| | ︵ᠰᠤᠷᠪᠤᠯᠵᠢᠯᠠᠭᠴᠢ ᠯᠢᠶᠠᠩ ᠵᠢᠩ ᠱᠤ᠋︶ 5 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ | ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠢᠯᠢ ᠶᠢᠨ ᠣᠲᠣ ᠦᠶ᠎ᠡ ᠶᠢᠨ ᠣᠶᠤᠨᠲᠤ | ᠡᠷᠡᠭᠦᠯ ᠮᠡᠨᠳᠦ ᠶᠢᠨ ᠬᠥᠨᠳᠡᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ | ᠪᠠᠶᠢᠳᠠᠯ ᠳᠤ ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠡ᠃ | ᠶᠢᠨ ᠬᠠᠢ ᠵᠠᠮ ᠢ ᠥᠭᠡᠷᠡᠴᠢᠯᠡᠨ ᠳᠡᠭᠡᠭᠰᠢᠯᠡᠭᠦᠯᠬᠦ ᠬᠤᠶᠠᠳᠤᠭᠠᠷ ᠬᠤᠭᠤᠴᠠᠭᠠᠨ ᠤ ᠪᠠᠷᠠᠭᠤᠨ ᠰᠤᠩᠭᠠᠭᠰᠠᠨ | ᠬᠡᠰᠡᠭ ᠤᠨ ᠪᠠᠷᠢᠯᠭ᠎ᠠ ᠶᠢᠨ ᠲᠥᠷᠥᠯ ᠵᠦᠢᠯ ᠤᠨ ᠲᠤᠬᠠᠢ ᠶᠢᠨ ᠲᠠᠯᠠᠪᠠᠶ ᠳᠤ᠂ ᠾᠧ ᠬᠠᠢ ᠳ᠋ᠦᠩ ᠵᠥᠷᠢᠯᠢᠭ ᠵᠠᠮ ᠤᠨ | ᠰᠠᠯᠠᠭ᠎ᠠ ᠵᠠᠮ᠂ ᠬᠥᠭᠦᠷᠭᠡ ᠶᠢᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ᠂ ᠪᠠᠷᠢᠯᠭ᠎ᠠ ᠶᠢᠨ ᠠᠬᠢᠴᠠ | ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠰᠠᠶᠢᠨ ᠰᠠᠶᠢᠬᠠᠨ ᠵᠠᠮ ᠬᠠᠷᠢᠯᠴᠠᠭᠠᠨ ᠤ ᠣᠷᠴᠢᠨ | ᠲᠣᠭᠤᠷᠢᠨ ᠪᠠ ᠪᠦᠷᠢᠨ ᠲᠡᠭᠦᠯᠳᠡᠷ ᠵᠠᠮ ᠬᠠᠷᠢᠯᠴᠠᠭᠠᠨ ᠤ ᠲᠣᠣᠷ ᠪᠣᠯ ᠠᠷᠠᠳ ᠤᠨ ᠠᠮᠢᠳᠤᠷᠠᠯ ᠤᠨ ᠴᠢᠬᠤᠯᠠ | ᠢᠨᠵᠧᠨᠧᠷᠢᠩ ᠮᠥᠨ᠂ ᠨᠡᠩ ᠴᠤ ᠬᠤᠳᠠ ᠶᠢᠨ ᠴᠢᠨᠠᠷ ᠴᠢᠨᠰᠠᠭ᠎ᠠ ᠪᠠ ᠳᠦᠷᠢ ᠲᠥᠷᠬᠦ ᠶᠢ ᠳᠡᠯᠭᠡᠨ ᠦᠵᠡᠭᠦᠯᠬᠦ | ᠴᠢᠬᠤᠯᠠ ᠴᠣᠩᠬᠤ ᠪᠣᠯᠣᠨ᠎ᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠵᠣᠬᠢᠴᠠᠨ ᠬᠠᠮᠲᠤᠷᠠᠯᠴᠠᠬᠤ ᠪᠠᠨ | ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠵᠦ᠂ ᠵᠠᠮ ᠢ | ᠨᠣᠭᠤᠭᠠᠷᠠᠭᠤᠯᠬᠤ᠂ ᠬᠤᠳᠠ ᠶᠢ ᠭᠡᠷᠡᠯᠳᠦᠬᠦᠯᠬᠦ ᠠᠵᠢᠯ ᠢ ᠵᠡᠷᠭᠡᠪᠡᠷ ᠰᠠᠶᠢᠲᠤᠷ ᠬᠢᠵᠦ᠂ ᠬᠤᠳᠠ ᠶᠢᠨ ᠲᠣᠭᠤᠷᠢᠭ ᠤᠨ | ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠤᠯᠠᠮ ᠨᠢᠭᠡ ᠠᠯᠬᠤᠮ ᠰᠠᠶᠢᠵᠢᠷᠠᠭᠤᠯᠵᠤ᠂ ᠬᠤᠳᠠ ᠶᠢᠨ | ᠬᠥᠭᠵᠢᠯᠲᠡ ᠶᠢᠨ ᠣᠷᠣᠨ ᠵᠠᠢ ᠶᠢ ᠥᠷᠭᠡᠳᠬᠡᠵᠦ᠂ ᠤᠯᠠᠨ ᠲᠦᠮᠡᠨ ᠳᠤ ᠨᠡᠩ ᠰᠢᠯᠢᠳᠡᠭ ᠰᠠᠶᠢᠨ ᠶᠠᠪᠤᠵᠤ ᠰᠠᠭᠤᠬᠤ | ᠣᠷᠴᠢᠨ ᠲᠣᠭᠤᠷᠢᠨ ᠢ ᠣᠯᠭᠤᠬᠤ ᠬᠡᠷᠡᠭᠲᠡᠢ ᠭᠡᠵᠡᠢ᠃ | ᠬᠥᠬᠡᠬᠤᠲᠠ ᠶᠢᠨ ᠤᠯᠠᠨ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠬᠦᠷᠢᠶᠡᠯᠡᠩ᠂ ᠴᠡᠯᠡᠭᠡᠷ ᠲᠠᠯ᠎ᠠ | ᠶᠢᠨ ᠠᠮᠢ ᠠᠬᠤᠢ ᠶᠢᠨ ᠣᠶᠤᠨᠲᠤ ᠮᠠᠯᠵᠢᠯ ᠤᠨ ᠲᠠᠯᠠᠪᠠᠢ᠂ ᠪᠢᠰᠢᠯᠠᠭ ᠤᠨ ᠪᠦᠬᠦ ᠪᠥᠮᠪᠥᠷᠴᠡᠭ ᠤᠨ ᠣᠶᠣᠨᠴᠢ | ᠦᠢᠯᠡᠳᠬᠦ ᠦᠢᠯᠡᠰ ᠤᠨ ᠬᠡᠪ ᠳᠠᠭᠤᠷᠢᠶᠠᠯ ᠤᠨ ᠰᠠᠭᠤᠷᠢᠨ᠂ ᠤᠯᠤᠰ ᠤᠨ ᠰᠦ ᠶᠢᠨ ᠦᠢᠯᠡᠰ ᠤᠨ ᠮᠡᠷᠭᠡᠵᠢᠯ ᠤᠨ | ᠰᠢᠨ᠎ᠡ ᠶᠢ ᠡᠭᠦᠳᠬᠦ ᠲᠥᠪ ᠲᠤ᠂ ᠾᠧ ᠬᠠᠢ ᠳ᠋ᠦᠩ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ᠂ | ᠪᠠᠷᠢᠵᠤ ᠳᠠᠭᠤᠰᠬᠠᠬᠤ ᠴᠠᠭ ᠵᠢᠴᠢ ᠠᠰᠢᠭᠯᠠᠯᠲᠠ ᠳᠤ ᠣᠷᠣᠬᠤ ᠠᠴᠠ ᠡᠮᠦᠨᠡᠬᠢ ᠪᠡᠯᠡᠳᠬᠡᠯ ᠪᠠᠶᠢᠳᠠᠯ ᠢ ᠨᠠᠷᠢᠨ | ᠣᠶᠢᠯᠠᠭᠠᠬᠤ ᠶᠢᠨ ᠬᠠᠮᠲᠤ ᠵᠠᠮ ᠤᠨ ᠬᠤᠶᠠᠷ ᠲᠠᠯ᠎ᠠ ᠶᠢᠨ ᠨᠣᠭᠤᠭᠠᠷᠠᠭᠤᠯᠤᠯᠲᠠ᠂ ᠣᠷᠴᠢᠨ ᠲᠣᠭᠤᠷᠢᠨ ᠤ ᠡᠷᠡᠭᠦᠯ | ᠬᠠᠮᠠᠭᠠᠯᠠᠯ ᠢ ᠴᠡᠭᠴᠡᠯᠡᠨ ᠵᠠᠰᠠᠭᠰᠠᠨ ᠵᠢᠴᠢ ᠠᠮᠢ ᠠᠬᠤᠢ ᠶᠢᠨ ᠨᠣᠭᠤᠭᠠᠨ ᠬᠤᠩᠭᠢᠯ ᠤᠨ ᠪᠦᠲᠦᠭᠡᠨ ᠪᠠᠶᠢᠭᠤᠯᠤᠯᠲᠠ | ᠵᠡᠷᠭᠡ ᠪᠠᠶᠢᠳᠠᠯ ᠢ ᠪᠠᠶᠢᠴᠠᠭᠠᠨ ᠦᠵᠡᠪᠡ᠃ ᠲᠡᠷᠡ ᠬᠡᠯᠡᠬᠦ ᠳᠡᠭᠡᠨ᠂ ᠡᠯ᠎ᠡ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠨᠢᠭᠡᠴᠡ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠳᠬᠤᠵᠤ᠂ ᠪᠦᠲᠦᠭᠡᠨ | ᠪᠠᠶᠢᠭᠤᠯᠤᠯᠲᠠ ᠶᠢᠨ ᠶᠠᠪᠤᠴᠠ ᠶᠢ ᠰᠢᠯᠢᠳᠡᠭᠵᠢᠭᠦᠯᠦᠨ᠂ ᠪᠠᠷᠢᠯᠭ᠎ᠠ ᠶᠢᠨ ᠬᠤᠭᠤᠴᠠᠭ᠎ᠠ ᠶᠢ ᠲᠣᠩᠭᠤᠷᠤᠭᠤᠯᠤᠨ | ᠪᠠᠶᠢᠷᠢᠯᠠᠭᠤᠯᠵᠤ᠂ ᠵᠢᠷᠤᠭ ᠡᠯᠭᠦᠨ ᠪᠠᠶᠢᠯᠳᠤᠭᠠᠨ ᠬᠢᠵᠦ᠂ ᠠᠶᠤᠯᠭᠦᠢ ᠶᠢ ᠪᠠᠲᠤᠯᠠᠭᠰᠠᠨ ᠤᠷᠢᠲᠠᠯ ᠳᠣᠣᠷ᠎ᠠ ᠪᠦᠬᠦ | ᠬᠦᠴᠦᠨ ᠢᠶᠠᠷ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠶᠢ ᠲᠦᠷᠭᠡᠳᠬᠡᠨ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠳ | ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠨ᠂ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠢᠳᠡᠪᠬᠢᠲᠡᠢ ᠪᠠᠷ ᠰᠢᠢᠳᠪᠦᠷᠢᠯᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ | ᠪᠠᠲᠤᠯᠠᠭ᠎ᠠ ᠶᠢ ᠦᠨᠡᠨ ᠰᠡᠳᠬᠢᠯ ᠠᠴᠠ ᠪᠠᠨ ᠰᠠᠶᠢᠲᠤᠷ ᠬᠢᠬᠦ ᠬᠡᠷᠡᠭᠲᠡᠢ︔ ᠵᠠᠮ ᠤᠨ ᠬᠤᠶᠠᠷ ᠬᠠᠵᠠᠭᠤ ᠶᠢᠨ | ᠨᠣᠭᠤᠭᠠᠷᠠᠭᠤᠯᠬᠤ᠂ ᠭᠤᠶᠣᠵᠢᠭᠤᠯᠬᠤ ᠠᠵᠢᠯ ᠢ ᠰᠠᠶᠢᠲᠤᠷ ᠬᠢᠵᠦ᠂ ᠵᠠᠮ ᠳᠠᠭᠠᠤ ᠶᠢᠨ ᠣᠷᠴᠢᠨ ᠲᠣᠭᠤᠷᠢᠨ ᠤ ᠴᠢᠨᠠᠷ | ᠴᠢᠨᠰᠠᠭ᠎ᠠ ᠶᠢ ᠳᠡᠭᠡᠭᠰᠢᠯᠡᠭᠦᠯᠦᠨ᠂ ᠬᠤᠲᠠ ᠶᠢᠨ ᠰᠠᠶᠢᠨ ᠰᠠᠶᠢᠬᠠᠨ ᠳᠦᠷᠢ ᠲᠥᠷᠬᠦ ᠶᠢ ᠬᠠᠷᠠᠭᠤᠯᠬᠤ ᠬᠡᠷᠡᠭᠲᠡᠢ ᠭᠡᠵᠡᠢ᠃ | | ᠬᠠᠮᠢᠶ᠎ᠠ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ | ᠣᠷᠣᠯᠴᠠᠪᠠ᠃ |