ᠪᠣᠣ ᠭᠠᠩ ᠨᠠᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠰᠤᠷᠪᠤᠯᠵᠢᠯᠠᠪᠠ
ᠨᠡᠶᠢᠲᠡᠯᠡᠭᠰᠡᠨ ᠴᠠᠭ᠄
2023/5/25
     ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 23 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠨᠠᠷ ᠳᠤᠮᠳᠠᠳᠤ ᠤᠯᠤᠰ ᠤᠨ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠳᠤ ᠠᠶᠢᠯᠴᠢᠯᠠᠵᠤ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠨᠠᠮ ᠤᠨ ᠤᠳᠤᠷᠢᠳᠬᠤ  ᠳᠤᠭᠤᠶᠢᠯᠠᠩ ᠤᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠶᠤᠸᠠᠨ ᠵᠢᠶᠧ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃      ᠰᠠᠭᠤᠳᠠᠯ ᠤᠨ ᠬᠤᠷᠠᠯ ᠳᠡᠭᠡᠷ᠎ᠡ᠂ ᠪᠣᠣ ᠭᠠᠩ ᠬᠡᠯᠡᠬᠦ ᠳᠡᠭᠡᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠬᠥᠬᠡᠬᠤᠲᠠ ᠳᠤ ᠰᠠᠭᠤᠷᠢᠰᠢᠭᠰᠠᠨ 60 ᠭᠠᠷᠤᠢ ᠵᠢᠯ ᠤᠨ ᠲᠤᠷᠰᠢ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠬᠥᠭᠵᠢᠯᠲᠡ ᠳᠤ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠣᠷᠣᠨ ᠨᠤᠲᠤᠭ ᠠᠵᠤ ᠠᠬᠤᠶᠢᠯᠠᠯ ᠬᠤᠶᠠᠷ ᠲᠠᠯ᠎ᠠ ᠪᠠᠷ ᠢᠶᠠᠨ ᠭᠦᠨ ᠵᠤᠵᠠᠭᠠᠨ ᠨᠥᠬᠦᠷᠯᠡᠯ ᠲᠠᠢ ᠪᠣᠯᠵᠠᠢ᠃ ᠬᠥᠬᠡᠬᠤᠲᠠ ᠣᠳᠣᠬᠠᠨ ᠳᠤ ᠶᠠᠭ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠳᠤ ᠠᠰᠢᠭᠲᠠᠢ ᠠᠵᠠ ᠲᠣᠬᠢᠶᠠᠯ ᠬᠠᠩᠭᠠᠵᠠᠢ᠃ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠬᠥᠬᠡᠬᠤᠲᠠ ᠳᠠᠬᠢ ᠠᠵᠤ ᠦᠢᠯᠡᠰ ᠤᠨ ᠪᠠᠶᠢᠷᠢᠰᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠠᠭᠠᠷ ᠤᠨ ᠠᠶᠠᠯᠠᠯ ᠰᠠᠨᠰᠠᠷ ᠤᠨ ᠠᠶᠠᠯᠠᠯ᠂ ᠳᠡᠭᠡᠳᠦ ᠲᠡᠰ ᠤᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠬᠦᠷᠢᠶᠡᠨ ᠤ ᠨᠡᠩ ᠤᠯᠠᠨ ᠲᠦᠷᠦᠯ ᠵᠦᠢᠯ ᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠬᠥᠬᠡᠬᠤᠲᠠ ᠳᠤ ᠴᠤᠭᠯᠠᠷᠠᠬᠤ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠵᠡᠢ᠃      ᠶᠤᠸᠠᠨ ᠵᠢᠶᠧ ᠬᠥᠬᠡᠬᠤᠲᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠵᠢᠷᠭᠤᠳᠤᠭᠠᠷ ᠬᠦᠷᠢᠶᠡᠯᠡᠩ ᠤᠨ ᠬᠥᠭᠵᠢᠯᠲᠡ ᠳᠤ ᠳᠡᠮᠵᠢᠯᠭᠡ ᠦᠵᠡᠭᠦᠯᠦᠭᠰᠡᠭᠡᠷ ᠢᠷᠡᠭᠰᠡᠨ ᠳᠤ ᠲᠠᠯᠠᠷᠬᠠᠪᠠ᠃ ᠲᠡᠷᠡ ᠬᠡᠯᠡᠬᠦ ᠳᠡᠭᠡᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠬᠥᠬᠡᠬᠤᠲᠠ ᠲᠠᠢ ᠮᠠᠰᠢ ᠰᠠᠶᠢᠨ ᠬᠠᠮᠲᠤᠷᠠᠯᠴᠠᠭᠠᠨ ᠤ ᠰᠠᠭᠤᠷᠢ ᠲᠠᠢ ᠶᠤᠮ᠂ ᠳᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠢᠶᠠᠷ ᠢᠶᠠᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠪᠠᠨ ᠲᠦᠷᠭᠡᠨ ᠠᠬᠢᠭᠤᠯᠵᠤ᠂ ᠣᠷᠣᠨ ᠨᠤᠲᠤᠭ ᠤᠨ ᠬᠥᠭᠵᠢᠯᠲᠡ ᠶᠢᠨ ᠬᠡᠷᠡᠭᠴᠡᠭᠡ ᠲᠠᠢ ᠭᠦᠨᠵᠡᠭᠡᠢ ᠵᠣᠯᠭᠠᠭᠤᠯᠵᠤ᠂ ᠲᠤᠰ ᠪᠡᠶ᠎ᠡ ᠶᠢᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠬᠥᠬᠡᠬᠤᠲᠠ ᠶᠢᠨ ᠰᠠᠨᠰᠠᠷ ᠤᠨ ᠠᠶᠠᠯᠠᠯ ᠤᠨ ᠠᠵᠤ ᠠᠬᠤᠢ ᠶᠢᠨ ᠨᠡᠭᠡᠭᠡᠯᠲᠡ ᠶᠢᠨ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠲᠦᠯᠬᠢᠨ ᠠᠬᠢᠭᠤᠯᠤᠨ᠎ᠠ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠤᠨ ᠪᠠᠶᠢᠩᠭᠤ ᠶᠢᠨ ᠳᠡᠳ᠋ ᠡᠷᠬᠢᠯᠡᠭᠴᠢ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠠᠯᠪᠠᠨ ᠭᠡᠷ ᠤᠨ ᠡᠷᠬᠢᠯᠡᠭᠴᠢ ᠴᠢ ᠱᠢ ᠯᠢᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠠᠯᠪᠠᠨ ᠭᠡᠷ ᠤᠨ ᠳᠡᠳ᠋ ᠡᠷᠬᠢᠯᠡᠭᠴᠢ ᠯᠢᠦ ᠶᠠᠨ ᠵᠢᠶᠦ᠋ᠨ᠂ ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ᠂ ᠰᠠᠨᠰᠠᠷ ᠤᠨ ᠠᠶᠠᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠳᠪᠦᠷᠢ ᠶᠢᠨ ᠪᠦᠯᠦᠭᠯᠡᠯ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠨᠢᠭᠡᠴᠡ ᠶᠢᠨ ᠤᠳᠤᠷᠢᠳᠤᠯᠭ᠎ᠠ ᠰᠠᠭᠤᠳᠠᠯ ᠤᠨ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号