ᠭᠤᠳᠤᠯ ᠱᠠᠬᠠᠢ ᠶᠢᠨ ᠲᠤᠬᠠᠢ ᠴᠡᠭᠡᠷ
ᠨᠡᠶᠢᠲᠡᠯᠡᠭᠰᠡᠨ ᠴᠠᠭ᠄
2023/4/10
     ᠭᠤᠳᠤᠯ ᠢ ᠬᠥᠨᠳᠡᠯᠡᠨ ᠪᠠᠷᠢᠵᠤ ᠬᠥᠮᠥᠨ ᠳᠤ ᠥᠭᠬᠦ ᠶᠢ ᠴᠡᠭᠡᠷᠯᠡᠳᠡᠭ᠃      ᠭᠤᠳᠤᠯ ᠣᠶᠢᠮᠤᠰᠤ ᠶᠢ ᠪᠠᠰᠠ ᠪᠤᠵᠠᠷ ᠭᠡᠵᠦ ᠭᠠᠯ ᠲᠤᠯᠭ᠎ᠠ ᠳᠤ ᠣᠶᠢᠷᠠᠲᠤᠭᠤᠯᠬᠤ ᠶᠢ ᠴᠡᠭᠡᠷᠯᠡᠳᠡᠭ᠃      ᠭᠤᠳᠤᠯ ᠤᠨ ᠠᠮᠠᠰᠠᠷ ᠢ ᠭᠠᠯ ᠤᠷᠤᠭᠤ ᠬᠠᠷᠠᠭᠤᠯᠬᠤ ᠶᠢ ᠴᠡᠭᠡᠷᠯᠡᠨ᠎ᠡ᠃      ᠭᠤᠳᠤᠯ ᠤᠨ ᠤᠯᠠ ᠪᠠᠨ ᠴᠢᠷᠴᠦ ᠶᠠᠪᠤᠬᠤ ᠶᠢ ᠴᠡᠭᠡᠷᠯᠡᠳᠡᠭ᠃ ᠡᠰᠡᠪᠡᠯ ᠡᠪᠡᠳᠴᠢᠨ ᠳᠤ ᠪᠠᠷᠢᠭᠳᠠᠬᠤ᠂ ᠨᠠᠰᠤᠨ ᠳᠤ ᠳᠠᠷᠤᠭᠳᠠᠬᠤ ᠭᠡᠬᠦ ᠪᠤᠶᠤ ᠬᠡᠶᠢᠮᠣᠷᠢ ᠨᠢ ᠬᠡᠪᠲᠡᠨ᠎ᠡ ᠭᠡᠵᠦ ᠦᠵᠡᠳᠡᠭ᠃      ᠭᠤᠳᠤᠯ ᠤᠨ ᠤᠯᠠ ᠶᠢ ᠤᠷᠤᠭᠰᠢ ᠬᠠᠷᠠᠭᠤᠯᠬᠤ ᠪᠤᠶᠤ ᠬᠠᠪᠰᠤᠷᠭᠠᠵᠤ ᠲᠠᠯᠪᠢᠬᠤ ᠶᠢ ᠴᠡᠭᠡᠷᠯᠡᠳᠡᠭ᠃ ᠴᠡᠭᠡᠷᠯᠡᠬᠦ ᠦᠭᠡᠢ ᠪᠣᠯ ᠴᠢᠳᠬᠦᠷ ᠪᠠᠶᠠᠷᠯᠠᠨ᠎ᠠ ᠭᠡᠳᠡᠭ᠃      ᠭᠤᠳᠤᠯ ᠤᠨ ᠤᠯᠠ ᠶᠢ ᠪᠤᠷᠬᠠᠨ ᠰᠢᠲᠦᠭᠡᠨ ᠤ ᠥᠭᠡᠳᠡ ᠬᠠᠨᠳᠤᠭᠤᠯᠬᠤ ᠶᠢ ᠴᠡᠭᠡᠷᠯᠡᠳᠡᠭ᠃ ᠭᠤᠳᠤᠯ ᠤᠨ ᠲᠦᠷᠡᠢ ᠡᠷᠭᠢᠭᠦᠯᠬᠦ ᠶᠢ ᠴᠡᠭᠡᠷᠯᠡᠨ᠎ᠡ᠃ ᠶᠠᠯ᠎ᠠ ᠳᠤ ᠤᠨᠠᠭᠠᠳ ᠬᠤᠩᠬᠤᠷ ᠲᠤ ᠣᠷᠣᠭᠰᠠᠨ ᠬᠥᠮᠥᠨ ᠤ ᠭᠤᠳᠤᠯ ᠤᠨ ᠲᠦᠷᠡᠢ ᠶᠢ ᠰᠠᠶ᠋ᠢ ᠡᠷᠭᠢᠭᠦᠯᠳᠡᠭ ᠶᠣᠰᠣ ᠪᠤᠢ᠃      ᠭᠤᠳᠤᠯ ᠪᠡᠯᠭᠡᠯᠡᠬᠦ ᠳᠡᠭᠡᠨ ᠬᠠᠮᠠᠷ ᠢ ᠨᠢ ᠪᠡᠯᠭᠡᠯᠡᠬᠦ ᠬᠥᠮᠥᠨ ᠥᠭᠡᠳᠡ ᠬᠠᠷᠠᠭᠤᠯᠵᠤ ᠥᠭᠬᠦ ᠶᠢ ᠴᠡᠭᠡᠷᠯᠡᠳᠡᠭ᠃ ᠡᠰᠡᠪᠡᠯ ᠭᠡᠳᠡᠷᠬᠦ ᠪᠠᠨ ᠪᠤᠴᠠ ᠭᠡᠰᠡᠨ ᠰᠠᠨᠠᠭ᠎ᠠ ᠲᠠᠢ ᠭᠡᠳᠡᠭ᠃      ᠭᠤᠳᠤᠯ ᠱᠠᠬᠠᠢ ᠶᠢ ᠤᠯᠠ ᠪᠠᠷ ᠨᠢ ᠳᠡᠭᠦᠵᠢᠯᠡᠨ ᠡᠯᠭᠦᠬᠦ ᠶᠢ ᠴᠡᠭᠡᠷᠯᠡᠨ᠎ᠡ᠃      ᠭᠤᠳᠤᠯ ᠱᠠᠬᠠᠢ ᠪᠠᠨ ᠬᠥᠮᠥᠷᠢᠵᠦ ᠲᠠᠯᠪᠢᠬᠤ ᠶᠢ ᠴᠡᠭᠡᠷᠯᠡᠨ᠎ᠡ᠃ ᠦᠬᠦᠭᠰᠡᠨ ᠬᠥᠮᠥᠨ ᠤ ᠱᠠᠬᠠᠢ ᠶᠢ ᠰᠠᠶ᠋ᠢ ᠬᠥᠮᠥᠷᠢᠵᠦ ᠲᠠᠯᠪᠢᠨ᠎ᠠ᠃      ᠭᠤᠳᠤᠯ ᠱᠠᠬᠠᠢ ᠪᠠᠨ ᠭᠡᠷ ᠲᠤ ᠣᠷᠣᠮᠠᠭᠴᠠ ᠲᠠᠶᠢᠯᠬᠤ ᠶᠢ ᠴᠡᠭᠡᠷᠯᠡᠳᠡᠭ᠃ ᠡᠰᠡᠪᠡᠯ ᠭᠡᠷ ᠤᠨ ᠪᠤᠷᠬᠠᠨ ᠬᠢᠯᠢᠩᠨᠡᠨ᠎ᠡ ᠭᠡᠳᠡᠭ᠃      ᠭᠤᠳᠤᠯ ᠱᠠᠬᠠᠢ ᠶᠢᠨ ᠤᠯᠠ ᠶᠢ ᠳᠡᠭᠡᠭᠰᠢ ᠬᠠᠨᠳᠤᠭᠤᠯᠬᠤ ᠶᠢ ᠴᠡᠭᠡᠷᠯᠡᠳᠡᠭ᠃ ᠡᠨᠡ ᠨᠢ ᠶᠡᠬᠡᠴᠦᠳ ᠲᠤ ᠬᠠᠷᠰᠢ ᠪᠤᠯᠬᠤ ᠭᠡᠬᠦ ᠪᠤᠶᠤ ᠶᠠᠪᠤᠳᠠᠯ ᠤᠴᠢᠷ ᠨᠢ ᠠᠷᠪᠢᠳᠤᠭᠠᠳ ᠲᠠᠪᠠᠭ ᠨᠢ ᠡᠷᠭᠢᠲᠡᠯ᠎ᠡ ᠭᠦᠶᠦᠨ᠎ᠡ ᠭᠡᠳᠡᠭ᠃  
 
ᠢᠷᠡᠯᠲᠡ᠄ ᠬᠤᠯᠪᠣᠭ᠎ᠠ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号