| | ᠾᠧ ᠬᠠᠢ ᠳ᠋ᠦᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠠᠷᠢᠭᠤᠨ᠎ᠠ︶ 5 ᠳ᠋ᠤᠭᠠᠷ ᠰᠠᠷ᠎ᠠ ᠶᠢᠨ 23 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠬᠤᠳᠠ ᠶᠢᠨ ᠳᠠᠷᠤᠭ᠎ᠠ ᠾᠧ ᠬᠠᠢ ᠳ᠋ᠦᠩ ᠬᠤᠳᠠ ᠶᠢᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠤᠰ ᠠᠴᠠ ᠲᠡᠮᠵᠢᠵᠦ ᠪᠠᠶᠢᠭ᠎ᠠ ᠭᠤᠣᠯᠳᠠᠯᠭ᠎ᠠ ᠲᠠᠢ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠤᠨ ᠠᠬᠢᠴᠠ ᠶᠢᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ᠂ ︽ᠬᠥᠬᠡᠬᠤᠲᠠ ᠶᠢᠨ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠪᠡᠯᠡᠳᠬᠡᠯ ᠱᠠᠲᠤᠨ ᠤ ᠠᠵᠢᠯ ᠤᠨ ᠬᠡᠷᠡᠭᠵᠢᠭᠦᠯᠬᠦ ᠲᠥᠰᠥᠯ︾ ᠢ ᠬᠢᠨᠠᠨ | ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠪᠠ᠃ | ᠬᠤᠷᠠᠯ ᠠᠴᠠ᠂ ᠤᠯᠤᠰ ᠠᠴᠠ ᠳᠡᠮᠵᠢᠵᠦ ᠪᠠᠶᠢᠭ᠎ᠠ ᠭᠤᠣᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ | ᠪᠠᠶᠢᠭᠤᠯᠤᠯᠲᠠ ᠨᠢ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠲᠠᠢ ᠬᠤᠯᠪᠣᠭᠳᠠᠨ᠎ᠠ᠂ ᠮᠥᠨᠴᠦ ᠪᠦᠬᠦ ᠬᠤᠳᠠ ᠶᠢᠨ | ᠴᠢᠨᠠᠷ ᠰᠠᠶᠢᠲᠠᠢ ᠬᠥᠭᠵᠢᠯᠲᠡ ᠶᠢᠨ ᠴᠢᠬᠤᠯᠠ ᠭᠠᠷᠳᠠᠴᠠ ᠪᠣᠯᠣᠨ᠎ᠠ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠦᠵᠡᠯ | ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠢᠯᠡᠴᠢᠯᠡᠭᠡᠨ ᠤ ᠦᠵᠡᠯ ᠤᠬᠠᠮᠰᠠᠷ ᠢᠶᠠᠨ | ᠪᠠᠲᠤᠳᠬᠠᠵᠤ᠂ ᠲᠥᠷᠥᠯ ᠵᠦᠢᠯ ᠢ ᠲᠦᠯᠬᠢᠨ ᠠᠬᠢᠭᠤᠯᠵᠤ ᠪᠠᠶᠢᠭ᠎ᠠ ᠪᠠᠶᠢᠳᠠᠯ ᠢ ᠨᠠᠷᠢᠨ ᠬᠢᠨᠠᠮᠠᠭᠠᠢ ᠵᠠᠳᠠᠯᠵᠤ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠲᠤᠯᠭᠠᠷᠠᠭᠰᠠᠨ ᠡᠯ᠎ᠡ ᠵᠦᠢᠯ ᠤᠨ ᠬᠦᠴᠢᠷᠳᠡᠯ ᠪᠣᠯᠣᠨ | ᠠᠰᠠᠭᠤᠳᠠᠯ ᠢ ᠢᠳᠡᠪᠬᠢᠲᠡᠢ ᠵᠣᠬᠢᠴᠠᠭᠤᠯᠤᠨ ᠰᠢᠢᠳᠪᠦᠷᠢᠯᠡᠬᠦ ᠬᠡᠷᠡᠭᠲᠡᠢ᠃ ᠠᠵᠢᠯ ᠤᠨ ᠡᠭᠦᠷᠭᠡ ᠪᠠᠨ ᠲᠣᠳᠣᠷᠬᠠᠢ | ᠪᠣᠯᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠤᠯᠤᠰ ᠠᠴᠠ ᠭᠤᠣᠯᠳᠠᠯᠭ᠎ᠠ ᠲᠠᠢ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠡᠯ᠎ᠡ ᠵᠦᠢᠯ ᠤᠨ ᠠᠵᠢᠯ ᠢ ᠬᠦᠴᠦᠲᠡᠢ ᠠᠬᠢᠭᠤᠯᠵᠤ᠂ ᠵᠢᠷᠤᠮ | ᠲᠠᠢ ᠥᠨᠳᠥᠷ ᠪᠦᠲᠦᠮᠵᠢᠲᠡᠶ ᠬᠡᠷᠡᠭᠵᠢᠭᠦᠯᠬᠦ ᠶᠢ ᠦᠨᠡᠨ ᠬᠦ ᠪᠠᠲᠤᠯᠠᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ | ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠬᠤ ᠬᠡᠷᠡᠭᠲᠡᠢ ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ ᠠᠬᠤᠢ ᠶᠢᠨ | ᠨᠡᠶᠢᠳᠡᠮ ᠤᠨ ᠪᠠᠶᠢᠴᠠᠭᠠᠯᠲᠠ ᠶᠢᠨ ᠠᠵᠢᠯ ᠪᠣᠯ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠥᠩᠭᠡᠷᠡᠭᠰᠡᠨ ᠲᠠᠪᠤᠨ | ᠵᠢᠯ ᠤᠨ ᠬᠥᠭᠵᠢᠯᠲᠡ ᠶᠢᠨ ᠦᠷ᠎ᠡ ᠪᠦᠲᠦᠮᠵᠢ ᠶᠢᠨ ᠨᠢᠭᠡ ᠤᠳᠠᠭ᠎ᠠ ᠶᠢᠨ ᠪᠦᠬᠦ ᠲᠠᠯ᠎ᠠ ᠶᠢᠨ ᠪᠠᠶᠢᠴᠠᠭᠠᠯᠲᠠ ᠪᠣᠯᠣᠨ᠎ᠠ᠂ | ᠡᠨᠡ ᠨᠢ ᠪᠦᠬᠦ ᠬᠤᠳᠠ ᠶᠢᠨ ︽ᠭᠡᠷ ᠤᠨ ᠡᠳ᠋ ᠬᠥᠷᠥᠩᠭᠡ︾ ᠶᠢ ᠣᠶᠢᠯᠠᠭᠠᠬᠤ ᠳᠤ ᠠᠰᠢᠭᠲᠠᠢ ᠪᠠᠶᠢᠵᠤ᠂ | ᠬᠤᠳᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ | ᠪᠣᠳᠣᠯᠭ᠎ᠠ ᠲᠣᠭᠲᠠᠭᠠᠬᠤ ᠳᠤ ᠪᠦᠬᠦ ᠲᠠᠯ᠎ᠠ ᠶᠢᠨ ᠵᠥᠪ ᠣᠨᠣᠪᠴᠢᠲᠠᠢ ᠦᠨᠳᠦᠰᠦᠨ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠬᠠᠩᠭᠠᠬᠤ ᠳᠤ ᠠᠰᠢᠭᠲᠠᠢ ᠶᠤᠮ᠃ ᠲᠣᠰ ᠤᠳᠠᠭᠠᠨ ᠤ ᠨᠡᠶᠢᠳᠡᠮ ᠪᠠᠶᠢᠴᠠᠭᠠᠯᠲᠠ ᠶᠢᠨ ᠠᠵᠢᠯ ᠤᠨ | ᠤᠷᠤᠭᠰᠢᠲᠠᠢ ᠶᠠᠪᠤᠭᠳᠠᠬᠤ ᠶᠢ ᠦᠨᠡᠨᠬᠦ ᠪᠠᠲᠤᠯᠠᠬᠤ ᠶᠢᠨ ᠲᠤᠰᠠᠳᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ | ᠶᠠᠰᠤ ᠴᠢᠨᠠᠷ ᠤᠨ ᠬᠠᠮᠢᠶᠠᠷᠤᠯᠲᠠ ᠪᠠᠨ ᠴᠢᠩᠭᠠᠳᠬᠠᠵᠤ᠂ ᠨᠡᠶᠢᠳᠡᠮ ᠪᠠᠶᠢᠴᠠᠭᠠᠯᠲᠠ ᠶᠢᠨ ᠲᠥᠰᠥᠯ ᠢ ᠴᠢᠩᠭ᠎ᠠ | ᠬᠡᠷᠡᠭᠵᠢᠭᠦᠯᠦᠨ᠂ ᠨᠡᠶᠢᠳᠡᠮ ᠪᠠᠶᠢᠴᠠᠭᠠᠯᠲᠠ ᠶᠢᠨ ᠠᠵᠢᠯ ᠤᠨ ᠴᠤᠪᠤᠷᠠᠯ ᠢ ᠵᠢᠷᠤᠮᠵᠢᠭᠤᠯᠵᠤ᠂ ᠨᠡᠶᠢᠳᠡᠮ | ᠪᠠᠶᠢᠴᠠᠭᠠᠯᠲᠠ ᠶᠢᠨ ᠲᠤᠭ᠎ᠠ ᠪᠠᠷᠢᠮᠲᠠ ᠶᠢᠨ ᠦᠨᠡᠨ ᠪᠣᠳᠠᠲᠠᠢ ᠵᠥᠪ ᠣᠨᠣᠪᠴᠢᠲᠠᠶ᠂ ᠪᠦᠷᠢᠨ ᠪᠦᠲᠦᠨ ᠢᠲᠡᠭᠡᠮᠵᠢᠲᠡᠢ | ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠢ᠃ ᠪᠡᠯᠡ ᠮᠥᠩᠭᠦ ᠶᠢᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ | ᠠᠵᠢᠯ ᠤᠨ ᠬᠦᠴᠦᠨ ᠢᠶᠠᠨ ᠴᠢᠩᠭᠠᠷᠠᠭᠤᠯᠵᠤ᠂ ᠨᠡᠶᠢᠳᠡᠮ ᠪᠠᠶᠢᠴᠠᠭᠠᠯᠲᠠ ᠶᠢᠨ ᠵᠢᠭᠠᠨ ᠵᠢᠯᠣᠭᠤᠳᠤᠭᠴᠢ᠂ ᠨᠡᠶᠢᠳᠡᠮ | ᠪᠠᠶᠢᠴᠠᠭᠠᠭᠴᠢ ᠶᠢ ᠰᠣᠩᠭᠤᠨ ᠤᠷᠢᠬᠤ ᠪᠠ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ ᠰᠠᠶᠢᠲᠤᠷ ᠬᠢᠵᠦ᠂ ᠬᠡᠪ | ᠪᠣᠯᠪᠠᠰᠤᠷᠠᠯ ᠨᠢ ᠥᠨᠳᠥᠷ᠂ ᠴᠢᠳᠠᠪᠤᠷᠢ ᠨᠢ ᠴᠢᠩᠭ᠎ᠠ ᠨᠡᠶᠢᠳᠡᠮ ᠪᠠᠶᠢᠴᠠᠭᠠᠯᠲᠠ ᠶᠢᠨ ᠡᠩᠨᠡᠭᠡ ᠶᠢ ᠪᠠᠶᠢᠭᠤᠯᠬᠤ ᠬᠡᠷᠡᠭᠲᠡᠢ | ᠃ ᠥᠷᠭᠡᠨ ᠢᠶᠠᠷ ᠤᠬᠠᠭᠤᠯᠭ᠎ᠠ ᠬᠢᠵᠦ᠂ ᠥᠷᠭᠡᠨ ᠤᠯᠠᠨ ᠨᠡᠶᠢᠳᠡᠮ ᠪᠠᠶᠢᠴᠠᠭᠠᠯᠲᠠ ᠶᠢᠨ ᠡᠲᠡᠭᠡᠳ ᠢ ᠬᠥᠲᠥᠯᠥᠨ | ᠵᠢᠯᠤᠭᠤᠳᠴᠤ ᠨᠡᠶᠢᠳᠡᠮ ᠪᠠᠶᠢᠴᠠᠭᠠᠯᠲᠠ ᠳᠤ ᠬᠠᠤᠯᠢ ᠶᠣᠰᠣᠭᠠᠷ ᠬᠠᠮᠵᠢᠯᠴᠠᠭᠤᠯᠤᠨ᠂ ᠪᠦᠬᠦ ᠨᠡᠶᠢᠭᠡᠮ ᠢᠶᠠᠷ ᠢᠶᠠᠨ | ᠨᠡᠶᠢᠳᠡᠮ ᠪᠠᠶᠢᠴᠠᠭᠠᠯᠲᠠ ᠳᠤ ᠢᠳᠡᠪᠬᠢᠲᠡᠢ ᠣᠷᠣᠯᠴᠠᠵᠤ᠂ ᠲᠠᠪᠤᠳᠤᠭᠠᠷ ᠤᠳᠠᠭ᠎ᠠ ᠶᠢᠨ ᠪᠦᠬᠦ ᠤᠯᠤᠰ ᠤᠨ ᠠᠵᠤ | ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠤᠷᠤᠭᠰᠢᠲᠠᠢ ᠶᠠᠪᠤᠭᠳᠠᠬᠤ ᠳᠤ ᠰᠠᠶᠢᠨ ᠰᠠᠶᠢᠬᠠᠨ ᠨᠡᠶᠢᠭᠡᠮ ᠤᠨ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ ᠭᠡᠵᠡᠢ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ |