ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢᠨ ᠳᠤᠮᠳᠠᠬᠢ ᠬᠥᠬᠡᠬᠤᠲᠠ ᠶᠢᠨ ᠣᠷᠣᠨ ᠤ ᠲᠥᠪ ᠤᠨ | ᠡᠭᠦᠷᠭᠡ ᠴᠢᠳᠠᠪᠤᠷᠢ ᠶᠢ ᠨᠠᠩ ᠰᠠᠶᠢᠲᠤᠷ ᠡᠭᠦᠷᠭᠡᠯᠡᠵᠦ᠂ ᠣᠷᠣᠨ ᠤ ᠲᠥᠪ ᠤᠨ ᠦᠢᠯᠡᠳᠦᠯ ᠢᠶᠠᠨ ᠪᠠᠳᠠᠷᠠᠭᠤᠯᠤᠨ᠂ | ᠣᠷᠣᠨ ᠤ ᠲᠥᠪ ᠤᠨ ᠦᠶᠯᠡ ᠠᠵᠢᠯᠯᠠᠭ᠎ᠠ ᠪᠠᠨ ᠢᠯᠡᠷᠡᠭᠦᠯᠬᠦ ᠶᠢ ᠳᠡᠮᠵᠢᠬᠦ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ︽ᠬᠥᠬᠡᠬᠤᠲᠠ ᠶᠢᠨ ᠴᠢᠨᠠᠷ ᠰᠠᠶᠢᠲᠠᠢ | ᠬᠥᠭᠵᠢᠯᠲᠡ ᠶᠢ ᠳᠡᠮᠵᠢᠬᠦ ᠲᠤᠬᠠᠢ ᠰᠠᠨᠠᠯ︾ ︵ᠥᠪᠥᠷ ᠵᠠᠰᠠᠭ ᠲᠠᠷᠬᠠᠭᠠᠭᠰᠠᠨ ﹇2023﹈ 1 ᠳ᠋ᠦ᠋ᠭᠡᠷ ᠲᠣᠭᠠᠲᠤ᠂ | ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ | ᠨᠢᠭᠡ᠂ ︽ᠰᠠᠨᠠᠯ︾ ᠢ ᠲᠣᠭᠲᠠᠭᠠᠭᠰᠠᠨ ᠠᠬᠤᠢ ᠪᠠᠶᠢᠳᠠᠯ | ᠬᠥᠬᠡᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ᠂ ᠣᠷᠣᠨ | ᠪᠦᠰᠡ ᠶᠢᠨ ᠵᠣᠬᠢᠴᠠᠩᠭᠤᠢ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠪᠥᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠬᠥᠲᠥᠯᠥᠨ ᠳᠠᠭᠠᠭᠤᠯᠬᠤ ᠴᠢᠬᠤᠯᠠ ᠶᠡᠭᠡ ᠠᠷᠭ᠎ᠠ ᠬᠡᠮᠵᠢᠶ᠎ᠡ | ᠮᠥᠨ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ | ᠬᠤᠷᠠᠯ ᠠᠴᠠ ︽ᠣᠷᠣᠨ ᠤ ᠲᠥᠪ ᠬᠤᠳᠠ ᠵᠢᠨᠴᠢᠳᠠᠮᠵᠢ ᠶᠢ ᠳᠡᠭᠡᠭᠰᠢᠯᠡᠭᠦᠯᠬᠦ᠂ ᠬᠥᠭᠵᠢᠯᠲᠡ ᠶᠢᠨ ᠣᠷᠴᠢᠨ | ᠲᠣᠭᠤᠷᠢᠨ ᠢ ᠰᠢᠯᠢᠳᠡᠭᠵᠢᠭᠦᠯᠬᠦ᠂ ᠴᠢᠨᠠᠷ ᠰᠠᠶᠢᠲᠠᠢ ᠬᠥᠭᠵᠢᠯᠲᠡ ᠶᠢ ᠤᠷᠢᠳ ᠢᠶᠠᠷ ᠪᠡᠶᠡᠯᠡᠭᠦᠯᠬᠦ ᠶᠢ ᠳᠡᠮᠵᠢᠬᠦ︾ ᠪᠠᠷ | ᠳᠤᠷᠠᠳᠴᠤ᠂ 2022 ᠣᠨ ᠤ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ︽ᠬᠥᠬᠡᠬᠤᠲᠠ ᠶᠢᠨ ᠣᠷᠣᠨ ᠤ ᠲᠥᠪ ᠢ ᠬᠦᠴᠦᠷᠬᠡᠭᠵᠢᠭᠦᠯᠬᠦ ᠢᠨᠵᠧᠨᠧᠷᠢᠩ ᠢ ᠬᠡᠷᠡᠭᠵᠢᠭᠦᠯᠬᠦ ᠶᠢ ᠳᠡᠮᠵᠢᠬᠦ︾ ᠶᠢ | ᠳᠤᠷᠠᠳᠴᠠᠢ᠃ | ᠬᠤᠶᠠᠷ᠂ ︽ᠰᠠᠨᠠᠯ︾ ᠤᠨ ᠭᠤᠣᠯ ᠠᠭᠤᠯᠭ᠎ᠠ | ︽ᠰᠠᠨᠠᠯ︾ ᠳᠤ ᠶᠡᠷᠦᠩᠬᠡᠢ ᠱᠠᠭᠠᠷᠳᠠᠯᠭ᠎ᠠ ᠶᠢ ᠪᠠᠭᠲᠠᠭᠠᠵᠤ᠂ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ | ᠪᠤᠵᠠᠭᠠᠶᠢᠷᠠᠭᠤᠯᠬᠤ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠬᠦ᠂ ᠣᠷᠣᠨ ᠤ | ᠲᠥᠪ ᠤᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ ᠳᠡᠭᠡᠭᠰᠢᠯᠡᠭᠦᠯᠬᠦ᠂ ᠰᠠᠭᠤᠷᠢᠰᠢᠬᠤ ᠳᠤ ᠲᠣᠬᠢᠷᠠᠮᠵᠢᠲᠠᠢ | ᠬᠤᠳᠠ ᠶᠢ ᠱᠠᠯᠠᠪᠳᠠᠨ ᠪᠠᠶᠢᠭᠤᠯᠵᠤ᠂ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠲᠦᠷᠭᠡᠳᠬᠡᠨ | ᠠᠬᠢᠭᠤᠯᠬᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠰᠠᠶᠢᠵᠢᠷᠠᠭᠤᠯᠤᠨ ᠳᠡᠭᠡᠭᠰᠢᠯᠡᠭᠦᠯᠬᠦ᠂ | ᠬᠡᠷᠡᠭᠵᠢᠭᠦᠯᠬᠦ ᠶᠢ ᠴᠢᠩᠭᠠᠳᠬᠠᠬᠤ ᠭᠡᠬᠦ 8 ᠬᠡᠰᠡᠭ ᠪᠠᠭᠲᠠᠵᠤ ᠪᠣᠶ᠃ | ᠨᠢᠭᠡᠳᠦᠭᠡᠷ ᠬᠡᠰᠡᠭ ᠨᠢ ᠶᠡᠷᠦᠩᠬᠡᠢ ᠱᠠᠭᠠᠷᠳᠠᠯᠭ᠎ᠠ ᠪᠣᠯᠣᠨ᠎ᠠ᠃ ᠣᠷᠣᠨ ᠤ ᠲᠥᠪ ᠤᠨ ᠡᠬᠢ ᠪᠠᠶᠠᠯᠢᠭ ᠤᠨ | ᠰᠤᠷᠪᠤᠯᠵᠢ᠂ ᠳᠠᠪᠠᠭᠤᠯᠢᠭ ᠳᠠᠯᠳᠠ ᠬᠦᠴᠦᠨ ᠪᠠ ᠳᠤᠲᠠᠭᠤ ᠪᠠᠭᠤᠷᠠᠢ ᠵᠦᠢᠯ ᠳᠤ ᠰᠠᠭᠤᠷᠢᠯᠠᠵᠤ᠂ ᠬᠥᠬᠡᠬᠤᠲᠠ ᠶᠢᠨ | ᠴᠢᠨᠠᠷ ᠰᠠᠶᠢᠲᠠᠢ ᠬᠥᠭᠵᠢᠯᠲᠡ ᠶᠢ ᠳᠡᠮᠵᠢᠬᠦ ᠶᠢ ᠳᠤᠷᠠᠳᠴᠤ᠂ ᠬᠥᠭᠵᠢᠯᠲᠡ ᠶᠢᠨ ᠴᠢᠳᠠᠪᠤᠷᠢ ᠶᠢᠨ ᠲᠠᠰ ᠢ ᠪᠥᠬᠦ | ᠲᠠᠯ᠎ᠠ ᠪᠠᠷ ᠳᠡᠭᠡᠭᠰᠢᠯᠡᠭᠦᠯᠦᠭᠰᠡᠨ ︽ᠪᠣᠳᠠᠲᠤ ᠬᠦᠴᠦᠨ ᠪᠦᠬᠦᠢ ᠬᠤᠲᠠ︾ ᠶᠢ ᠴᠣᠭᠴᠠᠯᠠᠨ ᠪᠠᠶᠢᠭᠤᠯᠬᠤ᠂ ᠠᠵᠤ | ᠦᠢᠯᠡᠰ ᠤᠨ ᠪᠥᠭᠡᠮᠨᠡᠷᠡᠯ ᠤᠨ ᠳᠠᠪᠠᠭᠤᠯᠢᠭ ᠢᠶᠠᠷ ᠲᠣᠪᠣᠶᠢᠮ᠎ᠠ ︽ᠬᠥᠭᠵᠢᠯᠲᠡ ᠶᠢᠨ ᠬᠤᠲᠠ︾ ᠶᠢ ᠴᠣᠭᠴᠠᠯᠠᠨ | ᠪᠠᠶᠢᠭᠤᠯᠬᠤ᠂ ᠬᠤᠲᠠ ᠶᠢᠨ ᠴᠢᠨᠠᠷ ᠴᠢᠨᠰᠠᠭ᠎ᠠ ᠶᠢ ᠢᠯᠡᠳᠲᠡ ᠳᠡᠭᠡᠭᠰᠢᠯᠡᠭᠦᠯᠦᠭᠰᠡᠨ ︽ᠦᠵᠡᠰᠬᠦᠯᠡᠩᠲᠦ ᠰᠠᠶᠢᠬᠠᠨ | ᠬᠤᠲᠠ︾ ᠶᠢ ᠴᠣᠭᠴᠠᠯᠠᠨ ᠪᠠᠶᠢᠭᠤᠯᠬᠤ᠂ ᠰᠢᠨ᠎ᠡ ᠶᠢ ᠡᠭᠦᠳᠬᠦ ᠬᠥᠳᠡᠯᠭᠡᠭᠴᠢ ᠡᠨᠧᠷᠭᠢ ᠶᠢᠨ ᠥᠷᠨᠢᠭᠦᠨ ᠨᠡᠮᠡᠭᠳᠡᠭᠰᠡᠨ | ︽ᠠᠮᠢᠵᠢᠷᠠᠯ ᠤᠨ ᠬᠦᠴᠦᠨ ᠤ ᠬᠤᠲᠠ︾ ᠶᠢ ᠴᠣᠭᠴᠠᠯᠠᠨ ᠪᠠᠶᠢᠭᠤᠯᠬᠤ᠂ ᠵᠠᠯᠠᠭᠤᠴᠤᠳ ᠤᠨ ᠬᠦᠰᠡᠨ | ᠮᠥᠷᠥᠭᠡᠳᠦᠭᠰᠡᠨ᠂ ᠨᠠᠰᠤᠲᠠᠶᠢᠴᠤᠳ ᠤᠨ ᠠᠮᠤᠷ ᠠᠮᠤᠭᠤᠯᠠᠩ ︽ᠵᠣᠯ ᠵᠢᠷᠭᠠᠯᠲᠤ ᠬᠤᠲᠠ︾ ᠶᠢ ᠴᠣᠭᠴᠠᠯᠠᠨ | ᠪᠠᠶᠢᠭᠤᠯᠬᠤ ᠬᠠᠷᠠᠯᠲᠠ ᠶᠢᠨ ᠪᠠᠶᠢᠷᠢ ᠲᠣᠭᠲᠠᠭᠠᠯᠲᠠ ᠶᠢ ᠳᠤᠷᠠᠳᠤᠨ ᠭᠠᠷᠭᠠᠪᠠ᠃ | ᠬᠤᠶᠠᠳᠤᠭᠠᠷ ᠬᠡᠰᠡᠭ ᠨᠢ ᠳᠠᠪᠠᠭᠤᠯᠢᠭ ᠠᠵᠤ ᠦᠢᠯᠡᠰ ᠢ ᠪᠣᠶᠢᠵᠢᠭᠤᠯᠤᠨ ᠪᠤᠵᠠᠭᠠᠶᠢᠷᠠᠭᠤᠯᠤᠨ᠎ᠠ᠃ ᠳᠡᠯᠡᠬᠡᠢ | ᠶᠢᠨ ᠰᠦ ᠶᠢᠨ ᠬᠤᠲᠠ ᠶᠢ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠡᠭᠦᠯᠡᠨ ᠬᠥᠨᠳᠡᠢ ᠶᠢ ᠴᠣᠭᠴᠠᠯᠠᠬᠤ᠂ | ᠲᠡᠷᠢᠭᠦᠨ ᠤ ᠦᠢᠯᠡᠳᠬᠦ ᠦᠢᠯᠡᠰ ᠤᠨ ᠪᠥᠭᠡᠮᠨᠡᠷᠡᠯ ᠢ ᠪᠣᠶᠢᠵᠢᠭᠤᠯᠬᠤ ᠵᠡᠷᠭᠡ 3 ᠲᠠᠯ᠎ᠠ ᠶᠢᠨ ᠲᠣᠭᠤᠷᠢᠨ ᠳᠤ ᠪᠣᠳᠠᠲᠠᠢ | ᠡᠭᠦᠷᠭᠡ ᠶᠢ ᠲᠣᠳᠣᠷᠬᠠᠶᠢᠯᠠᠪᠠ᠃ | ᠭᠤᠷᠪᠠᠳᠤᠭᠠᠷ ᠬᠡᠰᠡᠭ ᠨᠢ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠶᠡᠭᠡ ᠪᠠᠷ ᠬᠥᠭᠵᠢᠭᠦᠯᠦᠨ᠎ᠡ᠃ | ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠠᠵᠤ ᠦᠢᠯᠡᠰ ᠤᠨ ᠠᠭᠤᠰᠤᠯᠴᠠᠨ ᠦᠢᠯᠡᠳᠦᠯᠴᠡᠬᠦ ᠶᠢ ᠲᠦᠯᠬᠢᠨ | ᠠᠬᠢᠭᠤᠯᠬᠤ᠂ ᠶᠡᠷᠦᠩᠬᠡᠢ ᠬᠡᠯᠲᠡᠰ ᠤᠨ ᠠᠵᠤ ᠠᠬᠤᠢ ᠶᠢ ᠬᠥᠭᠵᠢᠭᠦᠯᠬᠦ᠂ ᠪᠠᠷᠠᠭᠠᠨ ᠤ ᠭᠦᠢᠯᠭᠡᠭᠡᠨ ᠤ | ᠶᠡᠷᠦᠩᠬᠡᠶᠢᠯᠡᠭᠰᠡᠨ ᠦᠢᠯᠡᠴᠢᠯᠡᠭᠡ ᠶᠢ ᠳᠡᠭᠡᠭᠰᠢᠯᠡᠭᠦᠯᠬᠦ 3 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ | ᠲᠣᠳᠣᠷᠬᠠᠶᠢᠯᠠᠪᠠ᠃ | ᠳᠥᠷᠪᠡᠳᠦᠭᠡᠷ ᠬᠡᠰᠡᠭ ᠨᠢ ᠣᠷᠣᠨ ᠤ ᠲᠥᠪ ᠤᠨ ᠶᠡᠷᠦᠩᠬᠡᠶᠢᠯᠡᠭᠰᠡᠨ ᠳᠠᠭᠠᠭᠠᠴᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠥᠨᠳᠥᠷ ᠬᠤᠷᠳᠤᠴᠠᠲᠤ ᠲᠡᠮᠦᠷ ᠵᠠᠮ ᠤᠨ ᠬᠦᠢᠰᠦ ᠬᠤᠲᠠ ᠶᠢ ᠪᠦᠲᠦᠭᠡᠨ ᠪᠠᠶᠢᠭᠤᠯᠬᠤ᠂ | ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠬᠦᠢᠰᠦ ᠪᠠᠶᠢᠭᠤᠯᠬᠤ᠂ ᠥᠨᠳᠥᠷ | ᠬᠤᠷᠳᠤᠴᠠᠲᠤ ᠵᠠᠰᠠᠮᠠᠯ ᠵᠠᠮ ᠤᠨ ᠲᠣᠣᠷ ᠢ ᠪᠠᠶᠢᠭᠤᠯᠬᠤ᠂ ᠬᠤᠲᠠ ᠶᠢᠨ ᠰᠠᠭᠤᠷᠢ ᠪᠠᠲᠤᠯᠠᠭ᠎ᠠ ᠶᠢᠨ ᠴᠢᠳᠠᠮᠵᠢ ᠶᠢ | ᠴᠢᠩᠭᠠᠷᠠᠭᠤᠯᠬᠤ ᠵᠡᠷᠭᠡ 4 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃ | ᠲᠠᠪᠤᠳᠤᠭᠠᠷ ᠬᠡᠰᠡᠭ ᠨᠢ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ ᠪᠠᠶᠢᠭᠤᠯᠬᠤ | ᠲᠦᠯᠬᠢᠨ ᠠᠬᠢᠭᠤᠯᠤᠨ᠎ᠠ᠃ ᠬᠤᠲᠠ ᠶᠢᠨ ᠲᠥᠯᠦᠪᠵᠢᠭᠦᠯᠭᠡ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠮᠢ | ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠢᠷᠢ ᠲᠦᠪᠰᠢᠨ ᠢ ᠳᠡᠭᠡᠭᠰᠢᠯᠡᠭᠦᠯᠬᠦ᠂ ᠴᠢᠨᠠᠷ ᠰᠠᠶᠢᠲᠠᠢ | ᠡᠮᠴᠢᠯᠡᠭᠡᠨ ᠤ ᠰᠤᠷᠭᠠᠨ ᠬᠥᠮᠦᠵᠢᠯ ᠢ ᠬᠥᠭᠵᠢᠭᠦᠯᠬᠦ᠂ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ | ᠴᠢᠩᠭᠠᠳᠬᠠᠬᠤ ᠵᠡᠷᠭᠡ 4 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠢ ᠲᠣᠭᠲᠠᠭᠠᠪᠠ᠃ | ᠵᠢᠷᠭᠤᠳᠤᠭᠠᠷ ᠬᠡᠰᠡᠭ ᠨᠢ ᠥᠨᠳᠥᠷ ᠬᠢᠷᠢ ᠲᠦᠪᠰᠢᠨ ᠪᠥᠬᠦᠶ ᠭᠠᠳᠠᠭᠠᠳᠤ ᠨᠡᠭᠡᠭᠡᠯᠲᠡ ᠶᠢ ᠲᠦᠷᠭᠡᠳᠬᠡᠨ | ᠠᠬᠢᠭᠤᠯᠤᠨ᠎ᠠ᠃ ᠭᠠᠳᠠᠭᠠᠳᠤ ᠨᠡᠭᠡᠭᠡᠯᠲᠡ ᠶᠢᠨ ᠲᠠᠪᠴᠠᠩ ᠢ ᠪᠤᠵᠠᠭᠠᠶᠢᠷᠠᠭᠤᠯᠬᠤ᠂ ᠣᠷᠣᠨ ᠪᠦᠰᠡ ᠶᠢᠨ | ᠬᠠᠮᠲᠤᠷᠠᠯᠴᠠᠭ᠎ᠠ ᠶᠢ ᠴᠢᠩᠭᠠᠳᠬᠠᠬᠤ 2 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ ᠲᠣᠳᠣᠷᠬᠠᠶᠢᠯᠠᠪᠠ᠃ | ᠳᠣᠯᠣᠳᠤᠭᠠᠷ ᠬᠡᠰᠡᠭ ᠨᠢ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢᠨ ᠴᠢᠳᠠᠪᠤᠷᠢ ᠶᠢ ᠰᠠᠶᠢᠵᠢᠷᠠᠭᠤᠯᠤᠨ | ᠳᠡᠭᠡᠭᠰᠢᠯᠡᠭᠦᠯᠦᠨ᠎ᠡ᠃ ᠠᠵᠤ ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠬᠤ᠂ ᠰᠢᠨ᠎ᠡ | ᠡᠭᠦᠳᠦᠯᠲᠡ ᠶᠢᠨ ᠲᠤᠯᠭᠠᠭᠤᠷᠢᠯᠠᠯ ᠢ ᠴᠢᠩᠭᠠᠳᠬᠠᠬᠤ᠂ ᠭᠠᠵᠠᠷ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ ᠴᠠᠬᠢᠯᠭᠠᠨ | ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ | ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠬᠤ ᠵᠡᠷᠭᠡ 5 ᠲᠠᠯ᠎ᠠ ᠶᠢᠨ ᠲᠣᠭᠤᠷᠢᠨ ᠳᠤ ᠪᠣᠳᠠᠲᠠᠢ ᠡᠭᠦᠷᠭᠡ ᠶᠢ | ᠲᠣᠳᠣᠷᠬᠠᠶᠢᠯᠠᠪᠠ᠃ | ᠨᠠᠢᠮᠠᠳᠤᠭᠠᠷ ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠬᠡᠷᠡᠭᠵᠢᠭᠦᠯᠦᠯᠲᠡ ᠶᠢ ᠴᠢᠩᠭᠠᠳᠬᠠᠨ᠎ᠠ᠃ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ | ᠨᠠᠷᠢᠯᠢᠭᠵᠢᠭᠤᠯᠬᠤ᠂ ᠭᠤᠣᠯ ᠴᠣᠭᠴᠠ ᠶᠢᠨ ᠦᠢᠯᠡᠳᠦᠯ ᠢ ᠪᠠᠳᠠᠷᠠᠭᠤᠯᠬᠤ ᠵᠡᠷᠭᠡ 3 ᠲᠠᠯ᠎ᠠ ᠪᠠᠷ ᠭᠤᠣᠯᠯᠠᠭᠤᠯᠤᠨ | ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ᠃ | ᠡᠭᠦᠨ ᠤ ᠬᠠᠮᠲᠤ᠂ ︽ᠰᠠᠨᠠᠯ︾ ᠳᠤ ᠳᠤᠷᠠᠳᠤᠭᠰᠠᠨ ᠳᠡᠮᠵᠢᠬᠦ ᠲᠥᠷᠥ ᠶᠢᠨ ᠪᠣᠳᠣᠯᠭ᠎ᠠ ᠶᠢᠨ ᠠᠷᠭ᠎ᠠ | ᠬᠡᠮᠵᠢᠶ᠎ᠡ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠭᠤᠣᠯ ᠠᠭᠤᠯᠭ᠎ᠠ ᠶᠢᠨ ᠲᠣᠭᠤᠷᠢᠨ ᠳᠤ | ᠪᠣᠳᠠᠲᠠᠢ ᠳᠡᠮᠵᠢᠬᠦ 60 ᠵᠦᠢᠯᠡᠰ ᠢ ᠢᠵᠢ ᠪᠦᠷᠢᠳᠦᠭᠦᠯᠦᠨ ᠳᠤᠷᠠᠳᠴᠤ᠂ ︽ᠭᠤᠣᠯᠳᠠᠯᠭ᠎ᠠ ᠲᠠᠢ ᠳᠡᠮᠵᠢᠬᠦ | ᠵᠦᠢᠯᠡᠰ ᠤᠨ ᠨᠠᠷᠢᠨ ᠬᠠᠭᠤᠳᠠᠰᠤ︾ ᠶᠢ ᠪᠣᠶ ᠪᠣᠯᠭᠠᠭᠰᠠᠨ ᠪᠥᠭᠡᠳ ᠬᠠᠷᠢᠭᠤᠴᠠᠬᠤ ᠨᠢᠭᠡᠴᠢ ᠶᠢ ᠲᠣᠳᠣᠷᠬᠠᠶᠢᠯᠠᠭᠰᠠᠨ | ᠪᠠᠶᠢᠨ᠎ᠠ᠃ | ᠭᠤᠷᠪᠠ᠂ ︽ᠰᠠᠨᠠᠯ︾ ᠤᠨ ᠲᠣᠪᠣᠶᠢᠮ᠎ᠠ ᠣᠨᠴᠠᠯᠢᠭ | ︽ᠰᠠᠨᠠᠯ︾ ᠳᠤ ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢᠨ ᠪᠣᠳᠠᠲᠠᠢ ᠲᠥᠷᠥ ᠶᠢᠨ | ᠪᠣᠳᠣᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠪᠣᠳᠣᠯᠬᠢᠯᠠᠵᠤ᠂ ︽ᠭᠤᠷᠪᠠ ᠶᠢ ᠳᠣᠪᠤᠶᠢᠯᠭᠠᠬᠤ︾ ᠶᠢ | ᠭᠤᠣᠯᠳᠠᠯᠭ᠎ᠠ ᠲᠠᠢ ᠢᠯᠡᠷᠡᠭᠦᠯᠪᠡ᠃ | ᠨᠢᠭᠡ ᠳᠤ᠂ ᠭᠤᠣᠯᠳᠠᠯᠭ᠎ᠠ ᠲᠠᠢ ᠬᠦᠷᠢᠶᠡᠨ ᠳᠠᠬᠢ ᠳᠡᠮᠵᠢᠯᠭᠡ ᠶᠢ ᠳᠣᠪᠣᠶᠢᠯᠭᠠᠨ᠎ᠠ᠃ ᠬᠥᠬᠡᠬᠤᠲᠠ ᠶᠢᠨ | ᠨᠢᠭᠡᠨᠲᠡ ᠵᠣᠬᠢᠬᠤ ᠳᠠᠪᠠᠭᠤᠯᠢᠭ ᠲᠠᠢ ᠪᠣᠯᠤᠭᠰᠠᠨ ︽ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠠᠷᠡᠯ︾ ᠤᠨ | ᠲᠣᠭᠤᠷᠢᠨ ᠳᠤ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠥᠨᠳᠥᠷ | ᠪᠠᠷᠢᠮᠵᠢᠶ᠎ᠠ ᠲᠠᠢ ᠪᠠᠷ ᠪᠠᠶᠢᠭᠤᠯᠬᠤ᠂ ᠪᠥᠬᠦ ᠤᠯᠤᠰ ᠤᠨ ᠨᠢᠭᠡ ᠴᠣᠭᠴᠠᠵᠢᠭᠤᠯᠤᠭᠰᠠᠨ ᠪᠤᠳᠤᠬᠤ ᠬᠦᠴᠦᠨ ᠤ ᠲᠣᠣᠷ | ᠰᠦᠯᠵᠢᠶ᠎ᠡ ᠶᠢᠨ ᠤᠯᠤᠰ ᠤᠨ ᠵᠠᠩᠭᠢᠯᠠᠭ᠎ᠠ ᠶᠢᠨ ᠴᠡᠭ ᠢ ᠪᠠᠶᠢᠭᠤᠯᠬᠤ᠂ ᠰᠢᠨ᠎ᠡ ᠨᠢᠭᠡ ᠦᠶ᠎ᠡ ᠶᠢᠨ ᠬᠠᠭᠠᠰ | ᠳᠠᠮᠵᠢᠭᠤᠯᠤᠭᠴᠢ ᠮᠠᠲ᠋ᠧᠷᠢᠶᠠᠯ ᠤᠨ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠬᠤ ᠪᠠ ᠤᠯᠤᠰ ᠤᠨ ᠠᠮᠢᠲᠠᠨ ᠤ | ᠸᠠᠺᠼᠢᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ | ᠳᠤᠷᠠᠳᠤᠨ ᠭᠠᠷᠭᠠᠪᠠ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠢ ᠬᠥᠭᠵᠢᠭᠦᠯᠬᠦ ᠶᠢᠨ ᠲᠣᠭᠤᠷᠢᠨ ᠳᠤ ᠣᠷᠳᠣ | ᠴᠠᠭᠠᠨ ᠬᠡᠷᠡᠮ᠂ ᠬᠠᠲᠤᠨ ᠭᠤᠣᠯ ᠤᠨ ᠤᠯᠤᠰ ᠤᠨ ᠰᠣᠶᠣᠯ ᠤᠨ ᠴᠡᠴᠡᠷᠯᠢᠭ ᠵᠡᠷᠭᠡ ᠰᠣᠶᠣᠯ ᠢ ᠤᠯᠠᠮᠵᠢᠯᠠᠨ | ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ᠂ ᠥᠪᠡᠷᠲᠡᠭᠡᠨ ᠵᠠᠰᠠᠬᠤ ᠣᠷᠣᠨ᠂ ᠬᠥᠬᠡᠬᠤᠲᠠ ᠶᠢᠨ ᠬᠤᠪᠢᠳᠠᠭᠰᠠᠨ | ᠡᠳ᠋ ᠤᠨ ᠬᠦᠴᠦᠨ ᠠᠴᠠ ᠶᠡᠷᠦᠩᠬᠡᠢ ᠬᠡᠯᠲᠡᠰ ᠤᠨ ᠠᠵᠤ ᠠᠬᠤᠶᠢᠯᠠᠯ ᠳᠤ ᠳᠡᠮᠵᠢᠯᠭᠡ ᠦᠵᠡᠭᠦᠯᠬᠦ᠂ ᠬᠥᠬᠡᠬᠤᠲᠠ ᠶᠢᠨ | ᠰᠢᠨ᠎ᠡ ᠨᠢᠰᠬᠡᠯ ᠤᠨ ᠪᠠᠭᠤᠳᠠᠯ ᠤᠨ ᠠᠭᠠᠷ ᠤᠨ ᠭᠠᠷᠠᠮ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠪᠠᠶᠢᠭᠤᠯᠬᠤ | ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠥᠨᠳᠥᠷ ᠬᠢᠷᠢ ᠲᠦᠪᠰᠢᠨ ᠪᠦᠬᠦᠢ ᠭᠠᠳᠠᠭᠠᠳᠤ | ᠨᠡᠭᠡᠭᠡᠯᠲᠡ ᠶᠢ ᠲᠦᠯᠬᠢᠨ ᠠᠬᠢᠭᠤᠯᠬᠤ ᠶᠢᠨ ᠲᠣᠭᠤᠷᠢᠨ ᠳᠤ᠂ ᠤᠯᠤᠰ ᠠᠴᠠ ᠤᠮᠠᠷᠠᠰᠢ ᠨᠡᠭᠡᠭᠡᠯᠲᠡ ᠬᠢᠬᠦ ᠠᠵᠤ | ᠠᠬᠤᠢ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ᠢ ᠡᠭᠦᠳᠦᠨ ᠪᠠᠶᠢᠭᠤᠯᠬᠤ᠂ ᠨᠡᠭᠦᠳᠡᠯ ᠤᠨ ᠰᠢᠪᠠᠭᠤ ᠮᠠᠶ᠋ᠢᠭ ᠤᠨ | ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠬᠤ ᠵᠡᠷᠭᠡ ᠳᠡᠮᠵᠢᠯᠭᠡ ᠶᠢᠨ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ | ᠬᠤᠶᠠᠷ ᠲᠤ᠂ ᠭᠤᠣᠯᠳᠠᠯᠭ᠎ᠠ ᠲᠠᠢ ᠵᠦᠢᠯᠡᠰ ᠤᠨ ᠳᠡᠮᠵᠢᠯᠭᠡ ᠶᠢ ᠳᠣᠪᠣᠶᠢᠯᠭᠠᠨ᠎ᠠ᠃ ᠣᠷᠣᠨ ᠤ ᠲᠥᠪ ᠤᠨ | ᠶᠡᠷᠦᠩᠬᠡᠶᠢᠯᠡᠭᠰᠡᠨ ᠳᠠᠭᠠᠭᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠣᠭᠤᠷᠢᠨ ᠳᠤ᠂ ᠳᠡᠭᠡᠳᠦ ᠬᠤᠷᠳᠤᠴᠠᠲᠤ ᠲᠡᠮᠦᠷ | ᠵᠠᠮ ᠤᠨ ᠵᠠᠩᠭᠢᠯᠠᠭ᠎ᠠ ᠶᠢᠨ ᠪᠦᠲᠦᠭᠡᠨ ᠪᠠᠶᠢᠭᠤᠯᠬᠤ᠂ ᠰᠢᠨ᠎ᠡ ᠨᠢᠰᠬᠡᠯ ᠤᠨ ᠪᠠᠭᠤᠳᠠᠯ ᠤᠨ ᠶᠡᠷᠦᠩᠬᠡᠶᠢᠯᠡᠭᠰᠡᠨ ᠵᠠᠮ | ᠬᠠᠷᠢᠯᠴᠠᠭᠠᠨ ᠤ ᠵᠠᠩᠭᠢᠯᠠᠭ᠎ᠠ ᠶᠢᠨ ᠪᠦᠲᠦᠭᠡᠨ ᠪᠠᠶᠢᠭᠤᠯᠬᠤ᠂ ᠦᠨᠳᠦᠷ ᠬᠤᠷᠳᠤᠴᠠᠲᠤ ᠵᠠᠰᠠᠮᠠᠯ ᠵᠠᠮ ᠤᠨ ᠲᠣᠣᠷ ᠤᠨ | ᠪᠦᠲᠦᠭᠡᠨ ᠪᠠᠶᠢᠭᠤᠯᠬᠤ᠂ ᠮᠧᠲᠷᠣ᠋ ᠶᠢᠨ ᠱᠤᠭᠤᠮ ᠤᠨ ᠲᠣᠣᠷ ᠢ ᠰᠢᠯᠢᠳᠡᠭᠵᠢᠭᠦᠯᠬᠦ᠂ ᠬᠤᠲᠠ ᠶᠢᠨ ᠭᠦᠦᠷᠯᠢᠭ | ᠲᠦᠷᠭᠡᠨ ᠬᠤᠷᠳᠤ ᠶᠢᠨ ᠵᠠᠮ ᠤᠨ ᠲᠣᠣᠷ ᠢ ᠪᠦᠲᠦᠭᠡᠨ ᠪᠠᠶᠢᠭᠤᠯᠬᠤ᠂ ᠬᠠᠲᠤᠨ ᠭᠤᠣᠯ ᠤᠨ ᠤᠰᠤ ᠶᠢ | ᠬᠥᠬᠡᠬᠤᠲᠠ ᠳᠤ ᠲᠠᠲᠠᠵᠤ ᠣᠷᠣᠭᠤᠯᠬᠤ ᠭᠤᠷᠪᠠᠳᠤᠭᠠᠷ ᠬᠤᠭᠤᠴᠠᠭᠠᠨ ᠤ ᠢᠨᠵᠧᠨᠧᠷᠢᠩ ᠵᠡᠷᠭᠡ ᠲᠥᠷᠥᠯ ᠵᠦᠢᠯ ᠳᠤ | ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ ᠣᠷᠣᠰᠢᠨ ᠰᠠᠭᠤᠬᠤ ᠳᠤ ᠲᠣᠬᠢᠷᠠᠮᠵᠢᠲᠠᠢ ᠬᠤᠲᠠ ᠶᠢ ᠪᠦᠲᠦᠭᠡᠨ | ᠪᠠᠶᠢᠭᠤᠯᠬᠤ ᠶᠢᠨ ᠲᠣᠭᠤᠷᠢᠨ ᠳᠤ᠂ ᠣᠷᠣᠨ ᠤ ᠲᠥᠪ ᠬᠤᠲᠠ ᠶᠢᠨ ᠲᠥᠯᠦᠪᠵᠢᠭᠦᠯᠭᠡ᠂ ᠬᠠᠲᠤᠨ ᠭᠤᠣᠯ | ᠳᠠᠭᠠᠤ ᠶᠢᠨ ᠠᠮᠢ ᠠᠬᠤᠢ ᠶᠢᠨ ᠬᠤᠩᠭᠢᠯ ᠤᠨ ᠪᠦᠲᠦᠭᠡᠨ ᠪᠠᠶᠢᠭᠤᠯᠤᠯᠲᠠ᠂ ᠤᠯᠤᠰ ᠤᠨ ᠣᠷᠣᠨ ᠪᠦᠰᠡ ᠶᠢᠨ | ᠡᠮᠴᠢᠯᠡᠭᠡᠨ ᠤ ᠲᠥᠪ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠳᠡᠮᠵᠢᠯᠭᠡ ᠦᠵᠡᠭᠦᠯᠦᠨ᠎ᠡ᠃ | ᠭᠤᠷᠪᠠ ᠳᠤ᠂ ᠴᠢᠬᠤᠯᠠ ᠬᠦᠴᠦᠨ ᠵᠦᠢᠯ ᠤᠨ ᠪᠠᠲᠤᠯᠠᠭ᠎ᠠ ᠳᠡᠮᠵᠢᠯᠭᠡ ᠶᠢ ᠲᠤᠪᠤᠶᠢᠯᠭᠠᠨ᠎ᠠ᠃ ᠠᠵᠤ | ᠠᠬᠤᠢ ᠶᠢᠨ ᠬᠠᠮᠢᠶᠠᠷᠤᠯᠲᠠ ᠶᠢᠨ ᠡᠷᠬᠡ ᠮᠡᠳᠡᠯ ᠢ ᠳᠣᠷᠣᠭᠰᠢ ᠪᠠᠭᠤᠯᠭᠠᠬᠤ ᠶᠢᠨ ᠲᠣᠭᠤᠷᠢᠨ ᠳᠤ᠂ ᠥᠪᠡᠷᠲᠡᠭᠡᠨ | ᠵᠠᠰᠠᠬᠤ ᠣᠷᠣᠨ ᠤ ᠱᠠᠲᠤᠨ ᠤ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠬᠠᠤᠯᠢ ᠲᠣᠭᠲᠠᠭᠠᠯ ᠶᠣᠰᠣᠭᠠᠷ | ᠨᠠᠶᠢᠳᠠᠬᠤ ᠪᠤᠶᠤ ᠬᠥᠬᠡᠬᠤᠲᠠ ᠳᠤ ᠪᠠᠭᠤᠯᠭᠠᠵᠤ ᠬᠡᠷᠡᠭᠵᠢᠭᠦᠯᠬᠦ ᠵᠡᠷᠭᠡ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠪᠠ᠃ | ᠰᠢᠨ᠎ᠡ ᠶᠢ ᠡᠭᠦᠳᠬᠦ ᠶᠢᠨ ᠲᠤᠯᠭᠠᠭᠤᠷᠢᠯᠠᠯ ᠢ ᠴᠢᠩᠭᠠᠳᠬᠠᠬᠤ ᠶᠢᠨ ᠲᠣᠭᠤᠷᠢᠨ ᠳᠤ᠂ ᠬᠤᠷᠢᠨᠭᠡᠷ ᠤᠨ ᠴᠢᠳᠠᠪᠤᠷᠢᠲᠠᠨ ᠤ | ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠥᠪ ᠢ ᠪᠠᠶᠢᠭᠤᠯᠬᠤ᠂ ︽ᠨᠢᠭᠡ ᠲᠥᠪ ᠣᠯᠠᠨ ᠴᠡᠭ ︾ | ︽ᠬᠦᠴᠦᠷᠬᠡᠭ ᠲᠥᠪ ᠠᠮᠢᠳᠤᠯᠢᠭ ᠴᠡᠭ︾ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ᠂ | ᠬᠥᠬᠡᠬᠤᠲᠠ ᠶᠢᠨ ᠣᠯᠠᠨ ᠠᠷᠭ᠎ᠠ ᠵᠠᠮ ᠢᠶᠠᠷ ᠣᠷᠣᠨ ᠤ ᠭᠠᠳᠠᠨ᠎ᠠ ᠠᠴᠠ ᠰᠢᠯᠢᠳᠡᠭ ᠺᠠᠳ᠋ᠷ ᠪᠠ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠳᠡᠮᠵᠢᠬᠦ ᠵᠡᠷᠭᠡ ᠳᠡᠮᠵᠢᠯᠭᠡ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ ᠭᠠᠵᠠᠷ | ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠶᠢᠨ ᠲᠣᠭᠤᠷᠢᠨ ᠳᠤ᠂ ︽ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ | ᠨᠢ ᠲᠥᠷᠥᠯ ᠵᠦᠢᠯ ᠢ ᠳᠠᠭᠠᠬᠤ︾ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠬᠤ ᠵᠡᠷᠭᠡ ᠳᠡᠮᠵᠢᠯᠭᠡ ᠠᠷᠭ᠎ᠠ | ᠬᠡᠮᠵᠢᠶ᠎ᠡ ᠶᠢ ᠳᠤᠷᠠᠳᠤᠨ ᠭᠠᠷᠭᠠᠪᠠ᠃ ᠴᠠᠬᠢᠯᠭᠠᠨ ᠬᠡᠷᠡᠭᠯᠡᠬᠦ ᠡᠨᠧᠷᠭᠢ ᠬᠡᠷᠡᠭᠯᠡᠬᠦ ᠪᠠᠲᠤᠯᠠᠭ᠎ᠠ ᠶᠢ ᠴᠢᠩᠭᠠᠳᠬᠠᠬᠤ ᠶᠢᠨ | ᠲᠣᠭᠤᠷᠢᠨ ᠳᠤ᠂ ᠬᠥᠬᠡᠬᠤᠲᠠ ᠶᠢᠨ ᠰᠢᠨ᠎ᠡ ᠪᠠᠷ ᠨᠡᠮᠡᠭᠳᠡᠭᠰᠡᠨ ᠴᠠᠬᠢᠯᠭᠠᠨ ᠬᠡᠷᠡᠭᠯᠡᠬᠦ ᠳᠠᠭᠠᠭᠠᠴᠠ ᠶᠢ ᠡᠷᠬᠢᠨ | ᠲᠣᠭᠤᠷᠢᠨ ᠤ ᠠᠶᠢᠮᠠᠭ ᠬᠤᠲᠠ ᠳᠤ ᠭᠠᠵᠠᠷ ᠰᠣᠩᠭᠤᠨ ᠰᠢᠨ᠎ᠡ ᠡᠨᠧᠷᠭᠢ ᠶᠢᠨ ᠲᠥᠷᠥᠯ ᠵᠦᠢᠯ ᠪᠠᠶᠢᠭᠤᠯᠬᠤ ᠶᠢ | ᠳᠡᠮᠵᠢᠬᠦ ᠵᠡᠷᠭᠡ ᠳᠡᠮᠵᠢᠯᠭᠡ ᠠᠷᠭ᠎ᠠ ᠬᠡᠮᠵᠢᠶ᠎ᠡ ᠶᠢ ᠳᠤᠷᠠᠳᠪᠠ᠃ ᠡᠳ᠋ ᠤᠨ ᠵᠠᠰᠠᠭ ᠭᠠᠶᠢᠯᠢ ᠶᠢᠨ ᠶᠠᠪᠤᠳᠠᠯ ᠮᠥᠩᠭᠦᠨ | ᠭᠦᠢᠯᠭᠡᠭᠡᠨ ᠤ ᠪᠠᠲᠤᠯᠠᠭ᠎ᠠ ᠶᠢ ᠴᠢᠩᠭᠠᠳᠬᠠᠬᠤ ᠲᠠᠢ ᠤᠶᠠᠯᠳᠤᠭᠤᠯᠤᠨ᠂ ︽ᠪᠡᠯᠡ ᠮᠥᠩᠭᠦ ᠨᠢ ᠬᠥᠮᠥᠨ ᠢᠶᠠᠨ ᠳᠠᠭᠠᠬᠤ︾ | ᠶᠢ ᠬᠤᠯᠪᠣᠯᠳᠤᠭᠤᠯᠬᠤ ᠲᠣᠭᠲᠠᠴᠠ ᠶᠢ ᠳᠤᠷᠠᠳᠤᠨ ᠭᠠᠷᠭᠠᠵᠤ᠂ ᠬᠤᠶᠢᠰᠢᠳᠠ ᠶᠢᠨ 5 ᠵᠢᠯ ᠳᠤ ᠵᠢᠯ ᠪᠦᠷᠢ 30 | ᠳ᠋ᠦᠩᠰᠢᠭᠤᠷ ᠲᠥᠭᠦᠷᠢᠭ ᠤᠨ ᠡᠳ᠋ ᠤᠨ ᠬᠦᠴᠦᠨ ᠤ ᠴᠢᠨᠠᠷᠲᠠᠢ ᠨᠥᠬᠦᠪᠦᠷᠢ ᠪᠡᠯᠡ ᠮᠥᠩᠭᠦ ᠶᠢ ᠰᠢᠨ᠎ᠡ ᠪᠠᠷ | ᠨᠡᠮᠡᠭᠳᠡᠭᠦᠯᠦᠨ ᠬᠤᠳᠠ ᠶᠢᠨ ᠰᠠᠭᠤᠷᠢ ᠲᠥᠬᠦᠭᠡᠷᠦᠮᠵᠢ ᠶᠢ ᠴᠢᠩᠭᠠᠳᠬᠠᠨ ᠰᠠᠶᠢᠵᠢᠷᠠᠭᠤᠯᠬᠤ ᠵᠡᠷᠭᠡ ᠳᠡᠮᠵᠢᠯᠭᠡ ᠠᠷᠭ᠎ᠠ | ᠬᠡᠮᠵᠢᠶ᠎ᠡ ᠳᠤ ᠬᠡᠷᠡᠭᠯᠡᠨ᠎ᠡ᠃ | | | | | ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | | | | |