︽ᠬᠤᠲᠣᠩ ᠠᠷᠠᠳ ᠤᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠭᠡᠯ ᠲᠥᠰᠥᠯ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/6
      ᠨᠢᠭᠡ᠂ ᠠᠬᠤᠢ ᠪᠠᠶᠢᠳᠠᠯ ᠤᠨ ᠦᠨᠳᠦᠰᠦᠯᠡᠯ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ  ᠪᠠᠷ ᠵᠢᠯᠣᠭᠤᠳᠤᠯᠭ᠎ᠠ ᠪᠣᠯᠭᠠᠵᠤ᠂ ᠤᠯᠤᠰ ᠤᠨ ᠠᠮᠤᠷ ᠲᠦᠪᠰᠢᠨ ᠤ ᠶᠡᠷᠦᠩᠬᠡᠢ ᠦᠵᠡᠯᠲᠡ ᠶᠢ ᠪᠠᠷᠢᠮᠲᠠᠯᠠᠵᠤ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠡᠯ᠎ᠡ ᠲᠥᠷᠥᠯ ᠤᠨ ᠠᠶᠤᠯ ᠲᠦᠭᠰᠢᠭᠦᠷᠢ ᠶᠢ ᠡᠷᠡᠰ ᠰᠡᠷᠭᠡᠶᠢᠯᠡᠨ ᠡᠵᠡᠮᠳᠡᠵᠦ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠢ ᠪᠦᠲᠦᠮᠵᠢᠲᠡᠶ ᠡᠮᠬᠢ ᠳᠢᠭᠯᠢᠮ ᠲᠠᠢ ᠠᠷᠭᠠᠴᠠᠵᠤ᠂ ᠡᠯ᠎ᠡ ᠲᠥᠷᠥᠯ ᠤᠨ ᠭᠡᠨᠡᠳᠲᠡ ᠶᠢᠨ ᠬᠡᠷᠡᠭ ᠵᠢᠴᠢ ᠬᠥᠮᠥᠨ ᠤ ᠦᠬᠦᠯ ᠰᠢᠷᠬᠠᠲᠤᠯ ᠪᠠ ᠡᠳ᠋ ᠬᠥᠷᠥᠩᠭᠡ ᠶᠢᠨ ᠬᠤᠬᠢᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠡᠷᠭᠡᠶᠢᠯᠡᠨ ᠪᠠᠭᠠᠰᠬᠠᠵᠤ᠂ ᠣᠯᠠᠨ ᠨᠡᠶᠢᠲᠡ ᠶᠢᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠨᠡᠶᠢᠭᠡᠮ ᠤᠨ ᠠᠮᠤᠷ ᠲᠣᠭᠲᠠᠭᠤᠨ ᠢ ᠪᠠᠲᠤᠯᠠᠵᠤ᠂ ᠪᠦᠬᠦ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠪᠣᠯᠣᠨ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠣᠳᠣᠬᠢᠴᠢᠯᠠᠯᠲᠠ ᠶᠢᠨ ︽ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠦᠬᠦ ᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠨᠠᠶᠢᠷᠠᠭᠤᠯᠤᠨ ᠵᠠᠰᠠᠬᠤ ᠪᠠ ᠰᠣᠷᠢᠯᠲᠠ ᠬᠢᠬᠦ ᠠᠵᠢᠯ ᠢ ᠴᠢᠩᠭᠠᠳᠬᠠᠬᠤ ᠲᠤᠬᠠᠢ ᠮᠡᠳᠡᠭᠳᠡᠯ︾ ᠤᠨ ᠱᠠᠭᠠᠷᠳᠠᠯᠭ᠎ᠠ ᠶᠢ ᠦᠨᠳᠦᠰᠦᠯᠡᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠨᠡᠳᠲᠡ ᠶᠢᠨ ᠬᠡᠷᠡᠭ ᠢ ᠠᠷᠭᠠᠴᠠᠬᠤ ᠬᠠᠤᠯᠢ︾ ︽ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠤᠨ ᠬᠠᠮᠢᠶᠠᠷᠤᠯᠲᠠ ᠶᠢᠨ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ︾ ︽ᠬᠥᠬᠡᠬᠤᠲᠠ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠬᠡᠯ ᠲᠥᠰᠥᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ᠂ ᠪᠣᠳᠠᠲᠠᠢ ᠲᠠᠢ ᠪᠠᠨ ᠤᠶᠠᠯᠳᠤᠭᠤᠯᠵᠤ᠂ ︽ᠬᠤᠲᠣᠩ ᠠᠷᠠᠳ ᠤᠨ ᠲᠣᠭᠤᠷᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠡᠷᠦᠩᠬᠡᠢ ᠪᠡᠯᠡᠳᠭᠡᠯ ᠲᠥᠰᠥᠯ︾ ᠢ ᠲᠣᠭᠲᠠᠭᠠᠪᠠ᠃      ᠬᠤᠶᠠᠷ᠂ ᠪᠡᠯᠡᠳᠬᠡᠯ ᠲᠥᠰᠥᠯ ᠤᠨ ᠲᠠᠶᠢᠯᠤᠮᠵᠢ᠃ ᠲᠤᠰ ᠪᠡᠯᠡᠳᠬᠡᠯ ᠲᠥᠰᠥᠯ ᠨᠢ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠶᠢᠨ ᠭᠡᠨᠡᠳᠲᠡ ᠶᠢᠨ ᠬᠡᠷᠡᠭ ᠤᠨ ᠬᠠᠮᠢᠶ᠎ᠠ ᠪᠦᠬᠦᠢ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠲᠠᠯ᠎ᠠ ᠶᠢᠨ ᠠᠵᠢᠯ ᠢ ᠳᠥᠭᠦᠮᠴᠢᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠪᠠᠶᠢᠭᠤᠯᠤᠮᠵᠢ ᠨᠢ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠶᠢᠨ ᠳᠣᠣᠷ᠎ᠠ ᠭᠡᠨᠡᠳᠲᠡ ᠶᠢᠨ ᠬᠡᠷᠡᠭ ᠢ ᠠᠷᠭᠠᠴᠠᠭᠠᠬᠤ ᠬᠠᠮᠢᠶ᠎ᠠ ᠪᠦᠬᠦᠢ ᠮᠡᠳᠡᠭᠡ ᠵᠠᠩᠭᠢ ᠶᠢᠨ ᠠᠭᠤᠯᠭ᠎ᠠ ᠶᠢ ᠬᠠᠷᠢᠭᠤᠴᠠᠨ ᠬᠠᠩᠭᠠᠵᠤ᠂ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠤᠭᠤᠳᠬᠤ ᠠᠵᠢᠯ ᠤᠨ ᠲᠣᠬᠢᠷᠠᠭᠤᠯᠤᠯᠲᠠ ᠶᠢ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ᠎ᠠ᠃ ᠡᠭᠦᠨ ᠤ ᠬᠠᠮᠲᠤ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠳᠤ ᠣᠷᠣᠯᠴᠠᠭᠰᠠᠨ ᠡᠯ᠎ᠡ ᠨᠢᠭᠡᠴᠢ ᠪᠣᠯᠣᠨ ᠬᠤᠪᠢ ᠬᠥᠮᠥᠨ ᠬᠡᠷᠡᠭ ᠤᠨ ᠬᠠᠮᠢᠶ᠎ᠠ ᠪᠦᠬᠦᠢ ᠮᠡᠳᠡᠭᠡ ᠵᠠᠩᠭᠢ ᠶᠢ ᠳᠤᠷ᠎ᠠ ᠪᠠᠷ ᠢᠶᠠᠨ ᠭᠠᠳᠠᠭᠰᠢ ᠨᠡᠶᠢᠲᠡᠯᠡᠵᠦ ᠪᠣᠯᠬᠤ ᠦᠭᠡᠢ ᠭᠡᠵᠦ ᠴᠢᠬᠤᠯᠠᠴᠢᠯᠠᠭᠠᠳ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠡᠯ᠎ᠡ ᠲᠠᠯ᠎ᠠ ᠶᠢᠨ ᠮᠡᠳᠡᠭᠡ ᠵᠠᠩᠭᠢ ᠶᠢᠨ ᠪᠠᠷᠢᠮᠵᠢᠶ᠎ᠠ ᠶᠢ ᠨᠢᠭᠡᠳᠬᠡᠵᠦ᠂ ᠴᠢᠬᠤᠯᠠ ᠪᠤᠰᠤ ᠭᠠᠴᠢᠭᠳᠠᠯ ᠡᠭᠦᠰᠬᠡᠬᠦ ᠠᠴᠠ ᠵᠠᠶᠢᠯᠠᠰᠬᠢᠬᠦ ᠬᠡᠷᠡᠭᠲᠡᠢ ᠭᠡᠵᠡᠢ᠃ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠵᠢᠯᠤᠭᠤᠳᠬᠤ ᠪᠠᠶᠢᠭᠤᠯᠤᠮᠵᠢ ᠵᠢᠴᠢ ᠲᠡᠭᠦᠨ ᠤ ᠲᠤᠬᠠᠢ ᠶᠢᠨ ᠲᠠᠯᠠᠪᠤᠷ ᠤᠨ ᠵᠢᠯᠤᠭᠤᠳᠬᠤ ᠭᠠᠵᠠᠷ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠵᠢᠯᠤᠭᠤᠳᠬᠤ ᠲᠠᠪᠴᠠᠩ ᠵᠡᠷᠭᠡ ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ ᠨᠢᠭᠡ ᠴᠣᠭᠴᠠᠵᠢᠭᠤᠯᠤᠨ ᠵᠢᠯᠤᠭᠤᠳᠴᠤ ᠬᠠᠮᠵᠢᠯᠴᠠᠬᠤ ᠠᠵᠢᠯ ᠢ ᠥᠷᠨᠢᠭᠦᠯᠵᠦ᠂ ᠳᠡᠭᠡᠭᠰᠢ ᠪᠠᠨ ᠬᠤᠲᠠ᠂ ᠳᠣᠷᠣᠭᠰᠢ ᠪᠠᠨ ᠪᠠᠯᠭᠠᠰᠤᠨ ᠤ ᠠᠯᠪᠠᠨ ᠭᠡᠷ ᠲᠤ ᠬᠦᠷᠲᠡᠯ᠎ᠡ ᠵᠣᠯᠭᠠᠭᠤᠯᠬᠤ ᠶᠢ ᠪᠡᠶᠡᠯᠡᠭᠦᠯᠬᠦ ᠶᠢ ᠴᠢᠬᠤᠯᠠᠴᠢᠯᠠᠪᠠ᠃      ᠭᠤᠷᠪᠠ᠂ ᠨᠡᠷ᠎ᠡ ᠦᠭᠡ ᠶᠢᠨ ᠲᠠᠶᠢᠯᠪᠤᠷᠢᠯᠠᠯᠲᠠ᠄      ᠲᠤᠰᠬᠠᠢ ᠵᠦᠢᠯ ᠤᠨ ᠪᠡᠯᠡᠳᠬᠡᠯ ᠲᠥᠰᠥᠯ᠄ ᠲᠣᠭᠤᠷᠢᠭ ᠤᠨ ᠵᠠᠰᠠᠭ ᠤᠨ ᠣᠷᠳᠣᠨ ᠤ ᠪᠠᠶᠢᠭᠤᠯᠤᠭᠰᠠᠨ ᠡᠯ᠎ᠡ ᠲᠤᠰᠬᠠᠢ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠶᠢᠨ ᠵᠢᠯᠤᠭᠤᠳᠬᠤ ᠪᠠᠶᠢᠭᠤᠯᠤᠮᠵᠢ ︵ᠲᠦᠷᠦᠭᠦᠯᠡᠬᠦ ᠰᠠᠯᠠᠭ᠎ᠠ ᠮᠥᠴᠢᠷ︶ ᠨᠢ ᠲᠣᠰ ᠲᠤᠰᠬᠠᠢ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠵᠢᠴᠢ ᠨᠠᠷᠢᠨ ᠬᠤᠪᠢᠶᠠᠭᠰᠠᠨ ᠳᠣᠣᠷᠠᠳᠤ ᠱᠠᠲᠤᠨ ᠤ ᠲᠤᠰᠬᠠᠢ ᠵᠦᠢᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃      ᠰᠠᠯᠠᠭ᠎ᠠ ᠮᠥᠴᠢᠷ ᠤᠨ ᠪᠡᠯᠡᠳᠬᠡᠯ ᠲᠥᠰᠥᠯ᠄ ᠲᠣᠭᠤᠷᠢᠭ ᠤᠨ ᠵᠠᠰᠠᠭ ᠤᠨ ᠣᠷᠳᠣᠨ ᠤ ᠪᠦᠷᠢᠯᠳᠦᠭᠦᠨ ᠨᠢᠭᠡᠴᠢ ᠶᠢᠨ ᠳᠣᠲᠣᠷᠠᠬᠢ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠨᠢᠭᠡᠴᠢ ᠨᠢ ᠲᠣᠰ ᠰᠠᠯᠠᠭ᠎ᠠ ᠮᠥᠴᠢᠷ ᠤᠨ ᠢᠶᠠᠨ ᠲᠣᠰ ᠪᠡᠯᠡᠳᠬᠡᠯ ᠲᠥᠰᠥᠯ ᠵᠢᠴᠢ ᠡᠯ᠎ᠡ ᠲᠥᠷᠥᠯ ᠤᠨ ᠲᠤᠰᠬᠠᠢ ᠵᠦᠢᠯ ᠤᠨ ᠪᠡᠯᠡᠳᠬᠡᠯ ᠲᠥᠰᠥᠯ ᠳᠤ ᠲᠣᠭᠲᠠᠭᠠᠭᠰᠠᠨ ᠠᠭᠤᠯᠭ᠎ᠠ ᠶᠢᠨ ᠰᠠᠯᠠᠭ᠎ᠠ ᠮᠥᠴᠢᠷ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠬᠤ ᠶᠢ ᠬᠠᠷᠢᠭᠤᠴᠠᠨ᠎ᠠ᠃      ᠪᠠᠴᠢᠮ ᠪᠠᠶᠢᠳᠠᠯ ᠢ ᠠᠷᠭᠠᠴᠠᠭᠠᠬᠤ ᠠᠵᠢᠯ ᠤᠨ ᠭᠠᠷ ᠳᠡᠪᠲᠡᠷ᠄ ᠪᠡᠯᠡᠳᠬᠡᠯ ᠲᠥᠰᠥᠯ ᠳᠤ ᠬᠤᠯᠪᠣᠭᠳᠠᠬᠤ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠬᠤᠯᠪᠣᠭᠳᠠᠯ ᠪᠦᠬᠦᠢ ᠨᠢᠭᠡᠴᠢ ᠨᠦᠭᠦᠳ ᠬᠠᠷᠠᠭᠠᠯᠵᠠᠭᠰᠠᠨ ᠠᠵᠢᠯ ᠤᠨ ᠭᠠᠷ ᠳᠡᠪᠲᠡᠷ ᠢ ᠨᠠᠶᠢᠷᠠᠭᠤᠯᠤᠨ ᠵᠣᠬᠢᠶᠠᠵᠤ᠂ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠲᠣᠳᠣᠷᠬᠠᠶᠢᠯᠠᠬᠤ ᠶᠢᠨ ᠬᠠᠮᠲᠤ᠂ ᠪᠣᠳᠠᠲᠠᠢ ᠬᠠᠷᠢᠭᠤᠴᠠᠯᠭᠠᠲᠤ ᠨᠢᠭᠡᠴᠢ ᠪᠠ ᠬᠠᠷᠢᠭᠤᠴᠠᠯᠭᠠᠲᠠᠨ ᠳᠤ ᠨᠠᠶᠢᠳᠠᠪᠤᠷᠢᠵᠢᠭᠤᠯᠬᠤ ᠬᠡᠷᠡᠭᠲᠡᠢ᠃      ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠲᠥᠰᠥᠯ᠄ ᠲᠤᠰᠬᠠᠢ ᠮᠡᠷᠭᠡᠵᠢᠯ ᠤᠨ ᠪᠠᠴᠢᠮ ᠪᠠᠶᠢᠳᠠᠯ ᠢ ᠠᠷᠭᠠᠴᠠᠭᠠᠬᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠦᠷᠦᠭᠦᠯᠡᠨ ᠪᠠᠴᠢᠮ ᠪᠠᠶᠢᠳᠠᠯ ᠢ ᠠᠷᠭᠠᠴᠠᠭᠠᠬᠤ ᠠᠵᠢᠯᠯᠠᠭ᠎ᠠ ᠶᠢᠨ ᠲᠥᠰᠥᠯ ᠢ ᠨᠠᠶᠢᠷᠠᠭᠤᠯᠤᠨ ᠵᠣᠬᠢᠶᠠᠵᠤ᠂ ᠪᠠᠴᠢᠮ ᠪᠠᠶᠢᠳᠠᠯ ᠢ ᠠᠷᠭᠠᠴᠠᠭᠠᠬᠤ ᠲᠥᠰᠥᠯ ᠢ ᠦᠨᠳᠦᠰᠦᠯᠡᠯ  ᠂ ᠠᠵᠢᠯ ᠤᠨ ᠭᠠᠷ ᠳᠡᠪᠲᠡᠷ ᠪᠤᠶᠤ ᠵᠢᠯᠤᠭᠤᠳᠬᠤ ᠪᠠᠶᠢᠭᠤᠯᠤᠮᠵᠢ ᠶᠢᠨ ᠱᠠᠭᠠᠷᠳᠠᠯᠭ᠎ᠠ ᠶᠣᠰᠣᠭᠠᠷ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠳᠤ ᠣᠷᠣᠯᠴᠠᠭᠰᠠᠨ ᠠᠪᠤᠷᠠᠨ ᠲᠤᠰᠠᠯᠠᠬᠤ ᠡᠩᠨᠡᠭᠡ᠂ ᠲᠤᠰᠬᠠᠢ ᠮᠡᠷᠭᠡᠵᠢᠯᠲᠡᠨ ᠤ ᠡᠩᠨᠡᠭᠡᠨ ᠤ ᠠᠵᠢᠯ ᠤᠨ ᠲᠣᠬᠢᠷᠠᠭᠤᠯᠤᠯᠲᠠ ᠶᠢ ᠲᠣᠳᠣᠷᠬᠠᠶᠢᠯᠠᠵᠤ᠂ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯᠯᠠᠭ᠎ᠠ ᠶᠢᠨ ᠲᠥᠰᠥᠯ ᠳᠤ ᠡᠩᠨᠡᠭᠡᠨ ᠤ ᠪᠦᠷᠢᠯᠳᠦᠯ᠂ ᠬᠦᠴᠦᠨ ᠤ ᠪᠡᠯᠡᠳᠬᠡᠯ᠂ ᠵᠢᠯᠣᠭᠤᠳᠤᠯᠭ᠎ᠠ ᠶᠢᠨ ᠬᠠᠮᠵᠢᠯᠴᠠᠭ᠎ᠠ᠂ ᠠᠵᠢᠯᠯᠠᠭ᠎ᠠ ᠶᠢᠨ ᠲᠥᠰᠥᠪᠯᠡᠯ᠂ ᠪᠠᠶᠢᠯᠳᠤᠭᠠᠨ ᠤ ᠦᠢᠯᠡᠴᠢᠯᠡᠭᠡᠨ ᠤ ᠪᠠᠲᠤᠯᠠᠭ᠎ᠠ᠂ ᠬᠤᠯᠪᠣᠭ᠎ᠠ ᠬᠠᠷᠢᠯᠴᠠᠭ᠎ᠠ ᠵᠡᠷᠭᠡ ᠪᠣᠳᠠᠲᠠᠢ ᠠᠭᠤᠯᠭ᠎ᠠ ᠵᠢᠴᠢ ᠪᠣᠳᠠᠲᠠᠢ ᠠᠷᠭᠠᠴᠠᠭᠠᠬᠤ ᠠᠷᠭ᠎ᠠ ᠬᠡᠮᠵᠢᠶ᠎ᠡ ᠪᠠ ᠬᠡᠷᠡᠭᠵᠢᠭᠦᠯᠬᠦ ᠠᠯᠬᠤᠮ ᠲᠠᠷᠠᠭ᠎ᠠ ᠶᠢ ᠲᠣᠳᠣᠷᠬᠠᠶᠢᠯᠠᠬᠤ ᠬᠡᠷᠡᠭᠲᠡᠢ᠃      ᠴᠢᠬᠤᠯᠠ ᠶᠡᠭᠡ ᠠᠵᠢᠯᠯᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ᠄ ᠲᠣᠰ ᠲᠣᠭᠤᠷᠢᠭ ᠤᠨ ᠡᠷᠭᠢᠯᠡᠭᠰᠡᠨ ᠪᠤᠶᠤ ᠲᠣᠰ ᠲᠣᠭᠤᠷᠢᠭ ᠲᠠᠢ ᠬᠤᠯᠪᠣᠭᠳᠠᠭᠰᠠᠨ ᠴᠢᠬᠤᠯᠠ ᠶᠡᠭᠡ ᠠᠵᠢᠯᠯᠠᠭ᠎ᠠ ᠲᠣᠬᠢᠶᠠᠯᠳᠤᠪᠠᠯ᠂ ᠭᠤᠣᠯᠯᠠᠨ ᠡᠷᠭᠢᠯᠡᠭᠰᠡᠨ ᠨᠢᠭᠡᠴᠢ ᠨᠢ ᠠᠵᠢᠯᠯᠠᠭ᠎ᠠ ᠶᠢᠨ ᠲᠥᠯᠥᠪᠯᠡᠭᠡ ᠶᠢ ᠦᠨᠳᠦᠰᠦᠯᠡᠨ ᠴᠢᠭᠯᠡᠭᠦᠯᠬᠦ ᠴᠢᠨᠠᠷᠲᠠᠢ᠂ ᠬᠡᠷᠡᠭᠯᠡᠭᠡᠨ ᠤ ᠴᠢᠨᠠᠷᠲᠠᠢ᠂ ᠬᠡᠷᠡᠭᠵᠢᠭᠦᠯᠵᠦ ᠪᠣᠯᠬᠤᠶᠢᠴᠠ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠥᠯ ᠲᠣᠭᠲᠠᠭᠠᠬᠤ ᠶᠢ ᠬᠠᠷᠢᠭᠤᠴᠠᠨ᠎ᠠ᠃      ᠢᠷᠡᠯᠲᠡ᠄  ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号