ᠨᠢᠭᠡ᠂ ︽ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ | ᠪᠣᠶᠢᠵᠢᠭᠤᠯᠬᠤ ᠠᠵᠢᠯᠯᠠᠭᠠᠨ ᠤ ᠲᠥᠰᠥᠯ︾ ᠢ ᠲᠣᠭᠲᠠᠭᠠᠵᠤ ᠨᠡᠶᠢᠲᠡᠯᠡᠭᠰᠡᠨ ᠠᠬᠤᠢ ᠪᠠᠶᠢᠳᠠᠯ ᠪᠠ ᠶᠠᠪᠤᠴᠠ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠪᠣᠯ ᠰᠢᠨ᠎ᠡ ᠶᠢ ᠡᠭᠦᠳᠬᠦ | ᠬᠡᠯᠪᠡᠷᠢ ᠶᠢᠨ ᠠᠵᠤ ᠠᠬᠤᠶᠢᠯᠠᠯ ᠤᠨ ᠳᠣᠲᠣᠷᠠᠬᠢ ᠣᠷᠣᠶᠢᠯᠠᠭᠴᠢ ᠮᠥᠨ᠂ ᠵᠠᠬ᠎ᠠ ᠳᠡᠯᠭᠡᠭᠦᠷ ᠤᠨ ᠬᠠᠮᠤᠭ ᠤᠨ ᠡᠮᠦᠨ᠎ᠡ | ᠡᠩᠨᠡᠭᠡᠨ ᠳᠤ ᠣᠷᠣᠰᠢᠵᠤ᠂ ᠰᠢᠨ᠎ᠡ ᠮᠡᠷᠭᠡᠵᠢᠯ ᠤᠨ ᠬᠡᠷᠡᠭᠴᠡᠭᠡ ᠶᠢᠨ ᠬᠠᠮᠤᠭ ᠤᠨ ᠲᠦᠷᠦᠭᠦᠨ ᠤ ᠣᠯᠣᠭᠴᠢ ᠪᠠ | ᠬᠠᠮᠤᠭ ᠤᠨ ᠡᠴᠦᠰ ᠤᠨ ᠬᠡᠷᠡᠭᠯᠡᠭᠴᠢ ᠮᠥᠨ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠤ ᠭᠤᠣᠯᠯᠠᠭᠴᠢ ᠬᠦᠴᠦᠨ ᠮᠥᠨ᠃ 2022 ᠣᠨ ᠤ 9 ᠰᠠᠷ᠎ᠠ ᠳᠤ᠂ ᠥᠪᠡᠷᠲᠡᠭᠡᠨ | ᠵᠠᠰᠠᠬᠤ ᠣᠷᠣᠨ ᠠᠴᠠ ︽ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ | ᠠᠵᠤ ᠠᠬᠤᠶᠢᠯᠠᠯ ᠢ ᠨᠤᠲᠠᠯᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠲᠠᠷᠬᠠᠭᠠᠬᠤ ᠶᠢᠨ | ᠬᠠᠮᠲᠤ ᠮᠡᠳᠡᠭᠳᠡᠯ ᠨᠡᠶᠢᠲᠡᠯᠡᠪᠡ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠭᠤᠶᠤᠴᠢᠯᠠᠨ ᠮᠡᠳᠡᠭᠦᠯᠬᠦ ᠶᠢ ᠢᠳᠡᠪᠬᠢᠲᠡᠢ ᠵᠣᠬᠢᠶᠠᠨ | ᠪᠠᠶᠢᠭᠤᠯᠬᠤ ᠶᠢᠨ ᠬᠠᠮᠲᠤ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠬᠤ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠵᠣᠷᠢᠯᠭ᠎ᠠ ᠨᠢ ᠠᠵᠤ ᠠᠬᠤᠶᠢᠯᠠᠯ ᠤᠨ | ᠰᠢᠨ᠎ᠡ ᠶᠢ ᠡᠭᠦᠳᠬᠦ ᠭᠤᠣᠯ ᠴᠣᠭᠴᠠ ᠶᠢᠨ ᠦᠢᠯᠡᠳᠦᠯ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠮᠠᠨ ᠤ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ | ᠪᠠᠶᠢᠭᠠᠳ ᠲᠠᠰᠤᠷᠠᠯᠲᠠ ᠦᠭᠡᠢ ᠰᠢᠯᠢᠳᠡᠭᠵᠢᠭᠦᠯᠦᠨ ᠪᠤᠵᠠᠭᠠᠶᠢᠷᠠᠭᠤᠯᠵᠤ ᠬᠦᠴᠦᠷᠬᠡᠭᠵᠢᠭᠦᠯᠬᠦ ᠶᠢᠨ ᠲᠥᠯᠥᠭᠡ ᠶᠤᠮ᠃ | ᠥᠷᠭᠡᠨ ᠢᠶᠠᠷ ᠰᠠᠨᠠᠯ ᠬᠤᠷᠢᠶᠠᠬᠤ ᠪᠠᠷ ᠳᠠᠮᠵᠢᠭᠤᠯᠤᠨ᠂ ᠣᠶᠢᠷ᠎ᠠ ᠳᠤ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠲᠣᠪᠴᠢᠶ᠎ᠠ ︽ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ | ᠠᠬᠤᠶᠢᠯᠠᠯ ᠢ ᠪᠣᠶᠢᠵᠢᠭᠤᠯᠬᠤ ᠠᠵᠢᠯᠯᠠᠭᠠᠨ ᠤ ᠲᠥᠰᠥᠯ︾ ︵ᠳᠣᠷᠣᠭᠰᠢ ︽ᠠᠵᠢᠯᠯᠠᠭᠠᠨ ᠤ ᠲᠥᠰᠥᠯ︾ ᠭᠡᠵᠦ | ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠭᠰᠠᠨ ᠪᠥᠭᠡᠳ 5 ᠰᠠᠷ᠎ᠠ ᠶᠢᠨ 4 ᠤ ᠡᠳᠦᠷ ︽2023 ᠣᠨ ᠤ | ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠪᠣᠶᠢᠵᠢᠭᠤᠯᠤᠨ | ᠬᠥᠮᠥᠷᠭᠡ ᠳᠤ ᠣᠷᠣᠭᠤᠯᠬᠤ ᠠᠵᠢᠯ ᠢ ᠥᠷᠨᠢᠭᠦᠯᠬᠦ ᠲᠤᠬᠠᠢ ᠮᠡᠳᠡᠭᠳᠡᠯ︾ ᠢ ᠨᠡᠶᠢᠲᠡᠯᠡᠪᠡ᠂ ᠭᠤᠶᠤᠴᠢᠯᠠᠬᠤ ᠴᠠᠭ ᠨᠢ | 5 ᠰᠠᠷ᠎ᠠ ᠶᠢᠨ 25 ᠤ ᠡᠳᠦᠷ ᠪᠣᠯᠲᠠᠯ᠎ᠠ᠃ | ᠬᠤᠶᠠᠷ᠂ ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ | ᠬᠥᠮᠥᠷᠭᠡ ᠳᠤ ᠣᠷᠣᠭᠤᠯᠬᠤ ᠨᠥᠬᠦᠴᠡᠯ | ︵ᠨᠢᠭᠡ︶ ᠬᠥᠮᠥᠷᠭᠡ ᠳᠤ ᠣᠷᠣᠭᠤᠯᠬᠤ ᠪᠠᠷ ᠭᠤᠶᠤᠴᠢᠯᠠᠭᠰᠠᠨ ᠠᠵᠤ ᠠᠬᠤᠶᠢᠯᠠᠯ ᠨᠢ ᠳᠣᠣᠷᠠᠬᠢ | ᠨᠥᠬᠦᠴᠡᠯ ᠤᠳ ᠢ ᠬᠠᠩᠭᠠᠭᠰᠠᠨ ᠪᠠᠶᠢᠬᠤ ᠬᠡᠷᠡᠭᠲᠡᠢ᠄ | 1. ᠬᠥᠬᠡᠬᠤᠲᠠ ᠶᠢᠨ ᠬᠡᠪᠴᠢᠶᠡᠨ ᠳᠣᠲᠣᠷ᠎ᠠ ᠬᠠᠤᠯᠢ ᠶᠣᠰᠣᠭᠠᠷ ᠪᠠᠶᠢᠭᠤᠯᠤᠭᠰᠠᠨ᠂ ᠪᠡᠶ᠎ᠡ ᠪᠠᠨ ᠳᠠᠭᠠᠭᠠᠭᠰᠠᠨ | ᠬᠠᠤᠯᠢ ᠶᠢᠨ ᠡᠷᠬᠡᠲᠡᠨ ᠤ ᠬᠢᠷᠢ ᠬᠡᠮ ᠲᠠᠢ ᠮᠥᠷᠲᠡᠭᠡᠨ ᠬᠦᠴᠦᠨ ᠲᠠᠢ ᠬᠤᠭᠤᠴᠠᠭᠠᠨ ᠳᠠᠭᠠᠨ ᠪᠠᠶᠢᠭ᠎ᠠ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠪᠠᠶᠢᠬᠤ︔ | 2. ᠠᠵᠤ ᠠᠬᠤᠶᠢᠯᠠᠯ ᠤᠨ ᠳᠡᠭᠡᠷ᠎ᠡ ᠨᠢᠭᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ | ᠲᠥᠭᠦᠷᠢᠭ ᠠᠴᠠ ᠳᠡᠭᠡᠭᠰᠢ ︵ᠪᠠᠭᠲᠠᠨ᠎ᠠ︶ ᠬᠦᠷᠦᠭᠰᠡᠨ ᠪᠠᠶᠢᠬᠤ︔ | 3. ᠳᠡᠭᠡᠷ᠎ᠡ ᠨᠢᠭᠡ ᠵᠢᠯ ᠤᠨ ᠰᠤᠳᠤᠯᠤᠨ ᠨᠡᠭᠡᠭᠡᠬᠦ ᠵᠠᠷᠤᠳᠠᠯ ᠤᠨ ᠶᠡᠷᠦᠩᠬᠡᠢ ᠲᠤᠭ᠎ᠠ ᠠᠳᠠᠯᠢ ᠬᠤᠭᠤᠴᠠᠭᠠᠨ ᠤ | ᠪᠣᠷᠣᠯᠠᠭᠤᠯᠤᠯᠲᠠ ᠶᠢᠨ ᠣᠷᠣᠯᠭ᠎ᠠ ᠶᠢᠨ ᠶᠡᠷᠦᠩᠬᠡᠢ ᠲᠤᠭ᠎ᠠ ᠳᠤ ᠡᠵᠡᠯᠡᠬᠦ ᠬᠠᠷᠢᠴᠠᠯ ᠨᠢ 3% ᠠᠴᠠ ᠳᠡᠭᠡᠭᠰᠢ | ᠬᠦᠷᠦᠭᠰᠡᠨ ᠪᠠᠶᠢᠬᠤ︔ | 4. ᠭᠤᠣᠯᠯᠠᠬᠤ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠲᠠᠢ ᠪᠥᠭᠡᠳ | ᠦᠷᠭᠦᠯᠵᠢᠯᠡᠨ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ ᠶᠢ ᠡᠭᠦᠳᠦᠨ ᠪᠦᠲᠦᠭᠡᠬᠦ ᠪᠠ ᠦᠷ᠎ᠡ ᠪᠦᠲᠦᠭᠡᠯ ᠢ | ᠤᠯᠠᠷᠢᠭᠤᠯᠬᠤ ᠴᠢᠳᠠᠪᠤᠷᠢ ᠲᠠᠢ ᠪᠠᠶᠢᠬᠤ︔ | 5. ᠲᠣᠭᠲᠠᠪᠤᠷᠢᠲᠠᠢ ᠥᠨᠳᠥᠷ ᠲᠠᠰ ᠳᠠᠪᠬᠤᠷᠭ᠎ᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢᠲᠠᠨ ᠤ | ᠪᠦᠯᠬᠦᠮ ᠵᠢᠴᠢ ᠰᠤᠳᠤᠯᠤᠨ ᠨᠡᠭᠡᠭᠡᠬᠦ ᠲᠠᠪᠴᠠᠩ ᠲᠠᠢ ᠪᠠᠶᠢᠬᠤ︔ | 6. ᠳᠡᠭᠡᠷ᠎ᠡ ᠵᠢᠯ ᠵᠢᠴᠢ ᠲᠣᠰ ᠵᠢᠯ ᠳᠤ ᠬᠦᠨᠳᠦ ᠶᠡᠭᠡ ᠶᠠᠰᠤ ᠴᠢᠨᠠᠷ ᠬᠢᠭᠡᠳ ᠠᠮᠤᠷ ᠲᠦᠪᠰᠢᠨ ᠤ ᠠᠳᠡᠯ ᠪᠠ | ᠬᠦᠨᠳᠦ ᠨᠣᠴᠢᠲᠠᠢ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠭᠠᠷᠤᠭᠰᠠᠨ ᠦᠭᠡᠢ᠂ | ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠬᠦ ᠬᠤᠭᠤᠴᠠᠭᠠᠨ ᠳᠠᠬᠢ ᠰᠢᠨᠵᠢᠯᠡᠬᠦ ᠤᠬᠠᠭᠠᠨ ᠤ ᠰᠤᠳᠤᠯᠭᠠᠨ ᠤ ᠢᠲᠡᠭᠡᠯ | ᠠᠯᠳᠠᠭᠰᠠᠨ ᠦᠶᠯᠡ ᠠᠵᠢᠯᠯᠠᠭ᠎ᠠ ᠶᠢᠨ ᠲᠡᠮᠳᠡᠭᠯᠡᠯ ᠪᠠ ᠬᠠᠮᠢᠶ᠎ᠠ ᠪᠦᠬᠦᠢ ᠨᠡᠶᠢᠭᠡᠮ ᠤᠨ ᠬᠦᠷᠢᠶᠡᠨ ᠤ ᠢᠲᠡᠭᠡᠮᠵᠢ ᠶᠢᠨ ︽ | ᠬᠠᠷ᠎ᠠ ᠲᠠᠩᠰᠠ︾ ᠶᠢᠨ ᠲᠡᠮᠳᠡᠭᠯᠡᠯ ᠦᠭᠡᠢ᠃ | ︵ᠬᠤᠶᠠᠷ︶ ᠬᠥᠬᠡᠬᠤᠲᠠ ᠶᠢᠨ ᠬᠡᠪᠴᠢᠶᠡᠨ ᠳᠠᠬᠢ ᠬᠦᠴᠦᠨ ᠲᠠᠢ ᠬᠤᠭᠤᠴᠠᠭᠠᠨ ᠳᠠᠬᠢ ᠥᠪᠡᠷᠲᠡᠭᠡᠨ ᠵᠠᠰᠠᠬᠤ | ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠢ ᠰᠢᠭᠤᠳ ᠬᠥᠮᠥᠷᠭᠡ ᠳᠤ | ᠣᠷᠣᠭᠤᠯᠤᠨ᠎ᠠ᠃ | ᠭᠤᠷᠪᠠ᠂ ᠬᠥᠮᠥᠷᠭᠡ ᠳᠤ ᠣᠷᠣᠭᠤᠯᠬᠤ ᠠᠯᠬᠤᠮ ᠳᠠᠷᠠᠭ᠎ᠠ | ︵ᠨᠢᠭᠡ︶ ᠠᠵᠤ ᠠᠬᠤᠶᠢᠯᠠᠯ ᠭᠤᠶᠤᠴᠢᠯᠠᠬᠤ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠢᠯᠡ ᠪᠠᠷ ᠮᠡᠳᠡᠭᠳᠡᠯ ᠨᠡᠶᠢᠲᠡᠯᠡᠭᠰᠡᠨ ᠪᠠᠷ᠂ ᠠᠵᠤ ᠠᠬᠤᠶᠢᠯᠠᠯ ᠢ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠦᠯᠵᠢᠶᠡᠨ ᠥᠷᠲᠡᠭᠡ ᠳᠤ ᠭᠠᠷᠴᠤ ᠪᠠᠭᠤᠯᠭᠠᠨ ᠠᠪᠴᠤ | ᠲᠠᠭᠯᠠᠨ ᠮᠡᠳᠡᠭᠦᠯᠬᠦ᠂ ᠳᠠᠷᠤᠮᠠᠯᠯᠠᠭᠠᠳ ᠬᠥᠮᠥᠷᠭᠡ ᠳᠤ ᠣᠷᠣᠭᠤᠯᠬᠤ ᠪᠢᠴᠢᠭ ᠤᠨ ᠭᠤᠶᠤᠴᠢᠯᠠᠯ ᠤᠨ ᠬᠦᠰᠦᠨᠦᠭᠲᠦ ︵ | ᠳᠠᠭᠠᠯᠳᠤᠭᠤᠯᠤᠯ ᠳᠤ ᠦᠵᠡ︶ ᠪᠣᠯᠭᠠᠵᠤ᠂ ᠱᠠᠭᠠᠷᠳᠠᠯᠭ᠎ᠠ ᠶᠣᠰᠣᠭᠠᠷ ᠭᠠᠷ ᠤᠨ ᠥᠰᠥᠭ ᠵᠢᠷᠤᠵᠤ ᠲᠠᠮᠠᠭ᠎ᠠ ᠪᠠᠨ | ᠳᠠᠷᠤᠭᠰᠠᠨ ᠤ ᠳᠠᠷᠠᠭ᠎ᠠ ᠬᠠᠷᠢᠶ᠎ᠠ ᠬᠤᠰᠢᠭᠤ ᠰᠢᠶᠠᠨ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠦᠨ ᠬᠦᠷᠭᠡᠵᠦ ᠠᠩᠬᠠᠨ ᠤ ᠬᠢᠨᠠᠯᠲᠠ ᠬᠢᠯᠭᠡᠬᠦ ᠪᠠᠷ ᠭᠤᠶᠤᠴᠢᠯᠠᠬᠤ | ᠬᠡᠷᠡᠭᠲᠡᠢ᠃ | ᠳᠣᠣᠷᠠᠬᠢ ᠮᠠᠲ᠋ᠧᠷᠢᠶᠠᠯ ᠤᠳ ᠢ ᠬᠠᠩᠭᠠᠬᠤ ᠴᠢᠬᠤᠯᠠᠲᠠᠢ᠄ | 1. ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ | ᠪᠣᠶᠢᠵᠢᠭᠤᠯᠤᠯᠲᠠ ᠶᠢ ᠬᠥᠮᠥᠷᠭᠡ ᠳᠤ ᠣᠷᠣᠭᠤᠯᠬᠤ ᠭᠤᠶᠤᠴᠢᠯᠠᠯ ᠤᠨ ᠬᠦᠰᠦᠨᠦᠭᠲᠦ ︵ᠳᠠᠭᠠᠯᠳᠤᠭᠤᠯᠤᠯ ᠳᠤ | ᠦᠵᠡ︶︔ | 2. ᠠᠵᠤ ᠠᠬᠤᠶᠢᠯᠠᠯ ᠤᠨ ᠣᠶᠢᠷ᠎ᠠ ᠶᠢᠨ ᠬᠤᠶᠠᠷ ᠵᠢᠯ ︵ᠮᠡᠳᠡᠭᠦᠯᠦᠭᠰᠡᠨ ᠲᠣᠰ ᠵᠢᠯ ᠢ ᠪᠠᠭᠲᠠᠭᠠᠬᠤ ᠦᠭᠡᠢ︶ | ᠤᠨ ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠶᠢᠨ ᠲᠤᠭ᠎ᠠ ᠪᠦᠷᠢᠳᠬᠡᠯ ᠤᠨ ᠮᠡᠳᠡᠭᠦᠯᠬᠦ | ᠬᠦᠰᠦᠨᠦᠭᠲᠦ ︵ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠥᠷᠲᠡᠭ ᠤᠨ ᠬᠦᠰᠦᠨᠦᠭᠲᠦ︶᠂ ᠠᠵᠤ | ᠠᠬᠤᠶᠢᠯᠠᠯ ᠤᠨ ᠳᠡᠭᠡᠷ᠎ᠡ ᠨᠢᠭᠡ ᠵᠢᠯ ᠤᠨ ᠰᠤᠳᠤᠯᠤᠨ ᠨᠡᠭᠡᠭᠡᠬᠦ ᠠᠵᠢᠯᠯᠠᠭ᠎ᠠ ᠶᠢᠨ ᠲᠤᠭ᠎ᠠ ᠪᠦᠷᠢᠳᠬᠡᠯ ᠤᠨ ᠮᠡᠳᠡᠭᠦᠯᠬᠦ | ᠬᠦᠰᠦᠨᠦᠭᠲᠦ᠃ ᠠᠵᠤ ᠠᠬᠤᠶᠢᠯᠠᠯ ᠤᠨ ᠳᠠᠩᠰᠠᠯᠠᠭᠤᠯᠤᠨ ᠪᠠᠶᠢᠭᠤᠯᠤᠭᠳᠠᠭᠠᠳ 2 ᠵᠢᠯ ᠪᠣᠯᠣᠭᠠᠳᠤᠢ ᠪᠠᠶᠢᠪᠠᠯ | ᠡᠷᠬᠡᠪᠰᠢ ᠪᠠᠶᠢᠭᠤᠯᠤᠭᠳᠠᠭᠰᠠᠨ ᠠᠴᠠ ᠨᠠᠰᠢ ᠲᠤᠭ᠎ᠠ ᠪᠦᠷᠢᠳᠬᠡᠯ ᠤᠨ ᠮᠡᠳᠡᠭᠦᠯᠬᠦ ᠬᠦᠰᠦᠨᠦᠭᠲᠦ ︵ᠳᠡᠭᠡᠷᠡᠬᠢ | ᠮᠠᠲ᠋ᠧᠷᠢᠶᠠᠯ ᠤᠨ ᠪᠠᠭᠤᠯᠭᠠᠪᠤᠷᠢ ᠶᠢ ᠮᠡᠳᠡᠭᠦᠯᠦᠨ ᠬᠦᠷᠭᠡᠵᠦ᠂ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠨ᠎ᠠ︶ ᠶᠢ | ᠬᠠᠩᠭᠠᠬᠤ ᠬᠡᠷᠡᠭᠲᠡᠢ︔ | 3. ᠠᠵᠤ ᠠᠬᠤᠶᠢᠯᠠᠯ ᠤᠨ ᠣᠯᠣᠭᠰᠠᠨ ᠬᠦᠴᠦᠨ ᠪᠦᠬᠦᠢ ᠪᠡᠶ᠎ᠡ ᠪᠠᠨ ᠳᠠᠭᠠᠭᠠᠭᠰᠠᠨ ᠮᠡᠳᠡᠯᠭᠡ ᠶᠢᠨ | ᠪᠦᠲᠦᠭᠡᠭᠳᠡᠬᠦᠨ ᠤ ᠥᠮᠴᠢᠯᠡᠬᠦ ᠡᠷᠬᠡ ᠶᠢᠨ ᠬᠤᠷᠢᠶᠠᠩᠭᠤᠢ ᠬᠦᠰᠦᠨᠦᠭᠲᠦ ᠵᠢᠴᠢ ᠡᠷᠬᠡ ᠣᠯᠭᠤᠭᠰᠠᠨ ᠦᠨᠡᠮᠯᠡᠯ᠂ | ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠂ | ᠦᠨᠡᠮᠯᠡᠯ ︵ᠳᠡᠭᠡᠷᠡᠬᠢ ᠮᠠᠲ᠋ᠧᠷᠢᠶᠠᠯ ᠢ ᠮᠡᠳᠡᠭᠦᠯᠦᠨ ᠬᠦᠷᠭᠡᠭᠰᠡᠨ ᠬᠠᠭᠤᠯᠪᠤᠷᠢ᠂ ᠨᠢᠭᠡᠴᠢ ᠶᠢᠨ ᠠᠯᠪᠠᠨ ᠲᠠᠮᠠᠭ᠎ᠠ ᠶᠢ | ᠳᠠᠷᠤᠨ᠎ᠠ︶᠃ | ︵ᠬᠤᠶᠠᠷ︶ ᠠᠩᠬᠠᠨ ᠤ ᠬᠢᠨᠠᠯᠲᠠ ᠪᠠᠷ ᠲᠠᠨᠢᠯᠴᠠᠭᠤᠯᠬᠤ᠃ ᠡᠯ᠎ᠡ ᠬᠤᠰᠢᠭᠤ ᠰᠢᠶᠠᠨ ᠲᠣᠭᠤᠷᠢᠭ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ | ᠠᠵᠤ ᠠᠬᠤᠶᠢᠯᠠᠯ ᠤᠨ ᠮᠡᠳᠡᠭᠦᠯᠦᠭᠰᠡᠨ ᠮᠠᠲ᠋ᠧᠷᠢᠶᠠᠯ ᠳᠤ ᠠᠩᠬᠠᠨ ᠤ ᠬᠢᠨᠠᠯᠲᠠ ᠬᠢᠵᠦ᠂ ᠭᠠᠷ ᠤᠨ ᠥᠰᠥᠭ | ᠵᠢᠷᠤᠬᠤ ᠶᠢᠨ ᠬᠠᠮᠲᠤ ᠨᠢᠭᠡᠴᠢ ᠶᠢᠨ ᠠᠯᠪᠠᠨ ᠲᠠᠮᠠᠭ᠎ᠠ ᠶᠢ ᠳᠠᠷᠤᠭᠰᠠᠨ ᠤ ᠳᠠᠷᠠᠭ᠎ᠠ᠂ ᠬᠤᠲᠠ ᠶᠢᠨ ᠰᠢᠨᠵᠢᠯᠡᠬᠦ | ᠤᠬᠠᠭᠠᠨ ᠮᠡᠷᠭᠡᠵᠢᠯ ᠤᠨ ᠲᠣᠪᠴᠢᠶ᠎ᠠ ᠳᠤ ᠮᠡᠳᠡᠭᠦᠯᠦᠨ ᠬᠦᠷᠭᠡᠬᠦ ᠬᠡᠷᠡᠭᠲᠡᠢ᠃ | ︵ᠭᠤᠷᠪᠠ︶ ᠬᠢᠨᠠᠨ ᠪᠠᠶᠢᠴᠠᠭᠠᠵᠤ ᠨᠤᠲᠠᠯᠠᠬᠤ᠃ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ | ᠲᠣᠪᠴᠢᠶ᠎ᠠ ᠨᠢ ᠲᠤᠰᠬᠠᠢ ᠮᠡᠷᠭᠡᠵᠢᠯᠲᠡᠨ ᠢ ᠵᠣᠬᠢᠶᠠᠨ ᠪᠠᠶᠢᠭᠤᠯᠬᠤ ᠪᠤᠶᠤ ᠭᠤᠷᠪᠠᠳᠠᠭᠢ ᠡᠲᠡᠭᠡᠳ ᠤᠨ | ᠦᠢᠯᠡᠴᠢᠯᠡᠭᠡᠨ ᠤ ᠪᠠᠶᠢᠭᠤᠯᠤᠮᠵᠢ ᠳᠤ ᠮᠡᠳᠡᠭᠦᠯᠦᠭᠰᠡᠨ ᠮᠠᠲ᠋ᠧᠷᠢᠶᠠᠯ ᠢ ᠬᠢᠨᠠᠨ ᠪᠠᠶᠢᠴᠠᠭᠠᠬᠤ ᠪᠤᠶᠤ ᠲᠤᠬᠠᠢ ᠶᠢᠨ | ᠲᠠᠯᠠᠪᠤᠷ ᠲᠤᠨᠢ ᠬᠢᠨᠠᠨ ᠬᠠᠷᠭᠤᠭᠤᠯᠬᠤ ᠳᠤ ᠨᠠᠶᠢᠳᠠᠵᠤ ᠭᠤᠶᠤᠴᠢᠯᠠᠨ᠂ ᠬᠤᠲᠠ ᠶᠢᠨ ᠰᠢᠨᠵᠢᠯᠡᠬᠦ ᠤᠬᠠᠭᠠᠨ | ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠪᠣᠶᠢᠵᠢᠭᠤᠯᠤᠯᠲᠠ ᠶᠢᠨ ᠬᠥᠮᠥᠷᠭᠡ ᠳᠤ ᠣᠷᠣᠭᠤᠯᠬᠤ ᠠᠵᠤ | ᠠᠬᠤᠶᠢᠯᠠᠯ ︵ᠳᠣᠷᠣᠭᠰᠢ ︽ᠬᠥᠮᠥᠷᠭᠡ ᠳᠤ ᠣᠷᠣᠭᠤᠯᠬᠤ ᠠᠵᠤ ᠠᠬᠤᠶᠢᠯᠠᠯ︾ ᠭᠡᠵᠦ ᠲᠣᠪᠴᠢᠯᠠᠨ᠎ᠠ︶ ᠤᠨ | ᠰᠠᠨᠠᠭᠤᠯᠭ᠎ᠠ ᠶᠢᠨ ᠨᠡᠷᠡᠰ ᠢ ᠳᠤᠷᠠᠳᠪᠠ᠃ | ︵ᠳᠥᠷᠪᠡ︶ ᠢᠯᠡ ᠵᠠᠷᠯᠠᠵᠤ ᠬᠥᠮᠥᠷᠭᠡ ᠳᠤ ᠣᠷᠣᠭᠤᠯᠬᠤ᠃ ᠰᠠᠨᠠᠭᠤᠯᠭ᠎ᠠ ᠶᠢᠨ ᠨᠡᠷᠡᠰ ᠢ ᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠷ ᠰᠤᠳᠤᠯᠤᠨ ᠬᠢᠨᠠᠨ ᠲᠣᠭᠲᠠᠭᠠᠯᠭᠠᠭᠰᠠᠨ ᠤ ᠳᠠᠷᠠᠭ᠎ᠠ᠂ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠰᠦᠯᠵᠢᠶᠡᠨ ᠥᠷᠲᠡᠭᠡ ᠳᠤ 5 ᠠᠵᠢᠯᠯᠠᠬᠤ | ᠡᠳᠦᠷ ᠵᠠᠷᠯᠠᠨ ᠨᠡᠶᠢᠲᠡᠯᠡᠨ᠎ᠡ᠃ ᠵᠠᠷᠯᠠᠨ ᠨᠡᠶᠢᠲᠡᠯᠡᠭᠰᠡᠨ ᠤ ᠳᠠᠷᠠᠭ᠎ᠠ ᠣᠨᠳᠣᠣ ᠰᠠᠨᠠᠯ ᠦᠭᠡᠢ ᠪᠣᠯ ᠬᠥᠬᠡᠬᠤᠲᠠ ᠶᠢᠨ | ᠰᠢᠨᠵᠢᠯᠡᠬᠦ ᠤᠬᠠᠭᠠᠨ ᠮᠡᠷᠭᠡᠵᠢᠯ ᠤᠨ ᠳᠠᠭᠠᠭᠤᠯᠤᠭᠴᠢ ᠠᠵᠤ ᠠᠬᠤᠶᠢᠯᠠᠯ ᠤᠨ ᠨᠡᠷᠡᠰ ᠢ ᠨᠡᠶᠢᠲᠡᠯᠡᠨ᠎ᠡ᠃ | ᠳᠥᠷᠪᠡ᠂ ᠵᠣᠭᠤᠰ ᠢᠶᠠᠷ ᠲᠤᠰᠠᠯᠠᠬᠤ ᠠᠷᠭ᠎ᠠ ᠬᠡᠮᠵᠢᠶ᠎ᠡ | ︵ᠨᠢᠭᠡ︶ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠤᠨ᠎ᠠ᠃ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠬᠦ ᠶᠢ ᠳᠡᠮᠵᠢᠬᠦ ᠪᠠ ᠬᠥᠲᠥᠯᠥᠨ ᠵᠢᠯᠤᠭᠤᠳᠴᠤ᠂ ᠰᠤᠳᠤᠯᠤᠨ ᠨᠡᠭᠡᠭᠡᠬᠦ ᠣᠷᠣᠭᠤᠯᠤᠯᠲᠠ ᠶᠢᠨ ᠱᠠᠩᠨᠠᠵᠤ | ᠨᠥᠬᠦᠪᠦᠷᠢᠯᠡᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠪᠡᠯᠡᠳᠬᠡᠯ | ᠮᠥᠩᠭᠦ ᠶᠢᠨ ᠳᠦᠷᠢᠮ ᠪᠠᠶᠢᠭᠤᠯᠬᠤ ᠶᠢ ᠵᠣᠷᠢᠭᠵᠢᠭᠤᠯᠤᠨ ᠬᠥᠲᠥᠯᠥᠨ ᠵᠢᠯᠣᠭᠤᠳᠤᠨ᠎ᠠ᠃ ᠰᠤᠳᠤᠯᠤᠨ ᠨᠡᠭᠡᠭᠡᠬᠦ | ᠣᠷᠣᠭᠤᠯᠤᠯᠲᠠ ᠪᠠᠷ ᠨᠡᠯᠢᠶᠡᠳ ᠥᠨᠳᠥᠷ ᠮᠥᠷᠲᠡᠭᠡᠨ ᠰᠤᠳᠤᠯᠤᠨ ᠨᠡᠭᠡᠭᠡᠬᠦ ᠪᠡᠯᠡᠳᠬᠡᠯ ᠮᠥᠩᠭᠦ ᠶᠢᠨ ᠳᠦᠷᠢᠮ ᠢ | ᠪᠠᠶᠢᠭᠤᠯᠤᠭᠰᠠᠨ ᠠᠵᠤ ᠠᠬᠤᠶᠢᠯᠠᠯ ᠳᠤ᠂ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠳᠡᠭᠡᠷ᠎ᠡ ᠨᠢᠭᠡ | ᠵᠢᠯ ᠤᠨ ᠡᠳ᠋ᠯᠡᠵᠦ ᠪᠦᠬᠦᠢ ᠰᠤᠳᠤᠯᠤᠨ ᠨᠡᠭᠡᠭᠡᠬᠦ ᠵᠠᠷᠤᠳᠠᠯ ᠤᠨ ᠭᠠᠶᠢᠯᠢ ᠠᠴᠠ ᠡᠮᠦᠨᠡᠬᠢ ᠨᠡᠮᠡᠨ ᠪᠤᠳᠤᠵᠤ ᠰᠠᠭᠤᠯᠭᠠᠨ | ᠠᠪᠬᠤ ᠲᠥᠷᠥ ᠶᠢᠨ ᠪᠣᠳᠣᠯᠭ᠎ᠠ ᠶᠢᠨ ᠪᠠᠶᠢᠳᠠᠯ ᠢ ᠦᠨᠳᠦᠰᠦᠯᠡᠨ᠂ ᠰᠢᠯᠢᠳᠡᠭ ᠢ ᠨᠢ ᠰᠣᠩᠭᠤᠵᠤ ᠨᠢᠭᠡ ᠤᠳᠠᠭ᠎ᠠ ᠶᠢᠨ | ᠴᠢᠨᠠᠷᠲᠠᠢ ᠪᠠᠷ ᠵᠣᠬᠢᠬᠤ ᠲᠤᠭ᠎ᠠ ᠬᠡᠮᠵᠢᠶᠡᠨ ᠤ ᠰᠤᠳᠤᠯᠤᠨ ᠨᠡᠭᠡᠭᠡᠬᠦ ᠵᠠᠷᠤᠳᠠᠯ ᠤᠨ ᠨᠥᠬᠦᠪᠦᠷᠢ ᠣᠯᠭᠤᠨ᠎ᠠ︔ | ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠨᠢ ᠥᠪᠡᠷᠲᠡᠭᠡᠨ ᠵᠠᠰᠠᠬᠤ ᠣᠷᠣᠨ ᠤ ᠰᠤᠳᠤᠯᠤᠨ ᠨᠡᠭᠡᠭᠡᠬᠦ | ᠣᠷᠣᠭᠤᠯᠤᠯᠲᠠ ᠶᠢᠨ ᠡᠳ᠋ ᠤᠨ ᠵᠠᠰᠠᠭ ᠤᠨ ᠪᠡᠯᠡ ᠮᠥᠩᠭᠦ ᠶᠢᠨ ᠱᠠᠩᠨᠠᠯ ᠨᠥᠬᠦᠪᠦᠷᠢ ᠶᠢ ᠣᠯᠣᠭᠰᠠᠨ ᠪᠠᠶᠢᠪᠠᠯ᠂ | ᠲᠡᠭᠦᠨ ᠤ ᠣᠯᠣᠭᠰᠠᠨ ᠥᠪᠡᠷᠲᠡᠭᠡᠨ ᠵᠠᠰᠠᠬᠤ ᠣᠷᠣᠨ ᠤ ᠱᠠᠩᠨᠠᠯ ᠨᠥᠬᠦᠪᠦᠷᠢ ᠶᠢᠨ ᠵᠣᠭᠤᠰ ᠤᠨ ᠲᠤᠭ᠎ᠠ ᠶᠢᠨ | 20% ᠪᠠᠷ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ᠃ ᠰᠤᠳᠤᠯᠤᠨ ᠨᠡᠭᠡᠭᠡᠬᠦ | ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠪᠠ ᠠᠵᠤ ᠠᠬᠤᠶᠢᠯᠠᠯ ᠤᠨ ᠠᠰᠢᠭ ᠣᠷᠣᠯᠭ᠎ᠠ ᠶᠢᠨ ᠭᠠᠶᠢᠯᠢ ᠶᠢ | ᠬᠠᠰᠤᠵᠤ ᠬᠡᠯᠲᠦᠷᠢᠭᠦᠯᠬᠦ ᠵᠡᠷᠭᠡ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠬᠥᠭᠵᠢᠯᠲᠡ ᠶᠢ ᠳᠡᠮᠵᠢᠬᠦ | ᠡᠯ᠎ᠡ ᠱᠠᠲᠤᠨ ᠤ ᠡᠯ᠎ᠡ ᠲᠦᠷᠦᠯ ᠤᠨ ᠭᠠᠶᠢᠯᠢ ᠲᠠᠲᠠᠪᠤᠷᠢ ᠶᠢᠨ ᠤᠷᠮᠠᠰᠢᠭᠤᠯᠬᠤ ᠲᠥᠷᠥ ᠶᠢᠨ ᠪᠣᠳᠣᠯᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠤᠨ᠎ᠠ ᠃ | ︵ᠬᠤᠶᠠᠷ︶ ᠠᠵᠤ ᠠᠬᠤᠶᠢᠯᠠᠯ ᠤᠨ ᠳᠡᠭᠡᠳᠦ ᠲᠠᠰ ᠤᠨ ᠰᠢᠨ᠎ᠡ ᠶᠢ ᠡᠭᠦᠳᠬᠦ ᠲᠠᠪᠴᠠᠩ ᠪᠠᠶᠢᠭᠤᠯᠬᠤ ᠶᠢ | ᠳᠡᠮᠵᠢᠨ᠎ᠡ᠃ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠲᠦᠷᠦᠭᠦᠯᠡᠨ ᠵᠥᠪᠰᠢᠶᠡᠷᠡᠵᠦ ᠪᠦᠲᠦᠭᠡᠨ | ᠪᠠᠶᠢᠭᠤᠯᠤᠭᠰᠠᠨ ᠤᠯᠤᠰ᠂ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠲᠥᠪ᠂ | ᠥᠪᠡᠷᠲᠡᠭᠡᠨ ᠵᠠᠰᠠᠬᠤ ᠣᠷᠣᠨ ᠤ ᠰᠢᠨ᠎ᠡ ᠬᠡᠯᠪᠡᠷᠢ ᠶᠢᠨ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠥᠪᠡᠷᠲᠡᠭᠡᠨ | ᠵᠠᠰᠠᠬᠤ ᠣᠷᠣᠨ ᠤ ᠳᠡᠮᠵᠢᠬᠦ ᠠᠷᠭ᠎ᠠ ᠮᠠᠶ᠋ᠢᠭ ᠢᠶᠠᠷ ᠯᠠᠪᠯᠠᠯᠲᠠ ᠪᠣᠯᠭᠠᠵᠤ᠂ ᠵᠣᠬᠢᠬᠤ ᠢᠵᠢ ᠪᠦᠷᠢᠳᠦᠭᠦᠯᠬᠦ ᠵᠠᠷᠤᠳᠠᠯ ᠤᠨ | ᠳᠡᠮᠵᠢᠯᠭᠡ ᠣᠯᠭᠤᠨ᠎ᠠ᠃ | ᠬᠥᠮᠥᠷᠭᠡ ᠳᠤ ᠣᠷᠣᠭᠤᠯᠤᠭᠰᠠᠨ ᠰᠢᠨ᠎ᠡ ᠪᠠᠷ ᠵᠥᠪᠰᠢᠶᠡᠷᠡᠭᠳᠡᠭᠰᠡᠨ ᠠᠵᠤ ᠠᠬᠤᠶᠢᠯᠠᠯ ᠤᠨ ᠤᠯᠤᠰ᠂ | ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ᠂ | ᠢᠨᠵᠧᠨᠧᠷᠢᠩ ︵ᠮᠡᠷᠭᠡᠵᠢᠯ︶ ᠤᠨ ᠰᠤᠳᠤᠯᠭᠠᠨ ᠤ ᠲᠥᠪ ᠵᠡᠷᠭᠡ ᠰᠤᠳᠤᠯᠤᠨ ᠨᠡᠭᠡᠭᠡᠬᠦ ᠪᠠᠶᠢᠭᠤᠯᠤᠮᠵᠢ ᠳᠤ ᠲᠣᠰ | ᠲᠣᠰ 200 ᠲᠦᠮᠡᠨ ᠲᠥᠭᠦᠷᠢᠭ᠂ 50 ᠲᠦᠮᠡᠨ ᠲᠥᠭᠦᠷᠢᠭ ᠤᠨ ᠱᠠᠩᠨᠠᠯ ᠤᠨ ᠳᠡᠮᠵᠢᠯᠭᠡ ᠣᠯᠭᠤᠨ᠎ᠠ︔ | ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠰᠢᠨ᠎ᠡ ᠪᠠᠷ ᠵᠥᠪᠰᠢᠶᠡᠷᠡᠭᠳᠡᠭᠰᠡᠨ ᠤᠯᠤᠰ ᠤᠨ ᠠᠵᠤ | ᠠᠬᠤᠶᠢᠯᠠᠯ ᠤᠨ ᠮᠡᠷᠭᠡᠵᠢᠯ ᠤᠨ ᠲᠥᠪ ᠲᠤ ᠨᠢᠭᠡ ᠤᠳᠠᠭ᠎ᠠ ᠶᠢᠨ ᠴᠢᠨᠠᠷᠲᠠᠢ ᠪᠠᠷ 200 ᠲᠦᠮᠡᠨ ᠲᠥᠭᠦᠷᠢᠭ ᠤᠨ | ᠱᠠᠩᠨᠠᠯ ᠤᠨ ᠳᠡᠮᠵᠢᠯᠭᠡ ᠣᠯᠭᠤᠨ᠎ᠠ︔ ᠰᠢᠨ᠎ᠡ ᠪᠠᠷ ᠳᠠᠩᠰᠠᠯᠠᠭᠤᠯᠤᠭᠰᠠᠨ ᠬᠤᠲᠠ ᠶᠢᠨ ᠱᠠᠲᠤᠨ ᠤ ᠠᠵᠤ | ᠠᠬᠤᠶᠢᠯᠠᠯ ᠤᠨ ᠰᠤᠳᠤᠯᠤᠨ ᠨᠡᠭᠡᠭᠡᠬᠦ ᠲᠥᠪ ᠲᠤ᠂ ᠰᠢᠯᠢᠳᠡᠭ ᠢ ᠨᠢ ᠰᠣᠩᠭᠤᠨ 20 ᠲᠦᠮᠡᠨ ᠲᠥᠭᠦᠷᠢᠭ ᠠᠴᠠ | ᠬᠡᠲᠦᠷᠡᠭᠦᠯᠬᠦ ᠦᠭᠡᠢ ᠱᠠᠩᠨᠠᠯ ᠤᠨ ᠳᠡᠮᠵᠢᠯᠭᠡ ᠣᠯᠭᠤᠨ᠎ᠠ᠃ | ︵ᠭᠤᠷᠪᠠ︶ ᠠᠵᠤ ᠠᠬᠤᠶᠢᠯᠠᠯ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢ | ᠳᠡᠮᠵᠢᠨ᠎ᠡ᠃ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠲᠦᠷᠦᠭᠦᠯᠡᠨ ᠰᠢᠨ᠎ᠡ ᠶᠢ ᠡᠭᠦᠳᠬᠦ ᠬᠤᠯᠪᠣᠭᠠᠲᠤ | ᠴᠣᠭᠴᠠ ᠪᠠᠶᠢᠭᠤᠯᠬᠤ ᠶᠢ ᠳᠡᠮᠵᠢᠵᠦ᠂ ︽ᠲᠤᠩᠬᠠᠭ ᠨᠡᠶᠢᠳᠡᠯᠡᠨ ᠮᠠᠩᠯᠠᠶᠢᠯᠠᠭᠴᠢ︾ ᠵᠡᠷᠭᠡ ᠠᠷᠭ᠎ᠠ ᠮᠠᠶ᠋ᠢᠭ ᠢ ᠠᠪᠴᠤ᠂ | ᠬᠤᠲᠠ ᠶᠢᠨ ᠲᠠᠰ ᠤᠨ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠵᠡᠷᠭᠡ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠲᠥᠷᠥᠯ ᠵᠦᠢᠯ ᠢ ᠭᠤᠶᠤᠴᠢᠯᠠᠨ ᠮᠡᠳᠡᠭᠦᠯᠵᠦ᠂ ᠲᠠᠩ ᠭᠠᠭᠴᠠ ᠲᠥᠷᠥᠯ | ᠵᠦᠢᠯ ᠳᠤ ᠬᠠᠮᠤᠭ ᠤᠨ ᠥᠨᠳᠥᠷ ᠲᠡᠭᠡᠨ 500 ᠲᠦᠮᠡᠨ ᠲᠥᠭᠦᠷᠢᠭ ᠤᠨ ᠳᠡᠮᠵᠢᠯᠭᠡ ᠦᠵᠡᠭᠦᠯᠦᠨ᠎ᠡ︔ ᠣᠨᠴᠠᠭᠠᠶ | ᠴᠢᠬᠤᠯᠠ ᠶᠡᠭᠡ ᠵᠦᠢᠯᠡᠰ ᠲᠤ ︽ᠨᠢᠭᠡ ᠤᠴᠢᠷ ᠢ ᠨᠢᠭᠡ ᠵᠥᠪᠯᠡᠵᠦ︾ ᠠᠷᠭ᠎ᠠ ᠮᠠᠶ᠋ᠢᠭ ᠢᠶᠠᠷ ᠳᠡᠮᠵᠢᠯᠭᠡ ᠦᠵᠡᠭᠦᠯᠵᠦ | ᠪᠣᠯᠣᠨ᠎ᠠ᠃ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ | ᠲᠥᠯᠥᠪᠯᠡᠭᠡ ᠶᠢᠨ ᠲᠥᠷᠥᠯ ᠵᠦᠢᠯ ᠢ ᠡᠷᠭᠢᠯᠡᠵᠦ᠂ ᠲᠣᠰ ᠭᠠᠵᠠᠷ ᠣᠷᠣᠨ ᠳᠠᠭᠠᠨ ᠬᠡᠷᠡᠭᠵᠢᠭᠦᠯᠬᠦ ᠶᠢᠨ ᠬᠠᠮᠲᠤ | ᠰᠢᠯᠭᠠᠨ ᠠᠪᠬᠤ ᠶᠢ ᠦᠩᠭᠡᠷᠡᠵᠦ᠂ ᠣᠯᠣᠭᠰᠠᠨ ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 200 ︱ | 500 ᠲᠦᠮᠡᠨ ᠲᠥᠭᠦᠷᠢᠭ ︵500 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ | 20 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ︔ ᠣᠯᠣᠭᠰᠠᠨ | ᠤᠯᠤᠰ ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 500 ᠲᠦᠮᠡᠨ ᠲᠥᠭᠦᠷᠢᠭ ᠠᠴᠠ 1000 ᠲᠦᠮᠡᠨ | ᠲᠥᠭᠦᠷᠢᠭ ︵1000 ᠲᠦᠮᠡᠨ ᠲᠥᠭᠦᠷᠢᠭ ᠪᠠᠭᠲᠠᠨ᠎ᠠ︶ ᠪᠠᠶᠢᠪᠠᠯ᠂ ᠨᠢᠭᠡ ᠤᠳᠠᠭ᠎ᠠ ᠶᠢᠨ ᠴᠢᠨᠠᠷᠲᠠᠢ 30 ᠲᠦᠮᠡᠨ | ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ ᠳᠡᠮᠵᠢᠯᠭᠡ ᠣᠯᠭᠤᠨ᠎ᠠ︔ ᠣᠯᠣᠭᠰᠠᠨ ᠤᠯᠤᠰ | ᠠᠴᠠ ᠰᠠᠯᠭᠠᠨ ᠥᠭᠭᠦᠭᠰᠡᠨ ᠪᠡᠯᠡ ᠮᠥᠩᠭᠦ ᠨᠢ 1000 ᠲᠦᠮᠡᠨ ᠲᠥᠭᠦᠷᠢᠭ ᠠᠴᠠ ᠳᠡᠭᠡᠭᠰᠢ ᠪᠠᠶᠢᠪᠠᠯ᠂ ᠨᠢᠭᠡ | ᠤᠳᠠᠭ᠎ᠠ ᠶᠢᠨ ᠴᠢᠨᠠᠷᠲᠠᠢ ᠪᠠᠷ 50 ᠲᠦᠮᠡᠨ ᠲᠥᠭᠦᠷᠢᠭ ᠤᠨ ᠰᠤᠳᠤᠯᠤᠨ ᠨᠡᠭᠡᠭᠡᠬᠦ ᠵᠠᠷᠤᠳᠠᠯ ᠤᠨ ᠱᠠᠩᠨᠠᠯ ᠤᠨ | ᠳᠡᠮᠵᠢᠯᠭᠡ ᠣᠯᠭᠤᠨ᠎ᠠ᠃ | ︵ᠳᠥᠷᠪᠡ︶ ᠠᠵᠤ ᠠᠬᠤᠶᠢᠯᠠᠯ ᠤᠨ ᠴᠢᠨᠠᠷ ᠰᠠᠶᠢᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠲᠦᠭᠡᠯ ᠢ ᠣᠷᠣᠭᠤᠯᠤᠨ ᠠᠪᠴᠢᠷᠠᠵᠤ ᠬᠤᠪᠢᠷᠠᠭᠤᠯᠬᠤ ᠶᠢ ᠳᠡᠮᠵᠢᠨ᠎ᠡ᠃ ᠬᠥᠮᠥᠷᠭᠡ ᠳᠤ ᠣᠷᠣᠭᠤᠯᠤᠭᠰᠠᠨ ᠠᠵᠤ | ᠠᠬᠤᠶᠢᠯᠠᠯ ᠤᠨ ᠴᠢᠨᠠᠷ ᠰᠠᠶᠢᠲᠠᠢ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠣᠷᠣᠭᠤᠯᠤᠨ ᠠᠪᠴᠢᠷᠠᠵᠤ | ᠤᠯᠠᠷᠢᠭᠤᠯᠬᠤ ᠶᠢ ᠳᠡᠮᠵᠢᠵᠦ᠂ ᠮᠠᠨ ᠤ ᠬᠤᠲᠠ ᠶᠢᠨ ᠭᠤᠣᠯᠳᠠᠯᠭ᠎ᠠ ᠲᠠᠢ ᠠᠵᠤ ᠦᠢᠯᠡᠰ ᠤᠨ ᠵᠠᠩᠭᠢᠯᠠᠭ᠎ᠠ ᠶᠢᠨ | ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠬᠤ ᠶᠢᠨ ᠲᠣᠭᠤᠷᠢᠨ ᠳᠤ ᠬᠡᠷᠡᠭᠵᠢᠭᠦᠯᠦᠭᠰᠡᠨ ᠴᠢᠬᠤᠯᠠ ᠶᠡᠭᠡ | ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠤᠯᠠᠷᠢᠭᠤᠯᠬᠤ ᠪᠠ ᠠᠵᠤ ᠦᠶᠢᠯᠡᠰᠵᠢᠭᠦᠯᠬᠦ ᠲᠥᠷᠥᠯ | ᠵᠦᠢᠯ ᠳᠤ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠶᠢᠨ ᠲᠤᠭ᠎ᠠ ᠶᠢᠨ ᠬᠠᠷᠢᠴᠠᠯ ᠢᠶᠠᠷ 5% ᠠᠴᠠ | ᠳᠠᠪᠠᠭᠤᠯᠬᠤ ᠦᠭᠡᠢ᠂ ᠵᠢᠯ ᠪᠦᠷᠢ ᠬᠠᠮᠤᠭ ᠤᠨ ᠥᠨᠳᠥᠷ ᠲᠡᠭᠡᠨ 1000 ᠲᠦᠮᠡᠨ ᠲᠥᠭᠦᠷᠢᠭ ᠠᠴᠠ | ᠳᠠᠪᠠᠭᠤᠯᠬᠤ ᠱᠠᠩᠨᠠᠯ ᠤᠨ ᠳᠡᠮᠵᠢᠯᠭᠡ ᠣᠯᠭᠤᠵᠤ᠂ ᠦᠷᠭᠦᠯᠵᠢᠯᠡᠨ 3 ᠵᠢᠯ ᠠᠴᠠ ᠳᠠᠪᠠᠭᠤᠯᠬᠤ ᠦᠭᠡᠢ ᠳᠡᠮᠵᠢᠯᠭᠡ | ᠦᠵᠡᠭᠦᠯᠦᠨ᠎ᠡ᠃ ᠬᠥᠮᠥᠷᠭᠡ ᠳᠤ ᠣᠷᠣᠭᠤᠯᠬᠤ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠬᠦ ᠲᠥᠯᠦᠪᠵᠢᠭᠦᠯᠭᠡ᠂ ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ᠂ | ᠰᠢᠨ᠎ᠡ ᠶᠢ ᠡᠭᠦᠳᠬᠦ ᠲᠦᠷᠦ ᠶᠢᠨ ᠪᠣᠳᠣᠯᠭ᠎ᠠ ᠪᠠ ᠮᠡᠷᠭᠡᠵᠢᠯ ᠤᠨ ᠪᠠᠷᠢᠮᠵᠢᠶ᠎ᠠ ᠶᠢ ᠰᠤᠳᠤᠯᠤᠨ ᠲᠣᠭᠲᠠᠭᠠᠬᠤ ᠳᠤ | ᠣᠷᠣᠯᠴᠠᠬᠤ ᠶᠢ ᠳᠡᠮᠵᠢᠬᠦ ᠪᠠ ᠵᠣᠷᠢᠭᠵᠢᠭᠤᠯᠤᠨ᠎ᠠ᠃ ᠪᠡᠯᠡᠳᠬᠡᠮᠵᠢ ᠶᠢᠨ ᠲᠠᠪᠴᠠᠩ᠂ ᠲᠤᠭ᠎ᠠ ᠪᠠᠷᠢᠮᠲᠠ᠂ | ᠮᠡᠷᠭᠡᠵᠢᠯ ᠤᠨ ᠰᠢᠯᠭᠠᠨ ᠪᠠᠲᠤᠯᠠᠬᠤ ᠣᠷᠴᠢᠨ ᠲᠣᠭᠤᠷᠢᠨ ᠵᠡᠷᠭᠡ ᠰᠢᠨ᠎ᠡ ᠶᠢ ᠡᠭᠦᠳᠬᠦ ᠡᠬᠢ ᠪᠠᠶᠠᠯᠢᠭ ᠪᠠ | ᠬᠡᠷᠡᠭᠯᠡᠭᠡᠨ ᠤ ᠲᠠᠯᠠᠪᠤᠷ ᠤᠨ ᠨᠡᠭᠡᠭᠡᠯᠲᠡ ᠶᠢ ᠤᠯᠠᠮ ᠨᠢᠭᠡ ᠠᠯᠬᠤᠮ ᠨᠡᠮᠡᠭᠳᠡᠭᠦᠯᠵᠦ᠂ ᠬᠥᠮᠥᠷᠭᠡ ᠳᠤ ᠣᠷᠣᠭᠤᠯᠬᠤ | ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠨ᠎ᠡ᠃ | ︵ᠲᠠᠪᠤ︶ ᠠᠵᠤ ᠠᠬᠤᠶᠢᠯᠠᠯ ᠤᠨ ᠳᠡᠭᠡᠳᠦ ᠲᠠᠰ ᠤᠨ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠪᠠᠨ | ᠴᠢᠩᠭᠠᠳᠬᠠᠬᠤ ᠶᠢ ᠳᠡᠮᠵᠢᠨ᠎ᠡ᠃ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠠᠵᠢᠯᠲᠠᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠬᠤᠪᠢ | ᠨᠡᠮᠡᠷᠢ ᠶᠢᠨ ᠱᠠᠩᠨᠠᠯ᠂ ᠥᠪᠡᠷᠲᠡᠭᠡᠨ ᠵᠠᠰᠠᠬᠤ ᠣᠷᠣᠨ ᠤ ᠢᠳᠡᠷ ᠵᠠᠯᠠᠭᠤᠴᠣᠳ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠰᠢᠨ᠎ᠡ ᠶᠢ ᠡᠭᠦᠳᠦᠭᠰᠡᠨ ᠱᠠᠩᠨᠠᠯ ᠢ ᠭᠥᠷᠳᠡᠭᠰᠡᠨ ᠬᠤᠪᠢ ᠬᠥᠮᠥᠨ ᠳᠤ ᠨᠢᠭᠡ ᠤᠳᠠᠭ᠎ᠠ ᠶᠢᠨ ᠴᠢᠨᠠᠷᠲᠠᠢ | ᠱᠠᠩᠨᠠᠯ ᠤᠨ ᠳᠡᠮᠵᠢᠯᠭᠡ ᠣᠯᠭᠤᠨ᠎ᠠ᠃ | ︵ᠵᠢᠷᠭᠤᠭ᠎ᠠ︶ ᠠᠵᠤ ᠠᠬᠤᠶᠢᠯᠠᠯ ᠤᠨ ᠰᠢᠯᠢᠳᠡᠭ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ | ᠭᠠᠷᠭᠠᠬᠤ ᠶᠢ ᠵᠣᠷᠢᠭᠵᠢᠭᠤᠯᠤᠨ᠎ᠠ᠃ ᠬᠥᠮᠥᠷᠭᠡ ᠳᠤ ᠣᠷᠣᠭᠤᠯᠤᠭᠰᠠᠨ ᠠᠵᠤ ᠠᠬᠤᠶᠢᠯᠠᠯ ᠤᠨ ᠤᠯᠤᠰ ᠤᠨ ᠰᠢᠨᠵᠢᠯᠡᠬᠦ | ᠤᠬᠠᠭᠠᠨ ᠮᠡᠷᠭᠡᠵᠢᠯ ᠤᠨ ᠱᠠᠩᠨᠠᠯ ᠢ ᠣᠯᠣᠭᠰᠠᠨ ᠨᠢᠭᠡᠳᠦᠭᠡᠷ ᠪᠡᠶᠡᠯᠡᠭᠦᠯᠦᠭᠰᠡᠨ ᠨᠢᠭᠡᠴᠢ ᠵᠢᠴᠢ ᠬᠠᠮᠢᠶ᠎ᠠ ᠪᠦᠬᠦᠢ | ᠬᠥᠮᠥᠰ ᠲᠤ ᠨᠢᠭᠡ ᠤᠳᠠᠭ᠎ᠠ ᠶᠢᠨ ᠴᠢᠨᠠᠷᠲᠠᠢ ᠪᠠᠷ ᠤᠯᠤᠰ ᠤᠨ ᠱᠠᠩᠨᠠᠯ ᠤᠨ ᠵᠣᠭᠤᠰ ᠤᠨ ᠲᠤᠭ᠎ᠠ ᠶᠢᠨ ᠲᠡᠩᠴᠡᠭᠦᠦ | ᠲᠣᠭᠠᠨ ᠤ ᠱᠠᠩᠨᠠᠯ ᠤᠨ ᠳᠡᠮᠵᠢᠯᠭᠡ ᠣᠯᠭᠤᠨ᠎ᠠ︔ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠱᠠᠩᠨᠠᠯ ᠢ ᠨᠡᠷ᠎ᠡ ᠳᠤᠷᠠᠳᠤᠭᠤᠯᠤᠭᠰᠠᠨ ᠤ ᠬᠠᠮᠲᠤ ᠣᠯᠣᠭᠰᠠᠨ ᠦᠷ᠎ᠡ ᠪᠦᠲᠦᠭᠡᠯ ︵ᠪᠠᠶᠢᠭᠠᠯᠢ ᠶᠢᠨ | ᠰᠢᠨᠵᠢᠯᠡᠬᠦ ᠤᠬᠠᠭᠠᠨ ᠤ ᠱᠠᠩᠨᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠡᠭᠦᠳᠦᠯᠲᠡ ᠶᠢᠨ ᠱᠠᠩᠨᠠᠯ᠂ ᠰᠢᠨᠵᠢᠯᠡᠬᠦ | ᠤᠬᠠᠭᠠᠨ ᠮᠡᠷᠭᠡᠵᠢᠯ ᠤᠨ ᠳᠠᠪᠰᠢᠯᠲᠠ ᠶᠢᠨ ᠱᠠᠩᠨᠠᠯ ᠪᠠᠭᠲᠠᠨ᠎ᠠ︶ ᠳᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ | ᠳᠡᠮᠵᠢᠯᠭᠡ ᠣᠯᠭᠤᠨ᠎ᠠ᠃ | ︵ᠬᠥᠬᠡᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠴᠠ ᠰᠢᠯᠵᠢᠭᠦᠯᠪᠡ︶ | | | | ᠢᠷᠡᠯᠲᠡ᠄ ᠬᠤᠲᠣᠩ ᠠᠷᠠᠳ ᠤᠨ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠰᠦᠯᠵᠢᠶ᠎ᠡ | | |