ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠬᠤᠶᠠᠳᠤᠭᠠᠷ ᠪᠦᠯᠦᠭ ᠲᠣᠭᠤᠷᠢᠭ ᠤᠨ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠤᠯ ᠴᠣᠭᠴᠠ ᠶᠢ ᠨᠡᠶᠢᠲᠡᠯᠡᠬᠦ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/4/7
     ᠶᠦᠮ ᠤᠨ ᠪᠠᠶᠢᠰᠢᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠠᠯᠠᠱᠠ ᠬᠤᠶᠢᠲᠤ ᠵᠠᠮ ᠤᠨ ᠣᠷᠣᠨ ᠪᠦᠰᠡ ᠶᠢᠨ ᠦᠢᠯᠡᠴᠢᠯᠡᠭᠡᠨ ᠤ ᠲᠥᠪ᠂ ᠲᠣᠭᠤᠷᠢᠭ ᠤᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ ᠳᠤ᠄      ᠬᠥᠬᠡᠬᠤᠲᠠ ᠶᠢᠨ ᠨᠠᠮ ᠤᠨ ᠬᠤᠷᠢᠶ᠎ᠠ ᠶᠢᠨ ᠪᠦᠬᠦ ᠲᠠᠯ᠎ᠠ ᠪᠠᠷ ᠬᠠᠤᠯᠢ ᠶᠣᠰᠣᠭᠠᠷ ᠬᠤᠲᠠ ᠪᠠᠨ ᠵᠠᠰᠠᠬᠤ ᠵᠥᠪᠯᠡᠯ ᠤᠨ ᠠᠯᠪᠠᠨ ᠭᠡᠷ ᠤᠨ ︽ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ  ᠶᠢ ᠢᠯᠭᠠᠷᠠᠭᠤᠯᠤᠨ ᠨᠤᠲᠠᠯᠠᠬᠤ ᠪᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠵᠢᠯᠲᠠᠨ ᠤ ᠬᠢᠷᠢ ᠬᠡᠮ ᠢ ᠭᠡᠷᠡᠴᠢᠯᠡᠬᠦ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠤᠨ ᠱᠠᠭᠠᠷᠳᠠᠯᠭ᠎ᠠ  ᠶᠢ ᠦᠨᠳᠦᠰᠦᠯᠡᠨ᠂ ᠮᠠᠨ ᠤ ᠲᠣᠭᠤᠷᠢᠭ ᠤᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠭᠤᠣᠯ ᠴᠣᠭᠴᠠ ᠶᠢᠨ ᠬᠢᠷᠢ ᠬᠡᠮ ᠢ ᠢᠯᠭᠠᠷᠠᠭᠤᠯᠬᠤ ᠪᠠ ᠨᠤᠲᠠᠯᠠᠬᠤ ᠠᠵᠢᠯ ᠢ ᠥᠷᠨᠢᠭᠦᠯᠵᠦ᠂ ᠬᠠᠤᠯᠢ ᠶᠣᠰᠣᠭᠠᠷ ᠬᠢᠨᠠᠨ ᠬᠠᠷᠭᠤᠭᠤᠯᠬᠤ ᠶᠢᠨ ᠬᠠᠮᠲᠤ ᠲᠣᠭᠤᠷᠢᠭ ᠤᠨ ᠵᠠᠰᠠᠭ ᠤᠨ ᠣᠷᠳᠣᠨ ᠤ 2023 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠣᠳᠣ ᠬᠤᠶᠠᠳᠤᠭᠠᠷ ᠪᠦᠯᠦᠭ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠤᠨ ᠲᠣᠭᠲᠠᠭᠠᠯ ᠢ ᠦᠨᠳᠦᠰᠦᠯᠡᠨ ᠬᠠᠤᠯᠢ ᠬᠡᠷᠡᠭᠵᠢᠭᠦᠯᠬᠦ ᠡᠷᠬᠡ ᠶᠢ ᠬᠡᠷᠡᠭᠵᠢᠭᠦᠯᠬᠦ ᠵᠠᠰᠠᠭ ᠵᠠᠬᠢᠷᠭᠠᠨ ᠤ ᠪᠠᠶᠢᠭᠤᠯᠭ᠎ᠠ ᠶᠢ ᠳᠣᠣᠷᠠᠬᠢ ᠮᠡᠲᠦ ᠨᠡᠶᠢᠲᠡᠯᠡᠪᠡ ︵ᠨᠡᠶᠢᠲᠡ 1 ᠪᠣᠶ︶᠄      ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠱᠠᠰᠢᠨ ᠰᠤᠷᠲᠠᠬᠤᠨ ᠤ ᠬᠡᠷᠡᠭ ᠡᠷᠬᠢᠯᠡᠬᠦ ᠲᠣᠪᠴᠢᠶ᠎ᠠ ︵ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠬᠤᠷᠢᠶᠠᠨ ᠤ ᠨᠢᠭᠡᠲᠦᠮᠡᠯ ᠹᠷᠣᠨᠲ ᠤᠨ ᠠᠵᠢᠯ ᠤᠨ ᠬᠡᠯᠲᠡᠰ ᠲᠤ ᠫᠠᠶᠢᠰᠠ ᠡᠯᠭᠦᠪᠡ︶᠃                          ᠬᠤᠲᠣᠩ ᠠᠷᠠᠳ ᠤᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ                                       2023 ᠣᠨ ᠤ 4 ᠰᠠᠷ᠎ᠠ ᠶᠢᠨ 6 ᠤ ᠡᠳᠦᠷ      ᠢᠷᠡᠯᠲᠡ᠄  ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠠᠯᠪᠠᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号