ᠨᠢᠭᠡ᠂ ᠲᠣᠭᠲᠠᠭᠠᠭᠰᠠᠨ ᠦᠨᠳᠦᠰᠦᠯᠡᠯ | ︽ᠬᠥᠬᠡᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ︿ᠬᠠᠶᠠᠭᠳᠠᠮᠠᠯ | ᠪᠣᠳᠠᠰ ᠦᠭᠡᠢ ᠬᠤᠲᠠ﹀ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ | ᠵᠠᠰᠠᠭ ᠠᠯᠪᠠᠨ ᠲᠠᠷᠬᠠᠭᠠᠭᠰᠠᠨ ﹇2023﹈ 4 ᠳ᠋ᠤᠭᠡᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠠᠨ ᠤ ᠲᠣᠭᠤᠷᠢᠭ ᠤᠨ ᠲᠦᠷᠦᠭᠦᠯᠡᠨ ᠭᠦᠢᠴᠡᠳᠬᠡᠬᠦ ᠡᠭᠦᠷᠭᠡ᠂ | ᠬᠠᠷᠢᠭᠤᠴᠠᠯᠭᠠᠲᠤ ᠨᠢᠭᠡᠴᠢ ᠶᠢᠨ ᠡᠭᠦᠷᠭᠡ ᠵᠢᠴᠢ ᠬᠠᠮᠢᠶ᠎ᠠ ᠪᠦᠬᠦᠢ ᠭᠦᠢᠴᠡᠳᠬᠡᠯ ᠲᠤᠭ᠎ᠠ ᠳᠤ ᠴᠢᠭᠯᠡᠭᠦᠯᠦᠨ᠂ | ᠣᠨᠴᠣᠭᠤᠶᠢᠯᠠᠨ ᠲᠣᠰ ᠲᠤᠰᠬᠠᠢ ᠠᠵᠢᠯ ᠤᠨ ᠲᠥᠰᠥᠯ ᠢ ᠲᠣᠭᠲᠠᠭᠠᠪᠠ᠃ | ᠬᠤᠶᠠᠷ᠂ ᠲᠣᠭᠲᠠᠭᠠᠭᠰᠠᠨ ᠶᠠᠪᠤᠴᠠ | ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ ᠵᠢᠨᠬᠤᠲᠣᠩ ᠠᠷᠠᠳ ᠤᠨ | ᠲᠣᠭᠤᠷᠢᠭ ᠤᠨᠬᠤᠪᠢᠶᠠᠷᠢ ᠲᠣᠪᠴᠢᠶ᠎ᠠ ᠠᠴᠠ ᠲᠦᠷᠦᠭᠦᠯᠡᠨ ᠲᠤᠭᠤᠷᠪᠢᠵᠤ᠂ ︽ᠬᠥᠬᠡᠬᠤᠲᠠ ᠶᠢᠨ ︿ᠠᠷᠪᠠᠨ | ᠳᠥᠷᠪᠡᠳᠦᠭᠡᠷ ᠲᠠᠪᠤᠨ ᠵᠢᠯ﹀ ᠤᠨ ᠬᠤᠭᠤᠴᠠᠭᠠᠨ ᠳᠠᠬᠢ ︿ᠬᠠᠶᠠᠭᠳᠠᠮᠠᠯ ᠪᠣᠳᠠᠰ ᠦᠭᠡᠢ ᠬᠤᠲᠠ﹀ ᠶᠢᠨ ᠪᠦᠲᠦᠭᠡᠨ | ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ | 4 ᠳ᠋ᠤᠭᠡᠷ ᠲᠣᠭᠠᠲᠤ︶ ᠤᠨ ᠡᠭᠦᠷᠭᠡ ᠶᠢᠨ ᠭᠦᠢᠴᠡᠳᠬᠡᠯ ᠲᠤᠭ᠎ᠠ ᠲᠠᠢ ᠵᠣᠯᠭᠠᠭᠤᠯᠵᠤ᠂ ᠬᠤᠲᠣᠩ ᠠᠷᠠᠳ ᠤᠨ | ᠲᠣᠭᠤᠷᠢᠭ ᠳᠦ ᠬᠤᠯᠪᠣᠭᠳᠠᠭᠰᠠᠨ ᠡᠭᠦᠷᠭᠡ ᠶᠢᠨ ᠭᠦᠢᠴᠡᠳᠬᠡᠯ ᠲᠤᠭ᠎ᠠ ᠳᠤ ᠵᠠᠳᠠᠯᠤᠯᠲᠠ ᠬᠢᠬᠦ ᠪᠠᠷ | ᠳᠠᠮᠵᠢᠭᠤᠯᠤᠨ ᠠᠩᠬᠠᠨ ᠤ ᠡᠬᠡ ᠪᠢᠴᠢᠭ ᠢ ᠪᠦᠷᠢᠯᠳᠦᠭᠦᠯᠪᠡ᠃ ᠡᠯ᠎ᠡ ᠪᠠᠯᠭᠠᠰᠤᠨ ᠤ ᠠᠯᠪᠠᠨ ᠭᠡᠷ᠂ ᠡᠯ᠎ᠡ ᠵᠥᠪᠯᠡᠯ | ᠠᠯᠪᠠᠨ ᠭᠡᠷ ᠲᠣᠪᠴᠢᠶ᠎ᠠ ᠶᠢᠨ ᠪᠦᠷᠢᠯᠳᠦᠭᠦᠨ ᠨᠢᠭᠡᠴᠢ ᠶᠢᠨ ᠰᠠᠨᠠᠯ ᠢ ᠥᠷᠭᠡᠨ ᠢᠶᠠᠷ ᠬᠤᠷᠢᠶᠠᠵᠤ᠂ ᠡᠯ᠎ᠡ ᠲᠠᠯ᠎ᠠ ᠶᠢᠨ | ᠬᠢᠨ ᠤ ᠰᠠᠨᠠᠯ ᠢ ᠦᠨᠳᠦᠰᠦᠯᠡᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠦᠭᠰᠡᠨ ᠤ ᠳᠠᠷᠠᠭ᠎ᠠ᠂ ᠬᠠᠮᠤᠭ ᠡᠴᠦᠰ ᠲᠤ | ᠬᠤᠷᠠᠯ ᠳᠤ ᠳᠡᠪᠰᠢᠭᠦᠯᠬᠦ ︽ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︾ ᠢ ᠪᠣᠶ ᠪᠣᠯᠭᠠᠪᠠ᠃ | ᠭᠤᠷᠪᠠ᠂ ︽ᠪᠦᠲᠦᠭᠡᠨ ᠪᠠᠶᠢᠭᠤᠯᠤᠯᠲᠠ ᠶᠢᠨ ᠠᠵᠢᠯ ᠤᠨ ᠲᠥᠰᠥᠯ︾ ᠢ ᠲᠣᠭᠲᠠᠭᠠᠭᠰᠠᠨ ᠵᠣᠷᠢᠯᠭ᠎ᠠ | ︽ᠪᠦᠲᠦᠭᠡᠨ ᠪᠠᠶᠢᠭᠤᠯᠬᠤ ᠠᠵᠢᠯ ᠤᠨ ᠲᠥᠰᠥᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ︽ | ᠬᠤᠶᠠᠷ ᠬᠠᠯᠬᠠᠪᠴᠢ︾᠂ ︽ᠬᠤᠶᠠᠷ ᠰᠠᠭᠤᠷᠢᠨ︾᠂ ︽ᠨᠢᠭᠡ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠬᠤᠳᠠ ᠶᠢᠨ ᠬᠥᠭᠵᠢᠯᠲᠡ ᠶᠢᠨ ᠳᠠᠪᠬᠤᠷᠭ᠎ᠠ ᠠᠴᠠ ᠬᠠᠲᠠᠭᠤ ᠪᠡᠶᠡᠲᠦ | ᠬᠠᠶᠠᠭᠳᠠᠮᠠᠯ ᠪᠣᠳᠠᠰ ᠢ ᠡᠬᠢ ᠡᠭᠦᠰᠦᠯ ᠠᠴᠠ ᠨᠢ ᠵᠠᠰᠠᠬᠤ᠂ ᠰᠢᠰᠲ᠋ᠧᠮ ᠲᠠᠢ ᠵᠠᠰᠠᠬᠤ ᠪᠠ ᠶᠡᠷᠦᠩᠬᠡᠶᠢᠯᠡᠨ ᠵᠠᠰᠠᠬᠤ ᠶᠢ | ᠠᠬᠢᠭᠤᠯᠵᠤ᠂ ︽ᠬᠠᠶᠠᠭᠳᠠᠮᠠᠯ ᠪᠣᠳᠠᠰ ᠦᠭᠡᠢ ᠬᠤᠳᠠ︾ ᠶᠢᠨ ᠪᠦᠲᠦᠭᠡᠨ ᠪᠠᠶᠢᠭᠤᠯᠤᠯᠲᠠ ᠪᠣᠯᠣᠨ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠲᠠᠭᠤ ᠪᠡᠶᠡᠲᠦ ᠬᠠᠶᠠᠭᠳᠠᠮᠠᠯ | ᠪᠣᠳᠠᠰ ᠤᠨ ᠣᠷᠴᠢᠨ ᠲᠣᠭᠤᠷᠢᠨ ᠤ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ᠃ | ᠳᠥᠷᠪᠡ᠂ ᠪᠣᠳᠠᠲᠠᠢ ᠠᠵᠢᠯ ᠤᠨ ᠠᠭᠤᠯᠭ᠎ᠠ | ︵ᠨᠢᠭᠡ︶ ᠡᠪᠡᠳᠴᠢᠨ ᠢᠶᠠᠷ ᠦᠬᠦᠭᠰᠡᠨ ᠮᠠᠯ ᠵᠢᠭᠦᠷᠲᠡᠨ ᠤ ᠬᠠᠮᠢᠶᠠᠷᠤᠯᠲᠠ ᠶᠢ ᠴᠢᠩᠭᠠᠳᠬᠠᠵᠤ᠂ | ᠲᠦᠭᠰᠢᠭᠦᠷᠢ ᠶᠢᠨ ᠳᠠᠯᠳᠠ ᠬᠡᠮ ᠢ ᠪᠠᠭᠠᠰᠬᠠᠨ᠎ᠠ᠃ | ︵ᠬᠤᠶᠠᠷ︶ ︽ᠬᠠᠶᠠᠭᠳᠠᠮᠠᠯ ᠡᠰ ᠦᠭᠡᠢ︾ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ ᠢᠳᠡᠭᠡᠨ | ᠤᠮᠳᠠᠭᠠᠨ ᠤ ᠠᠵᠤ ᠠᠬᠤᠶᠢᠯᠠᠯ ᠪᠣᠯᠣᠨ ᠪᠠᠶᠢᠭᠤᠯᠭ᠎ᠠ ᠨᠢᠭᠡᠴᠢ ᠶᠢᠨ ᠬᠤᠭᠤᠯᠠᠨ ᠭᠡᠷ ᠢᠶᠠᠷ ᠭᠤᠣᠯᠳᠠᠯᠭ᠎ᠠ ᠪᠣᠯᠭᠠᠵᠤ᠂ | ᠪᠣᠬᠢᠷᠳᠤᠯ ᠦᠭᠡᠢ ᠬᠤᠭᠤᠯᠠᠨ ᠭᠡᠷ᠂ ᠪᠣᠬᠢᠷᠳᠤᠯ ᠦᠭᠡᠢ ᠢᠳᠡᠭᠡᠨ ᠤᠮᠳᠠᠭᠠᠨ ᠤ ᠠᠵᠤ ᠠᠬᠤᠶᠢᠯᠠᠯ ᠢ | ᠬᠠᠮᠵᠢᠯᠴᠠᠭᠤᠯᠤᠨ ᠡᠭᠦᠳᠦᠨ ᠪᠠᠶᠢᠭᠤᠯᠵᠤ᠂ ᠲᠣᠭᠤᠭᠠᠨ ᠭᠡᠷ ᠤᠨ ᠬᠤᠭ ᠨᠣᠪᠰᠢ ᠶᠢᠨ ᠡᠬᠢ ᠡᠭᠦᠰᠦᠯ ᠤᠨ | ᠬᠡᠮᠵᠢᠶ᠎ᠡ ᠶᠢ ᠪᠠᠭᠠᠰᠬᠠᠨ᠎ᠠ᠃ | ︵ᠭᠤᠷᠪᠠ︶ ᠠᠮᠢᠳᠤᠷᠠᠯ ᠤᠨ ᠬᠤᠭ ᠨᠣᠪᠰᠢ ᠶᠢ ᠡᠬᠢ ᠡᠭᠦᠰᠦᠯ ᠠᠴᠠ ᠨᠢ ᠲᠥᠷᠥᠯ ᠬᠤᠪᠢᠶᠠᠨ ᠬᠠᠶᠠᠬᠤ ᠶᠢ | ᠭᠦᠨᠵᠡᠭᠡᠶᠢᠷᠡᠭᠦᠯᠦᠨ᠎ᠡ᠃ | ︵ᠳᠥᠷᠪᠡ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ | ᠰᠢᠰᠲ᠋ᠧᠮᠵᠢ ᠶᠢ ᠪᠦᠷᠢᠨᠰᠢᠭᠦᠯᠦᠨ᠎ᠡ᠃ ᠲᠣᠭᠤᠭᠠᠨ ᠭᠡᠷ ᠤᠨ ᠬᠤᠭ ᠨᠣᠪᠰᠢ᠂ ᠪᠤᠰᠤᠳ ᠬᠤᠭ ᠨᠣᠪᠰᠢ᠂ ᠬᠤᠣᠷ ᠲᠠᠢ | ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠲᠣᠣᠷ ᠢ ᠨᠢᠭᠡᠳᠦᠯᠲᠡᠢ ᠲᠥᠯᠥᠪᠯᠡᠨ᠂ ᠠᠮᠢᠳᠤᠷᠠᠯ ᠤᠨ ᠬᠤᠭ | ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠵᠠᠮ ᠱᠤᠭᠤᠮ ᠢ ᠲᠡᠭᠦᠯᠳᠡᠷᠵᠢᠭᠦᠯᠦᠨ᠎ᠡ᠃ | ︵ᠲᠠᠪᠤ︶ ᠪᠠᠷᠢᠯᠭ᠎ᠠ ᠶᠢᠨ ᠬᠤᠭ ᠨᠣᠪᠰᠢ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠎ᠡ᠃ | | | ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠠᠯᠪᠠᠨ ᠰᠦᠯᠵᠢᠶ᠎ᠡ | | |