| | ︵ᠰᠤᠷᠪᠤᠯᠵᠢᠯᠠᠭᠴᠢ ᠴᠢ ᠰᠢᠶᠣᠣ ᠶᠠᠨ︶ ᠣᠶᠢᠷ᠎ᠠ ᠳᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠴᠠ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ | ᠵᠡᠷᠭᠡ ᠲᠠᠢ ᠬᠠᠮᠲᠤᠷᠠᠨ ᠦᠨ᠎ᠡ ᠬᠠᠶᠠᠯᠴᠠᠵᠤ ᠬᠤᠳᠠᠯᠳᠤᠬᠤ᠂ ᠬᠡᠭᠡᠷ᠎ᠡ ᠶᠢᠨ ᠠᠮᠢᠲᠠᠨ ᠵᠢᠴᠢ ᠲᠡᠭᠦᠨ ᠤ | ᠪᠦᠲᠦᠭᠡᠭᠳᠡᠬᠦᠨ ᠵᠡᠷᠭᠡ ᠴᠢᠬᠤᠯᠠ ᠬᠦᠷᠢᠶᠡᠨ ᠳᠠᠬᠢ ᠵᠠᠬ᠎ᠠ ᠳᠡᠯᠭᠡᠭᠦᠷ ᠤᠨ ᠵᠢᠷᠤᠮᠵᠢᠭᠰᠠᠨ ᠬᠠᠮᠢᠶᠠᠷᠤᠯᠲᠠ ᠶᠢ ᠰᠠᠯᠠᠭ᠎ᠠ | ᠮᠥᠴᠢᠷ ᠠᠯᠤᠰᠯᠠᠨ ︽ᠬᠤᠶᠠᠷ ᠢ ᠰᠤᠭᠤᠴᠢᠨ᠂ ᠨᠢᠭᠡ ᠶᠢ ᠢᠯᠡ ᠪᠣᠯᠭᠠᠬᠤ︾ ᠬᠠᠮᠲᠤᠷᠠᠭᠰᠠᠨ ᠪᠠᠶᠢᠴᠠᠭᠠᠯᠲᠠ | ᠥᠷᠨᠢᠭᠦᠯᠪᠡ᠃ | ᠲᠣᠰ ᠤᠳᠠᠭᠠᠨ ᠤ ᠬᠠᠮᠲᠤᠷᠠᠭᠰᠠᠨ ᠪᠠᠶᠢᠴᠠᠭᠠᠯᠲᠠ ᠳᠤ ᠦᠷ᠎ᠡ ᠪᠦᠲᠦᠮᠵᠢ ᠣᠯᠬᠤ ᠶᠢᠨ ᠲᠥᠯᠥᠭᠡ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠲᠣᠰ ᠲᠣᠰ ᠲᠤᠨᠢ ᠰᠤᠭᠤᠴᠢᠨ | ᠪᠠᠶᠢᠴᠠᠭᠠᠬᠤ ᠲᠥᠯᠥᠪᠯᠡᠭᠡ ᠲᠣᠭᠲᠠᠭᠠᠵᠠᠢ᠃ ᠦᠨ᠎ᠡ ᠬᠠᠶᠠᠯᠴᠠᠵᠤ ᠬᠤᠳᠠᠯᠳᠤᠬᠤ᠂ ᠡᠷᠲᠡᠨ ᠤ ᠡᠳ᠋᠂ ᠬᠤᠸᠠᠷ | ᠴᠡᠴᠡᠭ ᠰᠢᠪᠠᠭᠤ ᠵᠡᠷᠭᠡ ᠲᠠᠯᠠᠪᠤᠷ ᠭᠠᠵᠠᠷ ᠤᠨ ᠣᠯᠠᠨ ᠡᠵᠡᠩᠨᠡᠯᠲᠡ ᠶᠢᠨ ᠡᠷᠦᠬᠡ ᠳᠤ | ᠭᠤᠣᠯᠳᠠᠯᠭ᠎ᠠ ᠲᠠᠢ ᠪᠠᠶᠢᠴᠠᠭᠠᠯᠲᠠ ᠬᠢᠵᠦ᠂ ᠦᠨ᠎ᠡ ᠬᠠᠶᠠᠯᠴᠠᠵᠤ ᠬᠤᠳᠠᠯᠳᠤᠬᠤ ᠠᠵᠤ ᠠᠬᠤᠶᠢᠯᠠᠯ ᠤᠨ ᠭᠤᠣᠯ | ᠴᠣᠭᠴᠠ ᠶᠢᠨ ᠬᠢᠷᠢ ᠬᠡᠮ᠂ ᠦᠨ᠎ᠡ ᠬᠠᠶᠠᠵᠤ ᠬᠤᠳᠠᠯᠳᠤᠭᠴᠢ ᠶᠢᠨ ᠦᠨᠡᠮᠯᠡᠯ ᠣᠯᠣᠭᠰᠠᠨ ᠪᠠᠶᠢᠳᠠᠯ᠂ ᠦᠨ᠎ᠡ | ᠬᠠᠶᠠᠯᠴᠠᠵᠤ ᠬᠤᠳᠠᠯᠳᠤᠬᠤ ᠲᠠᠰ ᠳᠠᠷᠠᠭᠠᠯᠠᠯ ᠤᠨ ᠬᠠᠤᠯᠢ ᠶᠣᠰᠣᠴᠢ ᠴᠢᠨᠠᠷ ᠪᠠ ᠦᠨ᠎ᠡ ᠬᠠᠶᠠᠯᠴᠠᠵᠤ ᠬᠤᠳᠠᠯᠳᠤᠬᠤ | ᠲᠠᠩᠰᠠ ᠡᠪᠬᠡᠮᠡᠯ ᠤᠨ ᠵᠢᠷᠤᠮᠵᠢᠯ ᠤᠨ ᠴᠢᠨᠠᠷ ᠵᠡᠷᠭᠡ ᠬᠠᠮᠢᠶ᠎ᠠ ᠪᠦᠬᠦᠢ ᠮᠠᠲ᠋ᠧᠷᠢᠶᠠᠯ ᠢ ᠨᠢᠭᠡᠳ ᠨᠢᠭᠡ ᠪᠠᠷ ᠪᠠᠶᠢᠴᠠᠭᠠᠵᠤ᠂ | ᠬᠠᠤᠯᠢ ᠠᠴᠠ ᠵᠥᠷᠢᠴᠡᠨ ᠦᠨ᠎ᠡ ᠬᠠᠶᠠᠯᠴᠠᠵᠤ ᠬᠤᠳᠠᠯᠳᠤᠬᠤ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠪᠠ᠃ | ᠡᠭᠦᠨ ᠠᠴᠠ ᠭᠠᠳᠠᠨ᠎ᠠ᠂ ᠪᠠᠶᠢᠴᠠᠭᠠᠬᠤ ᠳᠤᠭᠤᠶᠢᠯᠠᠩ ᠤᠨ ᠬᠢᠨ ᠪᠠᠰᠠ ᠶᠡᠭᠡ ᠵᠤᠤ ᠶᠢᠨ ᠡᠷᠬᠢᠨ ᠲᠣᠭᠤᠷᠢᠨ ᠤ ᠬᠡᠰᠡᠭ | ᠡᠷᠲᠡᠨ ᠤ ᠡᠳ᠋ ᠤᠨ ᠳᠡᠯᠭᠡᠭᠦᠷ ᠵᠢᠴᠢ ᠬᠤᠲᠣᠩ ᠠᠷᠠᠳ ᠤᠨ ᠲᠣᠭᠤᠷᠢᠭ ᠤᠨ ᠨᠢᠦ ᠵᠢᠶᠧ ᠵᠡᠭᠡᠯᠢ ᠶᠢᠨ ᠬᠡᠰᠡᠭ | ᠡᠩᠬᠦᠷᠡᠢ ᠠᠮᠢᠲᠠᠨ ᠤ ᠳᠡᠯᠭᠡᠭᠦᠷ᠂ ᠤᠰᠤᠨ ᠠᠮᠢᠲᠠᠨ ᠤ ᠬᠤᠳᠠᠯᠳᠤᠭ᠎ᠠ ᠳᠤ ᠪᠠᠶᠢᠴᠠᠭᠠᠯᠲᠠ ᠬᠢᠵᠦ᠂ ᠬᠡᠭᠡᠷ᠎ᠡ ᠶᠢᠨ | ᠠᠮᠢᠲᠠᠨ ᠵᠢᠴᠢ ᠲᠡᠭᠦᠨ ᠤ ᠪᠦᠲᠦᠭᠡᠭᠳᠡᠬᠦᠨ ᠢ ᠬᠠᠤᠯᠢ ᠪᠤᠰᠤ ᠪᠠᠷ ᠬᠤᠳᠠᠯᠳᠤᠨ ᠠᠪᠤᠭᠰᠠᠨ᠂ ᠬᠤᠳᠠᠯᠳᠤᠭᠰᠠᠨ᠂ | ᠠᠰᠢᠭᠯᠠᠭᠰᠠᠨ᠂ ᠢᠳᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠵᠠᠢ᠃ |