︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠢ | ᠲᠦᠭᠡᠮᠡᠯᠵᠢᠭᠦᠯᠬᠦ ᠬᠠᠤᠯᠢ︾ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ | ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2021 ︱ 2035 ᠣᠨ︶ ᠲᠤᠬᠠᠢ | ᠳᠠᠷᠤᠮᠠᠯᠯᠠᠨ ᠲᠠᠷᠬᠠᠭᠠᠬᠤ ᠮᠡᠳᠡᠭᠳᠡᠯ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ | ᠲᠥᠰᠥᠯ ︵2021 ︱ 2025 ᠣᠨ︶︾ ︽ᠬᠥᠬᠡᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ | ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠬᠡᠷᠡᠭᠵᠢᠭᠦᠯᠬᠦ ᠲᠥᠰᠥᠯ ︵2021 ︱ | 2025 ᠣᠨ︶︾ ᠢ ᠦᠨᠳᠦᠰᠦᠯᠡᠪᠡᠯ᠂ ᠮᠠᠨ ᠤ ᠲᠣᠭᠤᠷᠢᠭ ᠤᠨ 2025 ᠣᠨ ᠤ ᠪᠦᠬᠦ ᠠᠷᠠᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠤᠨ ᠠᠵᠢᠯ ᠤᠨ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠬᠤᠲᠣᠩ ᠠᠷᠠᠳ ᠤᠨ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠲᠣᠭᠤᠷᠢᠭ ᠤᠨ ᠪᠦᠬᠦ ᠠᠷᠠᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠤᠯᠤᠰ ᠵᠢᠴᠢ | ᠥᠪᠡᠷᠲᠡᠭᠡᠨ ᠵᠠᠰᠠᠬᠤ ᠣᠷᠣᠨ᠂ ᠬᠤᠳᠠ ᠶᠢᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ | ᠠᠵᠢᠯ ᠤᠨ ᠤᠳᠤᠷᠢᠳᠬᠤ ᠳᠤᠭᠤᠶᠢᠯᠠᠩ ᠤᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ | ᠬᠡᠪ ᠴᠢᠨᠠᠷ ᠤᠨ ᠠᠵᠢᠯ ᠤᠨ ᠲᠤᠬᠠᠢ ᠱᠠᠭᠠᠷᠳᠠᠯᠭ᠎ᠠ ᠪᠣᠯᠣᠨ ᠲᠣᠬᠢᠷᠠᠭᠤᠯᠤᠯᠲᠠ ᠪᠠᠷ ᠯᠠᠪᠯᠠᠯᠲᠠ ᠪᠣᠯᠭᠠᠵᠤ᠂ ︽ | ᠬᠤᠲᠣᠩ ᠠᠷᠠᠳ ᠤᠨ ᠲᠣᠭᠤᠷᠢᠭ ᠤᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ | ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠢ | ᠲᠦᠷᠦᠭᠦᠯᠡᠨ ᠲᠤᠭᠤᠷᠪᠢᠨ ᠲᠣᠭᠲᠠᠭᠠᠪᠠ᠃ | ᠨᠢᠭᠡ᠂ ᠲᠤᠭᠤᠷᠪᠢᠨ ᠠᠬᠤᠢ ᠪᠠᠶᠢᠳᠠᠯ | 2021 ᠣᠨ ᠤ 6 ᠰᠠᠷ᠎ᠠ ᠳᠤ᠂ ᠲᠥᠷᠥ ᠶᠢᠨ ᠶᠠᠪᠤᠳᠠᠯ ᠤᠨ ᠬᠤᠷᠢᠶ᠎ᠠ ︽ᠪᠥᠬᠦ ᠠᠷᠠᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵ 2021 ︱ 2035 | ᠣᠨ︶︾ ︵ᠳᠣᠷᠣᠭᠰᠢ ︽ᠬᠥᠲᠥᠯᠪᠦᠷᠢ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ | ᠬᠥᠲᠥᠯᠪᠦᠷᠢ︾ ᠳᠤ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠡᠭᠦᠷᠭᠡ ᠪᠣᠯᠣᠨ ᠪᠣᠳᠠᠲᠠᠢ ᠬᠠᠷᠠᠯᠲᠠ ᠶᠢ ᠨᠠᠷᠢᠨ ᠲᠣᠳᠣᠷᠬᠠᠢ ᠲᠠᠶᠢᠯᠪᠤᠷᠢᠯᠠᠵᠠᠢ᠂ ᠰᠢᠨ᠎ᠡ ᠴᠠᠭ | ᠦᠶ᠎ᠡ ᠶᠢᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠶᠢ ᠴᠢᠩᠭᠠᠳᠬᠠᠬᠤ᠂ | ᠤᠯᠤᠰ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠣᠯᠣᠨ ᠰᠣᠶᠣᠯ ᠤᠨ ᠵᠥᠭᠡᠯᠡᠨ ᠪᠣᠳᠠᠲᠤ | ᠬᠦᠴᠦᠨ ᠢ ᠨᠡᠮᠡᠭᠳᠡᠭᠦᠯᠬᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠲᠦᠭᠡᠨ | ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ︽ᠬᠥᠲᠥᠯᠪᠦᠷᠢ︾ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ 2021 ᠣᠨ ᠤ 12 ᠰᠠᠷ᠎ᠠ ᠶᠢᠨ 31 ᠤ | ᠡᠳᠦᠷ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ | ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2021 ︱ 2025 ᠣᠨ︶︾ ᠶᠢ | ᠳᠠᠷᠤᠮᠠᠯᠯᠠᠨ ᠲᠠᠷᠬᠠᠭᠠᠵᠠᠢ᠃ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ 2022 ᠣᠨ ᠤ 6 ᠰᠠᠷ᠎ᠠ ᠶᠢᠨ | 16 ᠤ ᠡᠳᠦᠷ ︽ᠬᠥᠬᠡᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ | ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 ᠣᠨ︶ ᠤᠨ ᠮᠡᠳᠡᠭᠳᠡᠯ︾ | ᠢ ᠳᠠᠷᠤᠮᠠᠯᠯᠠᠨ ᠲᠠᠷᠬᠠᠭᠠᠵᠠᠢ᠃ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠬᠡᠬᠤᠲᠠ ᠶᠢᠨ ᠪᠥᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠥᠪᠯᠡᠭᠡ ᠶᠢᠨ ᠲᠤᠬᠠᠢ ᠵᠢᠭᠠᠪᠤᠷᠢ ᠪᠠᠶᠢᠷᠢᠯᠠᠭᠤᠯᠤᠯᠲᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ᠲᠣᠭᠤᠷᠢᠭ ᠤᠨ ᠪᠥᠬᠦ ᠠᠷᠠᠳ ᠤᠨ ᠰᠢᠨᠵᠢᠯᠡᠬᠦ | ᠤᠬᠠᠭᠠᠨ ᠤ ᠬᠡᠪ ᠴᠢᠨᠠᠷ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠬᠤᠲᠣᠩ ᠠᠷᠠᠳ ᠤᠨ | ᠲᠣᠭᠤᠷᠢᠭ ᠤᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭᠠᠨ ᠤ ᠲᠥᠯᠦᠪᠵᠢᠭᠦᠯᠭᠡ ᠶᠢᠨ | ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 ᠣᠨ︶︾ ︵ᠳᠣᠷᠣᠭᠰᠢ ︽ᠬᠡᠷᠡᠭᠵᠢᠭᠦᠯᠬᠦ | ᠲᠥᠰᠥᠯ︾ ᠭᠡᠵᠦ ᠲᠣᠪᠴᠢᠯᠠᠨ᠎ᠠ︶ ᠢ ᠲᠤᠭᠤᠷᠪᠢᠵᠤ᠂ ︽ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ ᠵᠣᠬᠢᠶᠠᠬᠤ | ᠠᠵᠢᠯ ᠢ ᠨᠢᠭᠡᠳᠦᠯᠲᠡᠢ ᠲᠥᠯᠥᠪᠯᠡᠨ ᠠᠬᠢᠭᠤᠯᠪᠠ᠃ | ᠬᠤᠶᠠᠷ᠂ ᠲᠤᠭᠤᠷᠪᠢᠨ ᠪᠢᠴᠢᠭᠰᠡᠨ ᠶᠠᠪᠤᠴᠠ | ︽ᠬᠡᠷᠡᠭᠵᠢᠭᠦᠯᠬᠦ ᠲᠥᠰᠥᠯ︾ ᠢ ᠲᠤᠭᠤᠷᠪᠢᠬᠤ ᠶᠠᠪᠤᠴᠠ ᠳᠤ᠂ ᠲᠣᠭᠤᠷᠢᠭ ᠤᠨ ᠤᠳᠤᠷᠢᠳᠤᠯᠭ᠎ᠠ ᠨᠠᠷ | ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ︽ᠬᠡᠷᠡᠭᠵᠢᠭᠦᠯᠬᠦ ᠲᠥᠰᠥᠯ︾ ᠢ ᠲᠤᠭᠤᠷᠪᠢᠬᠤ ᠪᠠ ᠵᠠᠰᠠᠪᠤᠷᠢ | ᠣᠷᠣᠭᠤᠯᠬᠤ ᠶᠢ ᠨᠢᠭᠲᠠ ᠠᠩᠬᠠᠷᠤᠭᠰᠠᠭᠠᠷ ᠢᠷᠡᠵᠡᠶ᠃ ︽ᠬᠡᠷᠡᠭᠵᠢᠭᠦᠯᠬᠦ ᠲᠥᠰᠥᠯ︾ ᠢ ᠨᠠᠶᠢᠷᠠᠭᠤᠯᠤᠨ | ᠵᠣᠬᠢᠶᠠᠬᠤ ᠠᠴᠠ ᠡᠮᠦᠨ᠎ᠡ᠂ ᠲᠣᠭᠤᠷᠢᠭ ᠤᠨ ᠬᠥᠲᠥᠯᠪᠦᠷᠢ ᠶᠢᠨ ᠠᠯᠪᠠᠨ ᠭᠡᠷ ᠢ ᠲᠣᠭᠤᠷᠢᠭ ᠤᠨ ᠪᠥᠬᠦ ᠠᠷᠠᠳ ᠤᠨ | ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠠᠴᠠ | ︽ᠠᠷᠪᠠᠨ ᠭᠤᠷᠪᠠᠳᠤᠭᠠᠷ ᠲᠠᠪᠤᠨ ᠵᠢᠯ︾ ᠶᠢᠨ ᠲᠥᠯᠦᠪᠵᠢᠭᠦᠯᠭᠡ ᠶᠢᠨ ᠬᠤᠭᠤᠴᠠᠭᠠᠨ ᠳᠤ᠂ ᠡᠯ᠎ᠡ ᠪᠦᠷᠢᠯᠳᠦᠭᠦᠨ | ᠨᠢᠭᠡᠴᠢ ᠶᠢᠨ ᠰᠢᠨᠵᠢᠯᠡᠬᠦ ᠤᠬᠠᠭᠠᠨ ᠤ ᠬᠡᠪ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢᠨ ᠲᠣᠭᠤᠷᠢᠨ ᠳᠠᠬᠢ ᠭᠤᠣᠯ | ᠠᠵᠢᠯ ᠵᠢᠴᠢ ︽ᠠᠷᠪᠠᠨ ᠳᠥᠷᠪᠡᠳᠦᠭᠡᠷ ᠲᠠᠪᠤᠨ ᠵᠢᠯ︾ ᠶᠢᠨ ᠬᠤᠭᠤᠴᠠᠭᠠᠨ ᠳᠤ᠂ ᠡᠯ᠎ᠡ ᠪᠦᠷᠢᠯᠳᠦᠭᠦᠨ ᠨᠢᠭᠡᠴᠢ ᠶᠢᠨ | ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠪᠠ ᠰᠢᠨᠵᠢᠯᠡᠬᠦ ᠤᠬᠠᠭᠠᠨ ᠤ ᠬᠡᠪ ᠴᠢᠨᠠᠷ ᠤᠨ ᠪᠠᠶᠢᠭᠤᠯᠤᠯᠲᠠ ᠵᠡᠷᠭᠡ | ᠲᠠᠯ᠎ᠠ ᠶᠢᠨ ᠠᠭᠤᠯᠭ᠎ᠠ ᠳᠤ ᠬᠤᠯᠪᠣᠭᠳᠠᠭᠰᠠᠨ ᠶᠡᠷᠦᠩᠬᠡᠶᠢᠯᠡᠭᠰᠡᠨ ᠪᠤᠶᠤ ᠲᠤᠰᠬᠠᠢ ᠵᠦᠢᠯ ᠤᠨ ᠬᠥᠭᠵᠢᠯᠲᠡ ᠶᠢᠨ | ᠲᠥᠯᠦᠪᠵᠢᠭᠦᠯᠭᠡ᠂ ᠲᠥᠰᠥᠯ ᠪᠠ ᠠᠷᠭ᠎ᠠ ᠬᠡᠮᠵᠢᠶ᠎ᠡ ᠵᠡᠷᠭᠡ ᠶᠢ ᠴᠤᠭᠯᠠᠭᠤᠯᠤᠨ᠎ᠠ︔ ᠡᠯ᠎ᠡ ᠪᠦᠷᠢᠯᠳᠦᠭᠦᠨ ᠨᠢᠭᠡᠴᠢᠶᠢᠨ | ᠪᠣᠷᠣ ᠮᠠᠲ᠋ᠧᠷᠢᠶᠠᠯ ᠬᠠᠩᠭᠠᠬᠤ ᠲᠠᠢ ᠤᠶᠠᠯᠳᠤᠭᠤᠯᠤᠨ᠂ ᠤᠯᠤᠰ ᠤᠨ ᠲᠥᠯᠦᠪᠵᠢᠭᠦᠯᠭᠡ ᠶᠢᠨ ᠬᠥᠲᠥᠯᠪᠦᠷᠢ ᠶᠢᠨ | ᠥᠪᠡᠷᠲᠡᠭᠡᠨ ᠵᠠᠰᠠᠬᠤ ᠣᠷᠣᠨ ᠵᠢᠴᠢ ᠬᠥᠬᠡᠬᠤᠲᠠ ᠶᠢᠨ ᠬᠡᠷᠡᠭᠵᠢᠭᠦᠯᠬᠦ ᠲᠥᠰᠥᠯ ᠢᠶᠠᠷ ᠯᠠᠪᠯᠠᠯᠲᠠ ᠪᠣᠯᠭᠠᠵᠤ᠂ ᠮᠠᠨ ᠤ | ᠲᠣᠭᠤᠷᠢᠭ ᠤᠨ ︽ᠬᠡᠷᠡᠭᠵᠢᠭᠦᠯᠬᠦ ᠲᠥᠰᠥᠯ︾ ᠤᠨ ᠡᠬᠡ ᠨᠣᠣᠷᠠᠭ ᠢ ᠲᠤᠭᠤᠷᠪᠢᠬᠤ ᠶᠢᠨ ᠬᠠᠮᠲᠤ ᠤᠷᠢᠳ ᠬᠤᠵᠢᠳ | 28 ᠲᠣᠭᠤᠷᠢᠭ ᠤᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠰᠠᠨᠠᠯ ᠢ ᠬᠤᠷᠢᠶᠠᠪᠠ᠃ ᠬᠠᠷᠢᠭᠤ ᠲᠤᠰᠬᠠᠭᠰᠠᠨ ᠵᠠᠰᠠᠪᠤᠷᠢ | ᠣᠷᠣᠭᠤᠯᠬᠤ ᠰᠠᠨᠠᠯ ᠢ ᠨᠡᠶᠢᠲᠡ 2 ᠵᠤᠷᠪᠤᠰ ᠬᠤᠷᠢᠶᠠᠨ ᠣᠯᠵᠠᠢ᠂ ᠡᠭᠦᠨ ᠳᠤ 1 ᠵᠤᠷᠪᠤᠰ ᠢ ᠨᠢ ᠬᠡᠷᠡᠭᠯᠡᠵᠦ᠂ 1 | ᠵᠤᠷᠪᠤᠰ ᠢ ᠨᠢ ᠬᠡᠷᠡᠭᠯᠡᠭᠰᠡᠨ ᠦᠭᠡᠢ᠃ ᠲᠣᠭᠤᠷᠢᠭ ᠤᠨ ᠬᠥᠲᠥᠯᠪᠦᠷᠢ ᠶᠢᠨ ᠠᠯᠪᠠᠨ ᠭᠡᠷ ᠰᠠᠨᠠᠯ ᠢ ᠦᠨᠳᠦᠰᠦᠯᠡᠨ᠂ | ᠲᠣᠭᠤᠷᠢᠭ ᠤᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯ ᠤᠨ ᠤᠳᠤᠷᠢᠳᠬᠤ | ᠳᠤᠭᠤᠶᠢᠯᠠᠩ ᠳᠤ ᠳᠡᠪᠰᠢᠭᠦᠯᠦᠨ ᠶᠠᠷᠢᠯᠴᠠᠭᠰᠠᠨ ᠬᠢᠨᠠᠨ ᠵᠥᠪᠯᠡᠬᠦ ᠨᠣᠣᠷᠠᠭ ᠢ ᠵᠠᠰᠠᠵᠤ ᠪᠣᠶ ᠪᠣᠯᠭᠠᠪᠠ᠃ 12 | ᠰᠠᠷ᠎ᠠ ᠶᠢᠨ 20 ᠤ ᠦᠳᠡ ᠶᠢᠨ ᠡᠮᠦᠨ᠎ᠡ᠂ ᠲᠣᠭᠤᠷᠢᠭ ᠤᠨ ᠪᠦᠬᠦ ᠠᠷᠠᠳ ᠤᠨ ᠰᠢᠨᠵᠢᠯᠡᠬᠦ ᠤᠬᠠᠭᠠᠨ ᠤ ᠬᠡᠪ | ᠴᠢᠨᠠᠷ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠠᠴᠠ ︽ᠪᠦᠬᠦ ᠠᠷᠠᠳ ᠤᠨ ᠰᠢᠨᠵᠢᠯᠡᠬᠦ ᠤᠬᠠᠭᠠᠨ ᠤ | ᠬᠡᠪ ᠴᠢᠨᠠᠷ ᠤᠨ ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ︵2021 ︱ 2035 ᠣᠨ︶︾ ︵ | ᠬᠢᠨᠠᠨ ᠵᠥᠪᠯᠡᠬᠦ ᠨᠣᠣᠷᠠᠭ︶ ᠶᠢ ᠬᠢᠨᠠᠨ ᠵᠥᠪᠯᠡᠵᠦ ᠪᠠᠲᠤᠯᠠᠪᠠ᠃ | ᠭᠤᠷᠪᠠ᠂ ︽ᠬᠡᠷᠡᠭᠵᠢᠭᠦᠯᠬᠦ ᠲᠥᠰᠥᠯ︾ ᠤᠨ ᠭᠤᠣᠯ ᠪᠣᠷᠣ ᠲᠥᠯᠥᠪ ᠤᠨ ᠠᠭᠤᠯᠭ᠎ᠠ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ᠬᠥᠲᠥᠯᠪᠦᠷᠢ︾ ᠵᠢᠴᠢ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ | ᠠᠵᠢᠯᠯᠠᠭ᠎ᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 | ᠣᠨ︶︾ ︽ᠬᠥᠬᠡᠬᠤᠲᠠ ᠶᠢᠨ ᠪᠥᠬᠦ ᠠᠷᠠᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ ᠠᠵᠢᠯᠯᠠᠭ᠎ᠠ ᠶᠢᠨ | ᠲᠥᠯᠦᠪᠵᠢᠭᠦᠯᠭᠡ ᠶᠢᠨ ᠬᠥᠲᠥᠯᠪᠦᠷᠢ ᠶᠢᠨ ᠬᠡᠷᠡᠭᠵᠢᠭᠦᠯᠬᠦ ᠲᠥᠰᠥᠯ ︵2021 ︱ 2025 ᠣᠨ︶︾ ᠤᠨ ᠪᠣᠷᠣ | ᠲᠥᠯᠥᠪ ᠤᠨ ᠠᠭᠤᠯᠭ᠎ᠠ ᠪᠠᠷ ᠯᠠᠪᠯᠠᠯᠲᠠ ᠪᠣᠯᠭᠠᠵᠤ᠂ ᠮᠠᠨ ᠤ ᠲᠣᠭᠤᠷᠢᠭ ᠤᠨ ︽ᠬᠡᠷᠡᠭᠵᠢᠭᠦᠯᠬᠦ ᠲᠥᠰᠥᠯ︾ ᠨᠢ | ᠭᠤᠷᠪᠠᠨ ᠬᠡᠰᠡᠭ ᠢᠶᠠᠷ ᠪᠦᠷᠢᠯᠳᠦᠪᠡ᠄ | ᠨᠢᠭᠡᠳᠦᠭᠡᠷ ᠬᠡᠰᠡᠭ ᠢ ᠵᠢᠯᠤᠭᠤᠳᠬᠤ ᠦᠵᠡᠯ ᠰᠠᠨᠠᠭ᠎ᠠ ᠪᠠ ᠠᠵᠢᠯ ᠤᠨ ᠬᠠᠷᠠᠯᠲᠠ ᠭᠡᠵᠦ ᠬᠤᠪᠢᠶᠠᠨ᠎ᠠ᠃ | ᠨᠡᠶᠢᠲᠡ 2 ᠵᠤᠷᠪᠤᠰ ᠪᠠᠶᠢᠵᠤ᠂ ᠭᠤᠣᠯᠳᠠᠭᠤ ᠮᠠᠨ ᠤ ᠲᠣᠭᠤᠷᠢᠭ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ | ᠪᠠᠶᠢᠭᠤᠯᠤᠯᠲᠠ ᠶᠢᠨ ᠠᠵᠢᠯ ᠤᠨ ᠶᠡᠷᠦᠩᠬᠡᠢ ᠵᠠᠷᠴᠢᠮ᠂ ᠶᠡᠷᠦᠩᠬᠡᠢ ᠱᠠᠭᠠᠷᠳᠠᠯᠭ᠎ᠠ᠂ ᠶᠡᠷᠦᠩᠬᠡᠢ ᠠᠷᠭ᠎ᠠ ᠪᠣᠳᠣᠯᠭ᠎ᠠ ᠶᠢ | ᠲᠣᠳᠣᠷᠬᠠᠶᠢᠯᠠᠨ ᠥᠭᠦᠯᠡᠵᠡᠢ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ | ᠬᠤᠭᠤᠴᠠᠭᠠᠨ ᠳᠠᠬᠢ ᠮᠠᠨ ᠤ ᠲᠣᠭᠤᠷᠢᠭ ᠤᠨ ᠠᠷᠠᠳ ᠢᠷᠭᠡᠳ ᠤᠨ ᠰᠢᠨᠵᠢᠯᠡᠬᠦ ᠤᠬᠠᠭᠠᠨ ᠤ ᠬᠡᠪ ᠴᠢᠨᠠᠷ ᠤᠨ | ᠪᠠᠶᠢᠭᠤᠯᠤᠯᠲᠠ ᠶᠢᠨ ᠠᠵᠢᠯ ᠤᠨ ᠬᠠᠷᠠᠯᠲᠠ ᠶᠢ ᠲᠣᠳᠣᠷᠬᠠᠶᠢᠯᠠᠪᠠ᠃ | ᠬᠤᠶᠠᠳᠤᠭᠠᠷ ᠬᠡᠰᠡᠭ ᠨᠢ ᠲᠠᠪᠤᠨ ᠵᠦᠢᠯ ᠤᠨ ᠳᠡᠭᠡᠭᠰᠢᠯᠡᠭᠦᠯᠬᠦ ᠠᠵᠢᠯᠯᠠᠭ᠎ᠠ ᠪᠠ ᠲᠠᠪᠤᠨ ᠶᠡᠭᠡ ᠢᠨᠵᠧᠨᠧᠷᠢᠩ | ᠪᠣᠯᠣᠨ᠎ᠠ᠃ ᠨᠡᠶᠢᠲᠡ 10 ᠵᠤᠷᠪᠤᠰ ᠪᠠᠶᠢᠵᠤ᠂ 18 ᠵᠦᠢᠯ ᠤᠨ ᠠᠷᠭ᠎ᠠ ᠪᠣᠳᠣᠯᠭ᠎ᠠ ᠶᠢᠨ ᠠᠷᠭ᠎ᠠ ᠬᠡᠮᠵᠢᠶ᠎ᠡ ᠭᠠᠷᠭᠠᠵᠤ᠂ | ᠭᠤᠣᠯᠳᠠᠭᠤ ᠵᠠᠯᠠᠭᠤᠴᠤᠳ ᠪᠠᠭᠠᠴᠤᠳ᠂ ᠲᠠᠷᠢᠶᠠᠴᠢᠨ᠂ ᠠᠵᠤ ᠦᠢᠯᠡᠰ ᠤᠨ ᠠᠵᠢᠯᠴᠢᠨ᠂ ᠨᠠᠰᠤᠲᠠᠶᠢᠴᠤᠳ᠂ | ᠤᠳᠤᠷᠢᠳᠬᠤ ᠺᠠᠳ᠋ᠷ ᠪᠠ ᠠᠯᠪᠠᠲᠠᠨ ᠵᠡᠷᠭᠡ ᠲᠠᠪᠤᠨ ᠶᠡᠭᠡ ᠬᠥᠮᠥᠰ ᠲᠤ ᠴᠢᠭᠯᠡᠭᠦᠯᠦᠭᠰᠡᠨ ᠰᠢᠨᠵᠢᠯᠡᠬᠦ ᠤᠬᠠᠭᠠᠨ ᠤ ᠬᠡᠪ | ᠴᠢᠨᠠᠷ ᠢ ᠳᠡᠭᠡᠭᠰᠢᠯᠡᠭᠦᠯᠬᠦ ᠪᠣᠳᠠᠲᠠᠢ ᠡᠭᠦᠷᠭᠡ ᠶᠢ ᠲᠣᠳᠣᠷᠬᠠᠶᠢᠯᠠᠭᠰᠠᠨ ᠪᠠᠶᠢᠨ᠎ᠠ᠃ | ᠭᠤᠷᠪᠠᠳᠤᠭᠠᠷ ᠬᠡᠰᠡᠭ ᠨᠢ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠨᠡᠶᠢᠲᠡ 3 | ᠪᠠᠶᠢᠵᠤ᠂ ᠡᠭᠦᠨ ᠳᠤ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠬᠤ᠂ | ᠪᠠᠲᠤᠯᠠᠭ᠎ᠠ ᠶᠢᠨ ᠨᠥᠬᠦᠴᠡᠯ ᠢ ᠲᠡᠭᠦᠯᠳᠡᠷᠵᠢᠭᠦᠯᠬᠦ᠂ ᠠᠭᠤᠯᠭ᠎ᠠ ᠶᠢᠨ ᠠᠬᠢᠴᠠ ᠶᠢ ᠲᠣᠳᠣᠷᠬᠠᠶᠢᠯᠠᠵᠤ᠂ ︽ | ᠬᠡᠷᠡᠭᠵᠢᠭᠦᠯᠬᠦ ᠲᠥᠰᠥᠯ︾ ᠤᠨ ᠤᠷᠤᠭᠰᠢᠲᠠᠢ ᠬᠡᠷᠡᠭᠵᠢᠭᠦᠯᠦᠭᠳᠡᠬᠦ ᠶᠢ ᠪᠠᠲᠤᠯᠠᠨ᠎ᠠ᠃ | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |