠢ ᠬᠡᠮᠡᠨ ᠲᠣᠭᠲᠠᠭᠠᠭᠰᠠᠨ ᠠᠭᠤᠯᠭ᠎ᠠ ᠡᠭᠦᠨ ᠳᠤ ᠪᠠᠭᠲᠠᠬᠤ ᠦᠭᠡᠢ᠃      ᠠᠷᠪᠠᠨ ᠨᠢᠭᠡᠳᠦᠭᠡᠷ ᠵᠦᠢᠯ  ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠵᠥᠪᠰᠢᠶᠡᠷᠡᠭᠦᠯᠦᠮᠡᠭᠴᠡ ᠡᠷᠬᠡᠪᠰᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠳᠤᠷ᠎ᠠ ᠪᠠᠷ ᠵᠠᠰᠠᠪᠤᠷᠢ ᠣᠷᠣᠭᠤᠯᠬᠤ᠂ ᠲᠣᠭᠲᠠᠭᠠᠯ ᠠᠴᠠ ᠵᠥᠷᠢᠴᠡᠵᠦ ᠬᠤᠪᠢᠷᠠᠭᠠᠬᠤ ᠪᠦᠷ ᠪᠣᠯᠬᠤ ᠦᠭᠡᠢ᠃ ᠳᠣᠣᠷᠠᠳᠤ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠨᠢ ᠳᠡᠭᠡᠳᠦ ᠱᠠᠲᠤᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠳᠠᠭᠠᠵᠤ᠂ ᠬᠠᠮᠢᠶ᠎ᠠ ᠪᠦᠬᠦᠢ ᠲᠤᠰᠬᠠᠢ ᠲᠥᠯᠦᠪᠵᠢᠭᠦᠯᠭᠡ᠂ ᠨᠠᠷᠢᠨ ᠲᠣᠳᠣᠷᠬᠠᠢ ᠲᠥᠯᠦᠪᠵᠢᠭᠦᠯᠭᠡ ᠨᠢ ᠶᠡᠷᠦᠩᠬᠡᠢ ᠲᠥᠯᠦᠪᠵᠢᠭᠦᠯᠭᠡ ᠶᠢ ᠳᠠᠭᠠᠬᠤ ᠬᠡᠷᠡᠭᠲᠡᠢ᠃ ᠤᠷᠢᠳ ᠢᠶᠠᠷ ᠲᠥᠯᠥᠪᠵᠢᠭᠦᠯᠦᠨ ᠳᠠᠷᠠᠭ᠎ᠠ ᠳᠤ ᠨᠢ ᠬᠡᠷᠡᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠵᠥᠷᠢᠴᠡᠵᠦ ᠡᠯ᠎ᠡ ᠲᠥᠷᠥᠯ ᠤᠨ ᠨᠡᠭᠡᠭᠡᠨ ᠠᠰᠢᠭᠯᠠᠵᠤ ᠪᠦᠲᠦᠭᠡᠨ ᠪᠠᠶᠢᠭᠤᠯᠬᠤ ᠠᠵᠢᠯᠯᠠᠭ᠎ᠠ ᠬᠢᠵᠦ ᠪᠣᠯᠬᠤ ᠦᠭᠡᠢ᠃ ︽ᠣᠯᠠᠨ ᠲᠥᠯᠦᠪᠵᠢᠭᠦᠯᠭᠡ ᠶᠢ ᠨᠢᠭᠡ ᠪᠣᠯᠭᠠᠬᠤ︾ ᠶᠢ ᠪᠠᠷᠢᠮᠲᠠᠯᠠᠵᠤ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠲᠣᠭᠲᠠᠯᠴᠠᠭ᠎ᠠ ᠠᠴᠠ ᠭᠠᠳᠠᠨ᠎ᠠ ᠪᠤᠰᠤᠳ ᠣᠷᠣᠨ ᠵᠠᠢ ᠶᠢᠨ ᠲᠥᠯᠦᠪᠵᠢᠭᠦᠯᠭᠡ ᠲᠣᠬᠢᠷᠠᠭᠤᠯᠵᠤ ᠪᠣᠯᠬᠤ ᠦᠭᠡᠢ᠃      ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ︽ᠨᠢᠭᠡ ᠵᠢᠯ ᠳᠤ ᠨᠢᠭᠡ ᠤᠳᠠᠭ᠎ᠠ ᠬᠠᠮ ᠰᠢᠨᠵᠢᠯᠡᠭᠡ ᠵᠠᠳᠠᠯᠤᠯᠲᠠ ᠬᠢᠬᠦ᠂ ᠲᠠᠪᠤᠨ ᠵᠢᠯ ᠳᠤ ᠨᠢᠭᠡ ᠤᠳᠠᠭ᠎ᠠ ᠦᠨᠡᠯᠡᠨ ᠵᠢᠱᠢᠬᠦ︾ ᠱᠠᠭᠠᠷᠳᠠᠯᠭ᠎ᠠ ᠶᠣᠰᠣᠭᠠᠷ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠡᠷᠡᠭᠵᠢᠭᠦᠯᠦᠭᠰᠡᠨ ᠦᠷ᠎ᠡ ᠳ᠋ᠦᠩ ᠳᠤ ᠲᠣᠭᠲᠠᠮᠠᠯ ᠬᠤᠭᠤᠴᠠᠭ᠎ᠠ ᠲᠠᠢ ᠪᠠᠷ ᠵᠠᠳᠠᠯᠤᠯᠲᠠ ᠪᠠ ᠦᠨᠡᠯᠡᠯᠲᠡ ᠬᠢᠬᠦ ᠬᠡᠷᠡᠭᠲᠡᠢ᠃ ᠲᠥᠯᠦᠪᠵᠢᠭᠦᠯᠭᠡ ᠶᠢᠨ ᠬᠠᠮ ᠰᠢᠨᠵᠢᠯᠡᠭᠡ ᠵᠠᠳᠠᠯᠤᠯᠲᠠ ᠦᠨᠡᠯᠡᠯᠲᠡ ᠶᠢᠨ ᠦᠷ᠎ᠡ ᠳ᠋ᠦᠩ ᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ ᠬᠢᠨᠠᠨ ᠵᠥᠪᠰᠢᠶᠡᠷᠡᠬᠦ᠂ ᠵᠠᠰᠠᠪᠤᠷᠢ ᠣᠷᠣᠭᠤᠯᠬᠤ ᠪᠠ ᠬᠢᠨᠠᠨ ᠪᠣᠳᠣᠯᠲᠠ᠂ ᠬᠠᠤᠯᠢ ᠬᠡᠷᠡᠭᠵᠢᠭᠦᠯᠦᠯᠲᠡ᠂ ᠪᠠᠶᠢᠭᠠᠯᠢ ᠶᠢᠨ ᠡᠬᠢ ᠪᠠᠶᠠᠯᠢᠭ ᠤᠨ ᠰᠢᠮᠳᠠᠭᠤᠯᠤᠨ ᠪᠠᠶᠢᠴᠠᠭᠠᠬᠤ ᠶᠢᠨ ᠴᠢᠬᠤᠯᠠ ᠯᠠᠪᠯᠠᠯᠲᠠ ᠪᠣᠯᠭᠠᠬᠤ ᠶᠢᠨ ᠬᠠᠮᠲᠤ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠳᠣᠣᠷᠠᠳᠤ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠥᠯᠦᠪᠵᠢᠭᠦᠯᠭᠡ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠰᠢᠯᠭᠠᠨ ᠬᠢᠨᠠᠬᠤ ᠠᠭᠤᠯᠭ᠎ᠠ ᠪᠣᠯᠭᠠᠨ᠎ᠠ᠃      ᠠᠷᠪᠠᠨ ᠬᠤᠶᠠᠳᠤᠭᠠᠷ ᠵᠦᠢᠯ  ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠭᠲᠠᠭᠰᠠᠨ ᠡᠷᠬᠡ ᠶᠢᠨ ᠬᠢᠵᠠᠭᠠᠷᠯᠠᠯ ᠪᠠ ᠳᠡᠰ ᠳᠠᠷᠠᠭᠠᠯᠠᠯ ᠶᠣᠰᠣᠭᠠᠷ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠵᠤ ᠪᠣᠯᠣᠨ᠎ᠠ  ᠄       ︵ᠨᠢᠭᠡ︶ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠬᠡᠷᠡᠭᠵᠢᠭᠦᠯᠦᠯᠲᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠨᠥᠬᠦᠴᠡᠯ ᠳᠤ ᠴᠢᠬᠤᠯᠠ ᠶᠡᠭᠡ ᠬᠤᠪᠢᠷᠠᠯᠲᠠ ᠭᠠᠷᠤᠭᠰᠠᠨ︔       ︵ᠬᠤᠶᠠᠷ︶ ᠲᠥᠷᠥ ᠶᠢᠨ ᠶᠠᠪᠤᠳᠠᠯ ᠤᠨ ᠬᠤᠷᠢᠶ᠎ᠠ ᠴᠢᠬᠤᠯᠠ ᠶᠡᠭᠡ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠢ ᠵᠥᠪᠰᠢᠶᠡᠷᠡᠭᠰᠡᠨ ᠠᠴᠠ ᠲᠥᠯᠦᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ︔       ︵ᠭᠤᠷᠪᠠ︶ ᠳᠡᠭᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠲᠥᠯᠦᠪᠵᠢᠭᠦᠯᠭᠡ ᠬᠤᠪᠢᠷᠠᠯᠲᠠ  ᠭᠠᠷᠴᠤ᠂ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠱᠠᠭᠠᠷᠳᠠᠯᠭ᠎ᠠ ᠳᠤᠷᠠᠳᠤᠭᠰᠠᠨ︔       ︵ᠳᠥᠷᠪᠡ︶ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠢ ᠲᠣᠬᠢᠷᠠᠭᠤᠯᠤᠭᠰᠠᠨ ᠠᠴᠠ ᠲᠥᠯᠦᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ︔       ︵ᠲᠠᠪᠤ︶ ᠲᠥᠯᠦᠪᠵᠢᠭᠦᠯᠭᠡ ᠶᠢᠨ ᠬᠠᠮ ᠰᠢᠨᠵᠢᠯᠡᠭᠡ ᠵᠠᠳᠠᠯᠤᠯᠲᠠ ᠬᠢᠵᠦ ᠦᠨᠡᠯᠡᠨ ᠵᠢᠱᠢᠭᠡᠳ ᠲᠥᠯᠦᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠᠲᠠᠢ ᠪᠣᠯᠤᠭᠰᠠᠨ︔       ︵ᠵᠢᠷᠭᠤᠭ᠎ᠠ︶ ᠲᠥᠯᠦᠪᠵᠢᠭᠦᠯᠭᠡ ᠶᠢ ᠬᠢᠨᠠᠨ ᠵᠥᠪᠰᠢᠶᠡᠷᠡᠭᠰᠡᠨ ᠪᠠᠶᠢᠭᠤᠯᠭ᠎ᠠ ᠶᠢᠨ ᠦᠵᠡᠬᠦ ᠪᠠᠷ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠴᠢᠬᠤᠯᠠᠲᠠᠢ ᠪᠤᠰᠤᠳ ᠪᠠᠶᠢᠳᠠᠯ︔       ︵ᠳᠣᠯᠤᠭ᠎ᠠ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ᠃       ᠳᠡᠭᠡᠷᠡᠬᠢ ᠪᠠᠶᠢᠳᠠᠯ ᠳᠤ ᠨᠡᠶᠢᠴᠡᠵᠦ ᠲᠥᠯᠦᠪᠵᠢᠭᠦᠯᠭᠡ ᠳᠤ ᠦᠨᠡᠨ ᠬᠦ ᠵᠠᠰᠠᠪᠤᠷᠢ ᠣᠷᠣᠭᠤᠯᠬᠤ ᠴᠢᠬᠤᠯᠠᠲᠠᠢ ᠪᠣᠯ ᠤᠤᠯ ᠤᠨ ᠵᠥᠪᠰᠢᠶᠡᠷᠡᠭᠰᠡᠨ ᠪᠠᠶᠢᠭᠤᠯᠭ᠎ᠠ ᠪᠠᠷ ᠵᠥᠪᠰᠢᠶᠡᠷᠡᠭᠦᠯᠦᠭᠰᠡᠨ ᠤ ᠳᠠᠷᠠᠭ᠎ᠠ ᠬᠠᠤᠯᠢ ᠪᠠᠷ ᠲᠣᠭᠲᠠᠭᠠᠭᠰᠠᠨ ᠵᠢᠷᠤᠮ ᠢᠶᠠᠷ ᠵᠠᠰᠠᠪᠤᠷᠢ ᠣᠷᠣᠭᠤᠯᠬᠤ ᠬᠡᠷᠡᠭᠲᠡᠢ᠃       ᠠᠷᠪᠠᠨ ᠭᠤᠷᠪᠠᠳᠤᠭᠠᠷ ᠵᠦᠢᠯ  ᠳᠣᠣᠷᠠᠬᠢ ᠪᠠᠶᠢᠳᠠᠯ ᠠᠴᠠ ᠨᠢᠭᠡ ᠨᠢ ᠪᠠᠶᠢᠪᠠᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠣᠭᠲᠠᠭᠰᠠᠨ ᠡᠷᠬᠡ ᠶᠢᠨ ᠬᠢᠵᠠᠭᠠᠷᠯᠠᠯ ᠪᠠ ᠳᠡᠰ ᠳᠠᠷᠠᠭᠠᠯᠠᠯ ᠢᠶᠠᠷ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠵᠤ ᠪᠣᠯᠣᠨ᠎ᠠ᠄       ︵ᠨᠢᠭᠡ︶ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠰᠡᠨ ᠲᠣᠮᠣ ᠬᠡᠯᠪᠡᠷᠢ ᠶᠢᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠵᠤ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠲᠥᠷᠥ ᠶᠢᠨ ᠶᠠᠪᠤᠳᠠᠯ ᠤᠨ ᠬᠤᠷᠢᠶᠠᠨ ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠤᠨ᠎ᠠ︔       ︵ᠬᠤᠶᠠᠷ︶ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠᠶᠢᠵᠤ᠂ ᠶᠡᠷᠦᠩᠬᠡᠢ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠬᠦ ᠡᠷᠬᠡ ᠶᠢᠨ ᠬᠢᠵᠠᠭᠠᠷ ᠲᠤ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠤᠨ᠎ᠠ᠃       ᠠᠷᠪᠠᠨ ᠳᠥᠷᠪᠡᠳᠦᠭᠡᠷ ᠵᠦᠢᠯ  ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠪᠤᠶᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠳᠤ ᠳᠣᠣᠷᠠᠬᠢ ᠳᠡᠰ ᠳᠠᠷᠠᠭᠠᠯᠠᠯ ᠢᠶᠠᠷ ᠶᠠᠪᠤᠭᠤᠯᠤᠨ᠎ᠠ᠄       ︵ᠨᠢᠭᠡ︶ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠪᠠᠷ ᠵᠢᠱᠢᠵᠦ ᠪᠠᠶᠢᠭ᠎ᠠ ᠪᠣᠯ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠶᠢᠨ ᠤᠴᠢᠷ ᠰᠢᠯᠲᠠᠭᠠᠨ ᠵᠢᠴᠢ ᠴᠢᠬᠤᠯᠠ ᠪᠦᠬᠦᠢ ᠴᠢᠨᠠᠷ ᠤᠨ ᠲᠤᠬᠠᠢ ᠵᠢᠭᠠᠪᠤᠷᠢ ᠠᠪᠤᠯᠲᠠ ᠶᠢ ᠮᠡᠳᠡᠭᠦᠯᠬᠦ ᠶᠢᠨ ᠬᠠᠮᠲᠤ ᠵᠠᠰᠠᠪᠤᠷᠢ ᠣᠷᠣᠭᠤᠯᠬᠤ ᠪᠣᠳᠠᠲᠠᠢ ᠲᠥᠰᠥᠯ ᠢᠶᠠᠨ ᠳᠠᠭᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠨᠢ ᠠᠶᠢᠮᠠᠭ ᠬᠤᠲᠠ ᠶᠢᠨ ᠵᠢᠭᠠᠪᠤᠷᠢ ᠠᠪᠤᠯᠲᠠ ᠶᠢ ᠳᠤᠰᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠰᠢᠯᠵᠢᠭᠦᠯᠵᠦ ᠰᠤᠳᠤᠯᠤᠭᠤᠯᠤᠨ ᠰᠢᠢᠳᠪᠦᠷᠢᠯᠡᠭᠦᠯᠦᠨ᠎ᠡ᠃       ︵ᠬᠤᠶᠠᠷ︶ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠬᠤᠯᠪᠣᠭᠳᠠᠯ ᠪᠦᠬᠦᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠪᠠᠶᠢᠭᠠᠳ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠲᠥᠰᠥᠯ ᠳᠤ ᠨᠤᠲᠠᠯᠠᠯᠲᠠ ᠬᠢᠵᠦ᠂ ᠨᠤᠲᠠᠯᠠᠭᠤᠯᠤᠭᠠᠳ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠨᠥᠬᠦᠴᠡᠯ ᠳᠤ ᠨᠡᠶᠢᠴᠡᠪᠡᠯ᠂ ᠠᠶᠢᠮᠠᠭ ᠬᠤᠲᠠ ᠳᠤ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠠᠵᠢᠯ ᠥᠷᠨᠢᠭᠦᠯᠬᠦ ᠬᠠᠷᠢᠭᠤ ᠵᠠᠬᠢᠳᠠᠯ ᠶᠠᠪᠤᠭᠤᠯᠤᠨ᠎ᠠ︔ ᠨᠥᠬᠦᠴᠡᠯ ᠳᠤ ᠨᠡᠶᠢᠴᠡᠬᠦ ᠦᠭᠡᠢ ᠪᠣᠯ᠂ ᠬᠠᠷᠢᠭᠤ ᠵᠠᠬᠢᠳᠠᠯ ᠶᠠᠪᠤᠭᠤᠯᠤᠨ ᠤᠴᠢᠷ ᠰᠢᠯᠲᠠᠭᠠᠨ ᠢᠶᠠᠨ ᠲᠣᠳᠣᠷᠬᠠᠶᠢᠯᠠᠨ᠎ᠠ᠃ ᠬᠠᠷᠢᠭᠤ ᠵᠠᠬᠢᠳᠠᠯ ᠢ ᠬᠠᠮᠲᠤ ᠳᠤ ᠨᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠳᠤ ᠬᠠᠭᠤᠯᠤᠨ ᠢᠯᠡᠭᠡᠨ᠎ᠡ᠃       ︵ᠭᠤᠷᠪᠠ︶ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠬᠠᠷᠢᠭᠤ ᠵᠠᠬᠢᠳᠠᠯ ᠤᠨ ᠱᠠᠭᠠᠷᠳᠠᠯᠭ᠎ᠠ ᠶᠣᠰᠣᠭᠠᠷ᠂ ᠲᠥᠯᠦᠪᠵᠢᠭᠦᠯᠭᠡ ᠶᠢᠨ ᠬᠠᠮ ᠰᠢᠨᠵᠢᠯᠡᠭᠡ ᠵᠠᠳᠠᠯᠤᠯᠲᠠ ᠬᠢᠵᠦ ᠦᠨᠡᠯᠡᠨ ᠵᠢᠱᠢᠭᠰᠡᠨ ᠳ᠋ᠦᠩᠨᠡᠯᠲᠡ ᠶᠢ ᠦᠨᠳᠦᠰᠦᠯᠡᠨ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠲᠥᠰᠥᠯ ᠢ ᠨᠠᠶᠢᠷᠠᠭᠤᠯᠤᠨ ᠵᠣᠬᠢᠶᠠᠬᠤ ᠶᠢᠨ ᠬᠠᠮᠲᠤ ᠲᠣᠰ ᠠᠷᠭ᠎ᠠ ᠶᠢᠨ ᠳᠥᠷᠪᠡᠳᠦᠭᠡᠷ ᠵᠦᠢᠯ ᠠᠴᠠ ᠠᠷᠪᠠᠨ ᠨᠢᠭᠡᠳᠦᠭᠡᠷ ᠵᠦᠢᠯ ᠬᠦᠷᠲᠡᠯᠡᠬᠢ ᠲᠣᠭᠲᠠᠭᠠᠯ ᠢᠶᠠᠷ ᠭᠦᠢᠴᠡᠳᠬᠡᠨ᠎ᠡ᠃       ︵ᠳᠥᠷᠪᠡ︶ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠵᠥᠪᠰᠢᠶᠡᠷᠡᠭᠰᠡᠨ ᠲᠣᠮᠣ ᠬᠡᠯᠪᠡᠷᠢ ᠶᠢᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠤᠶᠤ ᠥᠪᠡᠷᠲᠡᠭᠡᠨ ᠵᠠᠰᠠᠬᠤ ᠣᠷᠣᠨ ᠤ ᠵᠥᠪᠰᠢᠶᠡᠷᠡᠭᠰᠡᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠦ ᠭᠠᠵᠠᠷ ᠲᠤ ᠪᠠᠭᠲᠠᠭᠰᠠᠨ ᠠᠴᠠ ᠪᠣᠯᠵᠤ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠴᠢᠬᠤᠯᠠᠲᠠᠢ ᠪᠣᠯ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠠᠷᠠᠳ ᠤᠨ ᠵᠠᠰᠠᠭ ᠤᠨ ᠣᠷᠳᠣᠨ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠤᠶᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠪᠠ ᠲᠤᠯᠭᠠᠭᠤᠷᠢᠯᠠᠬᠤ ᠴᠢᠨᠠᠷᠲᠠᠢ ᠪᠢᠴᠢᠭ ᠮᠠᠲ᠋ᠧᠷᠢᠶᠠᠯ ᠵᠡᠷᠭᠡ ᠶᠢ ᠦᠨᠳᠦᠰᠦᠯᠡᠵᠦ᠂ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠲᠥᠰᠥᠯ ︵ᠭᠠᠵᠠᠷ ᠰᠢᠷᠣᠢ ᠶᠢᠨ ᠬᠡᠷᠡᠭᠴᠡᠭᠡ ᠶᠢ ᠲᠣᠬᠢᠷᠠᠭᠤᠯᠬᠤ ᠲᠥᠰᠥᠯ︶ ᠢ ᠨᠠᠶᠢᠷᠠᠭᠤᠯᠤᠨ ᠵᠣᠬᠢᠶᠠᠵᠤ᠂ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠪᠠᠷ ᠠᠩᠬ᠎ᠠ ᠬᠢᠨᠠᠭᠤᠯᠤᠭᠰᠠᠨ ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠳᠤ ᠮᠡᠳᠡᠭᠦᠯᠦᠨ᠎ᠡ︔ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠲᠥᠰᠥᠯ ︵ᠭᠠᠵᠠᠷ ᠰᠢᠷᠣᠢ ᠶᠢᠨ ᠬᠡᠷᠡᠭᠴᠡᠭᠡ ᠶᠢ ᠲᠣᠬᠢᠷᠠᠭᠤᠯᠬᠤ ᠲᠥᠰᠥᠯ︶ ᠳᠤ ᠮᠡᠷᠭᠡᠵᠢᠯ ᠤᠨ ᠬᠢᠨᠠᠨ ᠪᠠᠶᠢᠴᠠᠭᠠᠯᠲᠠ ᠬᠢᠬᠦ ᠶᠢᠨ ᠬᠠᠮᠲᠤ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠵᠤ ᠨᠤᠲᠠᠯᠠᠯᠲᠠ ᠬᠢᠨ᠎ᠡ︔ ᠬᠢᠨᠠᠨ ᠪᠠᠶᠢᠴᠠᠭᠠᠯᠲᠠ ᠨᠤᠲᠠᠯᠠᠯᠲᠠ ᠪᠠᠷ ᠪᠠᠲᠤᠯᠠᠭᠳᠠᠭᠰᠠᠨ ᠲᠥᠯᠦᠪᠵᠢᠭᠦᠯᠭᠡ ᠳᠤ ᠬᠡᠰᠡᠭ ᠲᠠᠯ᠎ᠠ ᠶᠢᠨ ᠵᠠᠰᠠᠪᠤᠷᠢ ᠣᠷᠣᠭᠤᠯᠬᠤ ᠲᠥᠰᠥᠯ ︵ᠭᠠᠵᠠᠷ ᠰᠢᠷᠣᠢ ᠶᠢᠨ ᠬᠡᠷᠡᠭᠴᠡᠭᠡ ᠶᠢ ᠲᠣᠬᠢᠷᠠᠭᠤᠯᠬᠤ ᠲᠥᠰᠥᠯ︶ ᠪᠣᠯᠣᠨ ᠮᠡᠳᠡᠭᠦᠯᠦᠨ ᠵᠥᠪᠰᠢᠶᠡᠷᠡᠭᠦᠯᠬᠦ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠮᠠᠲ᠋ᠧᠷᠢᠶᠠᠯ ᠲᠠᠢ ᠬᠠᠮᠲᠤ ᠮᠡᠳᠡᠭᠦᠯᠦᠨ ᠵᠥᠪᠰᠢᠶᠡᠷᠡᠭᠦᠯᠵᠦ᠂ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠬᠢᠨᠠᠨ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠣᠯᠣᠭᠰᠠᠨ ᠤ ᠳᠠᠷᠠᠭ᠎ᠠ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤ ᠰᠢᠶᠠᠨ ︵ᠬᠤᠲᠠ᠂ ᠲᠣᠭᠤᠷᠢᠭ ︶ ᠤ ᠠᠷᠠᠳ ᠤᠨ ᠵᠠᠰᠠᠭ ᠤᠨ ᠣᠷᠳᠣᠨ ᠨᠢ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠪᠠᠶᠢᠷᠢᠰᠢᠭᠤᠯᠤᠯᠲᠠ ᠵᠢᠴᠢ ᠬᠡᠪᠴᠢᠶ᠎ᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡ ᠪᠦᠲᠦᠨ ᠲᠥᠯᠥᠪᠯᠡᠭᠡᠨ ᠤ ᠵᠢᠷᠤᠭ︾ ᠤᠨ ᠬᠡᠷᠡᠭᠵᠢᠭᠦᠯᠬᠦ ᠪᠠ ᠡᠭᠦᠨ ᠳᠤ ᠬᠢᠨᠠᠯᠲᠠ ᠲᠠᠯᠪᠢᠬᠤ ᠮᠡᠳᠡᠭᠡ ᠵᠠᠩᠭᠢ ᠶᠢᠨ ᠰᠢᠰᠲ᠋ᠧᠮ ᠳᠤ ᠳᠠᠪᠬᠤᠴᠠᠭᠤᠯᠤᠨ ᠨᠡᠮᠡᠵᠦ ᠣᠷᠣᠭᠤᠯᠬᠤ ᠶᠢᠨ ᠬᠠᠮᠲᠤ ᠲᠣᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠭᠦᠢᠴᠡᠳᠬᠡᠨ᠎ᠡ᠃       ᠠᠷᠪᠠᠨ ᠲᠠᠪᠤᠳᠤᠭᠠᠷ ᠵᠦᠢᠯ  ᠥᠨᠢᠳᠡ ᠶᠢᠨ ᠦᠨᠳᠦᠰᠦᠨ ᠲᠠᠷᠢᠶᠠᠨ ᠭᠠᠵᠠᠷ ᠢ ᠬᠠᠤᠯᠢ ᠶᠣᠰᠣᠭᠠᠷ ᠬᠤᠪᠢᠶᠠᠷᠢᠯᠠᠨ ᠲᠣᠭᠲᠠᠭᠠᠭᠰᠠᠨ ᠤ ᠳᠠᠷᠠᠭ᠎ᠠ᠂ ᠶᠠᠮᠠᠷᠪᠠ ᠨᠢᠭᠡᠴᠢ ᠪᠠ ᠬᠤᠪᠢ ᠬᠥᠮᠥᠨ ᠭᠡᠳ ᠳᠤᠷ᠎ᠠ ᠪᠠᠷ ᠡᠵᠡᠯᠡᠨ ᠬᠡᠷᠡᠭᠯᠡᠬᠦ ᠪᠤᠶᠤ ᠲᠡᠭᠦᠨ ᠤ ᠬᠡᠷᠡᠭᠴᠡᠭᠡ ᠶᠢ ᠬᠤᠪᠢᠷᠠᠭᠤᠯᠵᠤ ᠪᠣᠯᠬᠤ ᠦᠭᠡᠢ᠃ ᠤᠯᠤᠰ ᠤᠨ ᠡᠨᠧᠷᠭᠢ᠂ ᠵᠠᠮ ᠬᠠᠷᠢᠯᠴᠠᠭ᠎ᠠ᠂ ᠤᠰᠤᠨ ᠠᠰᠢᠭᠯᠠᠯᠲᠠ᠂ ᠴᠡᠷᠢᠭ ᠤᠨ ᠶᠠᠪᠤᠳᠠᠯ ᠤᠨ ᠪᠡᠯᠡᠳᠬᠡᠮᠵᠢ ᠵᠡᠷᠭᠡ ᠭᠤᠣᠯᠳᠠᠯᠭᠠᠲᠤ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠭᠠᠵᠠᠷ ᠰᠣᠩᠭᠤᠬᠤ ᠳᠤ ᠥᠨᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠯᠠᠬᠤ ᠳᠤ ᠦᠨᠡᠨ ᠬᠦ ᠪᠡᠷᠬᠡ ᠲᠠᠢ ᠪᠠᠶᠢᠵᠤ᠂ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠠᠨ ᠬᠡᠷᠡᠭᠯᠡᠬᠦ ᠪᠤᠶᠤ  ᠭᠠᠵᠠᠷ ᠰᠢᠷᠣᠢ ᠲᠠᠲᠠᠪᠤᠷᠢᠯᠠᠨ ᠠᠪᠬᠤ ᠲᠠᠢ ᠬᠤᠯᠪᠣᠭᠳᠠᠪᠠᠯ᠂ ᠡᠷᠬᠡᠪᠰᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠬᠦ ᠬᠡᠷᠡᠭᠲᠡᠢ᠃       ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠢ ᠢᠯᠭᠠᠨ ᠲᠣᠭᠲᠠᠭᠠᠮᠠᠭᠴᠠ᠂ ᠵᠥᠪᠰᠢᠶᠡᠷᠡᠯ ᠢ ᠳᠠᠮᠵᠢᠬᠤ ᠦᠭᠡᠢ ᠪᠣᠯ᠂ ᠳᠤᠷ᠎ᠠ ᠪᠠᠷ ᠲᠣᠬᠢᠷᠠᠭᠤᠯᠬᠤ ᠶᠢ ᠴᠠᠭᠠᠵᠠᠯᠠᠨ᠎ᠠ᠃ ᠡᠬᠢ ᠪᠠᠶᠠᠯᠢᠭ ᠣᠷᠴᠢᠨ ᠲᠣᠭᠤᠷᠢᠨ ᠤ ᠳᠠᠭᠠᠭᠠᠬᠤ ᠴᠢᠳᠠᠪᠤᠷᠢ ᠶᠢ ᠬᠢᠨᠠᠨ ᠰᠢᠨᠵᠢᠭᠰᠡᠨ᠂ ᠠᠮᠢ ᠠᠬᠤᠢ ᠶᠢᠨ ᠬᠠᠮᠠᠭᠠᠯᠠᠯᠲᠠ ᠶᠢᠨ ᠴᠢᠬᠤᠯᠠ ᠴᠢᠨᠠᠷ ᠲᠤ ᠦᠨᠡᠯᠡᠯᠲᠡ ᠬᠢᠭᠰᠡᠨ ᠪᠠ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠲᠠᠪᠤᠨ ᠵᠢᠯ ᠳᠤ ᠨᠢᠭᠡ ᠤᠳᠠᠭ᠎ᠠ ᠦᠨᠡᠯᠡᠨ ᠵᠢᠱᠢᠬᠦ︾ ᠶᠢ ᠬᠡᠷᠡᠭᠵᠢᠭᠦᠯᠦᠭᠰᠡᠨ ᠪᠠᠶᠢᠳᠠᠯ ᠢ ᠦᠨᠳᠦᠰᠦᠯᠡᠵᠦ᠂ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ ᠬᠡᠰᠡᠭ ᠲᠠᠯ᠎ᠠ ᠳᠤ ᠵᠠᠰᠠᠪᠤᠷᠢ ᠣᠷᠣᠭᠤᠯᠬᠤ ᠲᠥᠰᠥᠯ ᠢ ᠨᠠᠶᠢᠷᠠᠭᠤᠯᠤᠨ ᠵᠣᠬᠢᠶᠠᠵᠤ᠂ ᠱᠠᠲᠤ ᠳᠠᠷᠠᠭᠠᠯᠠᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠬᠢᠨᠠᠨ ᠪᠠᠶᠢᠴᠠᠭᠠᠯᠭᠠᠵᠤ ᠵᠥᠪᠰᠢᠶᠡᠷᠡᠭᠦᠯᠦᠭᠰᠡᠨ ᠤ ᠳᠠᠷᠠᠭ᠎ᠠ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ᠵᠠᠰᠠᠪᠤᠷᠢ ᠣᠷᠣᠭᠤᠯᠬᠤ ᠲᠥᠰᠥᠯ ᠳᠤ ᠣᠷᠣᠭᠤᠯᠤᠨ ᠲᠥᠷᠥ ᠶᠢᠨ ᠶᠠᠪᠤᠳᠠᠯ ᠤᠨ ᠬᠤᠷᠢᠶᠠᠨ ᠳᠤ ᠵᠥᠪᠰᠢᠶᠡᠷᠡᠭᠦᠯᠬᠦ ᠪᠠᠷ ᠮᠡᠳᠡᠭᠦᠯᠦᠨ᠎ᠡ᠃  ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠵᠠᠭᠠᠭ ᠬᠢᠵᠠᠭᠠᠷ ᠲᠤ ᠲᠣᠬᠢᠷᠠᠭᠤᠯᠤᠯᠲᠠ ᠭᠠᠷᠤᠭᠰᠠᠨ ᠪᠣᠯ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠨᠢ ᠵᠥᠪᠰᠢᠶᠡᠷᠡᠭᠰᠡᠨ ᠪᠢᠴᠢᠭ ᠮᠠᠲ᠋ᠧᠷᠢᠶᠠᠯ ᠢ ᠦᠨᠳᠦᠰᠦᠯᠡᠨ᠂ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠳᠤ ᠬᠠᠷᠠᠭᠠᠯᠵᠠᠭᠰᠠᠨ ᠲᠣᠬᠢᠷᠠᠭᠤᠯᠤᠯᠲᠠ ᠬᠢᠵᠦ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠲᠥᠯᠦᠪᠵᠢᠭᠦᠯᠭᠡ ᠶᠢᠨ ︽ᠨᠢᠭᠡᠨ ᠪᠦᠲᠦᠨ ᠲᠥᠯᠥᠪᠯᠡᠭᠡᠨ ᠤ ᠵᠢᠷᠤᠭ︾ ᠢ ᠰᠢᠨᠡᠳᠬᠡᠨ᠎ᠡ᠃       ᠬᠤᠲᠠ ᠪᠠᠯᠭᠠᠰᠤᠨ ᠤ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ ᠢ ᠬᠤᠪᠢᠶᠠᠷᠢᠯᠠᠨ ᠲᠣᠭᠲᠠᠭᠠᠮᠠᠭᠴᠠ᠂ ᠵᠠᠷᠴᠢᠮ ᠳᠡᠭᠡᠷ᠎ᠡ ᠪᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠲᠣᠬᠢᠷᠠᠭᠤᠯᠤᠯᠲᠠ᠂ ᠤᠯᠤᠰ ᠤᠨ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠵᠠᠰᠠᠭ ᠵᠠᠬᠢᠷᠭᠠᠨ ᠤ ᠣᠷᠣᠨ ᠤ ᠬᠤᠪᠢᠶᠠᠷᠢᠯᠠᠯ ᠤᠨ ᠲᠣᠬᠢᠷᠠᠭᠤᠯᠤᠯᠲᠠ ᠵᠡᠷᠭᠡ ᠠᠴᠠ ᠪᠣᠯᠵᠤ ᠦᠨᠡᠨ ᠬᠦ ᠲᠣᠬᠢᠷᠠᠭᠤᠯᠬᠤ ᠴᠢᠬᠤᠯᠠᠲᠠᠢ ᠪᠣᠯ᠂ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠵᠠᠰᠠᠪᠤᠷᠢ ᠣᠷᠣᠭᠤᠯᠬᠤ ᠳᠡᠰ ᠳᠠᠷᠠᠭᠠᠯᠠᠯ ᠢᠶᠠᠷ ᠭᠦᠢᠴᠡᠳᠬᠡᠨ᠎ᠡ᠃       ᠬᠠᠤᠯᠢ ᠴᠠᠭᠠᠵᠠ᠂ ᠬᠠᠤᠯᠢ ᠲᠣᠭᠲᠠᠭᠠᠯ ᠳᠤ ︽ᠭᠤᠷᠪᠠᠨ ᠵᠤᠷᠪᠤᠰ ᠡᠵᠡᠮᠰᠢᠯ ᠤᠨ ᠱᠤᠭᠤᠮ︾ ᠳᠤ ᠵᠠᠰᠠᠪᠤᠷᠢ ᠣᠷᠤᠭᠤᠯᠬᠤ ᠳᠤ ᠲᠣᠭᠲᠠᠭᠠᠯ ᠭᠠᠷᠭᠠᠭᠰᠠᠨ ᠪᠣᠯ᠂ ᠲᠡᠷᠡ ᠬᠦ ᠲᠣᠭᠲᠠᠭᠠᠯ ᠢᠶᠠᠷ ᠬᠡᠷᠡᠭᠵᠢᠭᠦᠯᠦᠨ᠎ᠡ᠃       ᠠᠷᠪᠠᠨ ᠵᠢᠷᠭᠤᠳᠤᠭᠠᠷ ᠵᠦᠢᠯ  ᠬᠤᠲᠠ ᠶᠢᠨ ᠬᠠᠷᠢᠶ᠎ᠠ ᠣᠷᠣᠨ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ᠂ ᠨᠡᠭᠡᠭᠡᠯᠲᠡ ᠶᠢᠨ ᠲᠣᠭᠤᠷᠢᠭ ᠤᠨ ᠶᠡᠷᠦᠩᠬᠡᠢ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠳᠤ᠂ ᠲᠣᠰ ᠠᠷᠭ᠎ᠠ ᠳᠠᠬᠢ ᠬᠤᠰᠢᠭᠤ ᠰᠢᠶᠠᠨ ︵ᠬᠤᠲᠠ᠂ ᠲᠣᠭᠤᠷᠢᠭ︶ ᠤ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠠᠮᠢᠶ᠎ᠠ ᠪᠦᠬᠦᠢ ᠲᠣᠭᠲᠠᠭᠠᠯ ᠢᠶᠠᠷ ᠯᠠᠪᠯᠠᠯᠲᠠ ᠪᠣᠯᠭᠠᠨ ᠭᠦᠢᠴᠡᠳᠬᠡᠨ᠎ᠡ᠃       ᠠᠷᠪᠠᠨ ᠳᠣᠯᠣᠳᠤᠭᠠᠷ ᠵᠦᠢᠯ  ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠲᠣᠰ ᠠᠷᠭ᠎ᠠ ᠪᠠᠷ ᠯᠠᠪᠯᠠᠯᠲᠠ ᠪᠣᠯᠭᠠᠵᠤ᠂ ᠰᠤᠮᠤ ᠰᠢᠶᠠᠩ ᠪᠠᠯᠭᠠᠰᠤ ᠶᠢᠨ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠶᠡᠷᠦᠩᠬᠡᠢ ᠲᠥᠯᠦᠪᠵᠢᠭᠦᠯᠭᠡ ᠶᠢᠨ ᠬᠢᠨᠠᠨ ᠪᠠᠶᠢᠴᠠᠭᠠᠬᠤ᠂ ᠮᠡᠳᠡᠭᠦᠯᠦᠨ ᠵᠥᠪᠰᠢᠶᠡᠷᠡᠭᠦᠯᠬᠦ ᠪᠠ ᠵᠠᠰᠠᠪᠤᠷᠢ ᠣᠷᠣᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ ᠬᠡᠷᠡᠭᠲᠡᠢ᠃       ᠠᠷᠪᠠᠨ ᠨᠠᠢᠮᠠᠳᠤᠭᠠᠷ ᠵᠦᠢᠯ  ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠭᠠᠵᠠᠷ ᠰᠢᠷᠣᠢ ᠶᠢᠨ ᠠᠰᠢᠭᠯᠠᠯᠲᠠ ᠶᠢᠨ ᠶᠡᠷᠦᠩᠬᠡᠢ ᠲᠥᠯᠦᠪᠵᠢᠭᠦᠯᠭᠡ ᠶᠢᠨ ᠬᠢᠨᠠᠨ ᠪᠠᠶᠢᠴᠠᠭᠠᠯᠭᠠᠵᠤ ᠮᠡᠳᠡᠭᠦᠯᠦᠨ ᠵᠥᠪᠰᠢᠶᠡᠷᠡᠭᠦᠯᠬᠦ ᠲᠣᠭᠲᠠᠭᠠᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2009﹈ 65 ᠳ᠋ᠤᠭᠠᠷ ᠲᠣᠭᠠᠲᠤ︶᠂ ︽ᠬᠤᠲᠠ ᠶᠢᠨ ᠶᠡᠷᠦᠩᠬᠡᠢ ᠲᠥᠯᠦᠪᠵᠢᠭᠦᠯᠭᠡ ᠳᠤ ᠵᠠᠰᠠᠪᠤᠷᠢ ᠣᠷᠣᠭᠤᠯᠬᠤ ᠠᠵᠢᠯ ᠤᠨ ᠳᠦᠷᠢᠮ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2017﹈ 85 ᠳ᠋ᠤᠭᠠᠷ ᠲᠣᠭᠠᠲᠤ︶ ᠢ ᠬᠠᠮᠲᠤ ᠳᠤ ᠨᠢ ᠬᠦᠴᠦᠨ ᠦᠭᠡᠢ ᠪᠣᠯᠭᠠᠨ᠎ᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ       2023 ᠣᠨ ᠤ 3 ᠳ᠋ᠤᠭᠠᠷ ᠰᠠᠷ᠎ᠠ ᠶᠢᠨ 29 ᠤ ᠡᠳᠦᠷ ᠳᠠᠷᠤᠮᠠᠯᠯᠠᠨ ᠲᠠᠷᠬᠠᠭᠠᠪᠠ      
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号