| | ᠪᠣᠣ ᠭᠠᠩ ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 24 ᠤ ᠡᠳᠦᠷ᠂ ᠮᠠᠨ ᠤ ᠬᠤᠳᠠ ᠱᠤᠸᠠᠩ | ᠵᠢᠶᠧ ᠴᠠᠬᠢᠯᠭᠠᠨ ᠤ ᠪᠦᠯᠦᠭᠯᠡᠯ ᠲᠠᠢ ᠰᠢᠨ᠎ᠡ ᠡᠨᠧᠷᠭᠢ ᠶᠢᠨ ᠳᠡᠭᠡᠳᠦ ᠲᠡᠰ ᠤᠨ ᠲᠤᠨᠤᠭ ᠲᠥᠬᠦᠭᠡᠷᠦᠮᠵᠢ ᠶᠢ | ᠰᠤᠳᠤᠯᠤᠨ ᠨᠡᠭᠡᠭᠡᠵᠦ ᠦᠢᠯᠡᠳᠬᠦ ᠰᠠᠭᠤᠷᠢᠨ ᠤ ᠲᠦᠷᠦᠯ ᠵᠦᠢᠯ ᠤᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ | ᠦᠰᠦᠭ ᠵᠢᠷᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ | ᠬᠤᠲᠠ ᠶᠢᠨ ᠳᠠᠷᠤᠭ᠎ᠠ ᠾᠧ ᠬᠠᠢ ᠳ᠋ᠦᠩ᠂ ᠱᠤᠸᠠᠩ ᠵᠢᠶᠧ ᠴᠠᠬᠢᠯᠭᠠᠨ ᠤ ᠪᠦᠯᠦᠭᠯᠡᠯ ᠤᠨ ᠬᠡᠷᠡᠭ ᠮᠡᠳᠡᠭᠴᠢᠳ ᠤᠨ | ᠲᠣᠪᠴᠢᠶ᠎ᠠ ᠶᠢᠨ ᠲᠡᠷᠢᠭᠦᠯᠡᠭᠴᠢ ᠵᠣᠣ ᡁᠢ ᠬᠤᠩ᠂ ᠱᠤᠸᠠᠩ ᠵᠢᠶᠧ ᠴᠠᠬᠢᠯᠭᠠᠨ ᠤ ᠪᠦᠯᠦᠭᠯᠡᠯ ᠤᠨ ᠶᠡᠷᠦᠩᠬᠡᠢ | ᠵᠠᠬᠢᠷᠤᠭᠴᠢ ᠶᠤᠸᠠᠨ ᠰᠢᠤᠸᠠᠢ ᠧᠨ ᠭᠠᠷ ᠤᠨ ᠥᠰᠥᠭ ᠵᠢᠷᠤᠬᠤ ᠶᠣᠰᠣᠯᠠᠯ ᠳᠤ ᠣᠷᠣᠯᠴᠠᠪᠠ᠃ | ᠣᠶᠢᠯᠠᠭᠠᠭᠰᠠᠨ ᠢᠶᠠᠷ᠂ ᠲᠣᠰ ᠤᠳᠠᠭᠠᠨ ᠤ ᠬᠡᠯᠡᠯᠴᠡᠭᠡᠷ ᠲᠣᠭᠲᠠᠭᠰᠠᠨ ᠲᠥᠷᠥᠯ ᠵᠦᠢᠯ ᠨᠢ ᠬᠥᠬᠡᠬᠤᠲᠠ ᠶᠢᠨ | ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠲᠤ ᠣᠷᠣᠵᠤ᠂ ᠤᠯᠠᠮᠵᠢᠯᠠᠯᠲᠤ ᠴᠠᠬᠢᠯᠭᠠᠨ ᠬᠦᠴᠦᠨ ᠤ | ᠢᠵᠢ ᠪᠦᠷᠢᠳᠦᠭᠦᠯᠬᠦ ᠵᠢᠴᠢ ᠰᠢᠨ᠎ᠡ ᠡᠨᠧᠷᠭᠢ ᠶᠢᠨ ᠣᠶᠤᠨᠲᠤ ᠬᠠᠶᠢᠷᠴᠠᠭᠲᠤ ᠬᠦᠴᠦᠳᠡᠯ ᠥᠭᠡᠷᠡᠴᠢᠯᠡᠭᠴᠢ᠂ ᠡᠨᠧᠷᠭᠢ | ᠬᠠᠳᠠᠭᠠᠯᠠᠬᠤ ᠵᠡᠷᠭᠡ ᠴᠠᠬᠢᠯᠭᠠᠨ ᠬᠦᠴᠦᠨ ᠤ ᠡᠯᠧᠺᠲᠷᠣᠨ ᠦᠢᠯᠡᠳᠬᠦᠨ ᠦᠢᠯᠡᠳᠬᠦ ᠲᠥᠷᠥᠯ ᠵᠦᠢᠯ ᠢ ᠪᠦᠲᠦᠭᠡᠨ | ᠪᠠᠶᠢᠭᠤᠯᠵᠤ᠂ ᠨᠡᠶᠢᠲᠡ 100 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠭᠤᠷᠪᠠᠨ ᠬᠤᠭᠤᠴᠠᠭ᠎ᠠ | ᠬᠤᠪᠢᠶᠠᠨ ᠪᠦᠲᠦᠭᠡᠨ ᠪᠠᠶᠢᠭᠤᠯᠤᠨ᠎ᠠ᠃ ᠡᠭᠦᠨ ᠤ ᠬᠠᠮᠲᠤ᠂ ᠱᠤᠸᠠᠩ ᠵᠢᠶᠧ ᠴᠠᠬᠢᠯᠭᠠᠨ ᠪᠠᠰᠠ ᠥᠪᠡᠷᠲᠡᠭᠡᠨ ᠵᠠᠰᠠᠬᠤ | ᠣᠷᠣᠨ ᠤ ᠬᠤᠯᠪᠣᠭᠳᠠᠯ ᠪᠦᠬᠦᠢ ᠶᠡᠭᠡ ᠳᠡᠭᠡᠳᠦ ᠰᠤᠷᠭᠠᠭᠤᠯᠢ ᠲᠠᠢ ᠰᠢᠨ᠎ᠡ ᠡᠨᠧᠷᠭᠢ ᠶᠢᠨ ᠲᠥᠬᠦᠭᠡᠷᠦᠮᠵᠢ ᠪᠣᠯᠣᠨ | ᠡᠨᠧᠷᠭᠢ ᠬᠠᠳᠠᠭᠠᠯᠠᠬᠤ ᠬᠦᠷᠢᠶᠡᠨ ᠳᠤ ᠦᠢᠯᠡᠳᠪᠦᠷᠢᠯᠡᠯ ᠵᠢᠭᠠᠨ ᠰᠤᠷᠭᠠᠯᠲᠠ ᠰᠤᠳᠤᠯᠭᠠᠨ ᠤ ᠪᠠᠶᠢᠭᠤᠯᠤᠮᠵᠢ ᠶᠢᠨ | ᠭᠦᠨᠵᠡᠭᠡᠢ ᠬᠠᠮᠲᠤᠷᠠᠯᠴᠠᠭ᠎ᠠ ᠥᠷᠨᠢᠭᠦᠯᠬᠦ ᠪᠠᠷ ᠲᠥᠯᠥᠪᠯᠡᠵᠦ ᠪᠤᠢ᠃ | ᠬᠡᠯᠡᠯᠴᠡᠭᠡᠷ ᠲᠣᠭᠲᠠᠬᠤ ᠠᠴᠠ ᠡᠮᠦᠨ᠎ᠡ᠂ ᠬᠤᠶᠠᠷ ᠲᠠᠯ᠎ᠠ ᠪᠠᠷ ᠢᠶᠠᠨ ᠰᠠᠭᠤᠳᠠᠯ ᠤᠨ ᠬᠤᠷᠠᠯ ᠬᠤᠷᠠᠯᠳᠤᠭᠤᠯᠤᠨ | ᠰᠠᠨᠠᠯ ᠢᠶᠠᠨ ᠰᠣᠯᠢᠯᠴᠠᠪᠠ᠃ ᠪᠣᠣ ᠭᠠᠩ ᠬᠡᠯᠡᠬᠦ ᠳᠡᠭᠡᠨ᠂ ᠱᠤᠸᠠᠩ ᠵᠢᠶᠧ ᠴᠠᠬᠢᠯᠭᠠᠨ ᠤ ᠬᠥᠬᠡᠬᠤᠲᠠ ᠳᠤ | ᠪᠠᠶᠢᠷᠢᠰᠢᠭᠤᠯᠤᠭᠰᠠᠨ ᠠᠵᠤ ᠦᠢᠯᠡᠰ ᠤᠨ ᠲᠦᠷᠦᠯ ᠵᠦᠢᠯ ᠨᠢ ᠵᠢᠱᠢᠶ᠎ᠡ ᠦᠵᠡᠭᠦᠯᠬᠦ ᠴᠢᠨᠠᠷ ᠢᠶᠠᠷ ᠴᠢᠩᠭ᠎ᠠ ᠪᠠᠶᠢᠵᠤ᠂ | ᠮᠠᠨ ᠤ ᠬᠤᠳᠠ ᠶᠢᠨ ᠴᠡᠪᠡᠷ ᠡᠨᠧᠷᠭᠢ ᠪᠣᠯᠣᠨ ᠲᠤᠨᠤᠭ ᠲᠥᠬᠦᠭᠡᠷᠦᠮᠵᠢ ᠦᠢᠯᠡᠳᠬᠦ ᠵᠡᠷᠭᠡ ᠠᠵᠤ ᠦᠢᠯᠡᠰ ᠤᠨ | ᠬᠡᠯᠬᠢᠶ᠎ᠡ ᠶᠢ ᠤᠷᠲᠤᠳᠬᠠᠬᠤ᠂ ᠠᠵᠤ ᠦᠢᠯᠡᠰ ᠤᠨ ᠪᠥᠭᠡᠮᠨᠡᠷᠡᠯ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠳᠤ | ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠵᠡᠢ᠃ ᠱᠤᠸᠠᠩ ᠵᠢᠶᠧ ᠴᠠᠬᠢᠯᠭᠠᠨ ᠤ ᠬᠡᠯᠡᠯᠴᠡᠭᠡᠷ ᠲᠣᠭᠲᠠᠭᠰᠠᠨ ᠲᠦᠷᠦᠯ | ᠵᠦᠢᠯ ᠤᠨ ᠪᠠᠷᠢᠯᠭ᠎ᠠ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠨ ᠠᠬᠢᠭᠤᠯᠬᠤ ᠶᠢ ᠬᠦᠰᠡᠵᠦ ᠪᠠᠶᠢᠨ᠎ᠠ᠂ | ᠮᠠᠨ ᠤ ᠬᠤᠳᠠ ᠶᠢᠨ ᠬᠢᠨ ᠦᠢᠯᠡᠴᠢᠯᠡᠭᠡ ᠪᠠᠨ ᠨᠠᠷᠢᠨ ᠨᠢᠮᠪᠠᠢ ᠰᠠᠶᠢᠲᠤᠷ ᠬᠢᠵᠦ᠂ ᠡᠯ᠎ᠡ ᠲᠦᠷᠦᠯ ᠤᠨ ᠡᠯᠧᠮᠧᠨ᠋ᠲ ᠤᠨ | ᠪᠠᠲᠤᠯᠠᠭ᠎ᠠ ᠶᠢ ᠴᠢᠩᠭᠠᠳᠬᠠᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠪᠣᠯᠣᠨ ᠠᠵᠤ ᠠᠬᠤᠶᠢᠯᠠᠯ ᠤᠨ | ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ᠂ ᠠᠵᠤ ᠠᠬᠤᠶᠢᠯᠠᠯ ᠤᠨ ᠬᠥᠬᠡᠬᠤᠲᠠ ᠳᠤ | ᠬᠦᠴᠦᠷᠬᠡᠭᠵᠢᠨ ᠬᠦᠴᠦᠷᠬᠡᠭᠵᠢᠬᠦ ᠳᠤ ᠬᠦᠴᠦᠨ ᠨᠡᠮᠡᠷᠢᠯᠡᠨ᠎ᠡ ᠭᠡᠵᠡᠢ᠃ | ᠵᠤᠤ ᡁᠢ ᠬᠤᠩ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠠᠴᠠ ᠱᠤᠸᠠᠩ | ᠵᠢᠶᠧ ᠴᠠᠬᠢᠯᠭᠠᠨ ᠢ ᠶᠡᠬᠡᠪᠡᠷ ᠳᠡᠮᠵᠢᠵᠦ ᠪᠠᠶᠢᠭ᠎ᠠ ᠳᠤ ᠲᠠᠯᠠᠷᠬᠠᠵᠤ᠂ ᠣᠨᠴᠠᠭᠠᠶᠢᠯᠠᠨ ᠬᠥᠬᠡᠬᠤᠲᠠ ᠶᠢᠨ ᠬᠢᠨ ᠤ | ᠲᠦᠷᠦᠯ ᠵᠦᠢᠯ ᠢ ᠨᠠᠶᠢᠳᠠᠪᠤᠷᠢᠵᠢᠭᠤᠯᠬᠤ ᠶᠠᠪᠤᠴᠠ ᠳᠤ ᠪᠣᠳᠠᠲᠠᠢ ᠶᠢ ᠡᠷᠬᠢᠮᠯᠡᠭᠰᠡᠨ ᠥᠨᠳᠥᠷ ᠦᠷ᠎ᠡ | ᠪᠦᠲᠦᠮᠵᠢᠲᠡᠢ ᠲᠠᠢ ᠣᠪᠣᠷ ᠬᠠᠷᠢᠭᠤᠴᠠᠯᠭ᠎ᠠ ᠨᠢ ᠠᠵᠤ ᠠᠬᠤᠶᠢᠯᠠᠯ ᠤᠨ ᠪᠡᠯᠡ ᠣᠷᠣᠭᠤᠯᠤᠯᠲᠠ ᠶᠢᠨ ᠢᠲᠡᠭᠡᠯ᠂ ᠠᠵᠢᠯ | ᠡᠬᠢᠯᠡᠭᠦᠯᠬᠦ ᠵᠣᠷᠢᠭ᠂ ᠬᠥᠭᠵᠢᠯᠲᠡ ᠶᠢᠨ ᠪᠠᠷᠢᠮᠲᠠᠯᠠᠯ ᠢ ᠪᠠᠲᠤᠳᠬᠠᠪᠠ᠃ ᠱᠤᠸᠠᠩ ᠵᠢᠶᠧ ᠴᠠᠬᠢᠯᠭᠠᠨ ᠲᠤᠰ | ᠤᠳᠠᠭ᠎ᠠ ᠶᠢᠨ ᠭᠠᠷ ᠤᠨ ᠦᠰᠦᠭ ᠵᠢᠷᠤᠬᠤ ᠪᠠᠷ ᠠᠵᠠ ᠲᠣᠬᠢᠶᠠᠯ ᠪᠣᠯᠭᠠᠵᠤ᠂ ᠠᠵᠤ ᠠᠬᠤᠶᠢᠯᠠᠯ ᠤᠨ | ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠠᠬᠢᠭᠤᠯᠵᠤ᠂ ᠣᠷᠣᠨ ᠤ ᠲᠥᠪ ᠤᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠰᠠᠶᠢᠨ | ᠬᠦᠴᠦᠨ ᠨᠡᠮᠡᠷᠢᠯᠡᠨ᠎ᠡ ᠭᠡᠵᠡᠢ᠃ | ᠬᠤᠲᠠ ᠶᠢᠨ ᠳᠡᠳ᠋ ᠳᠠᠷᠤᠭ᠎ᠠ ᠯᠢ ᠰᠢᠶᠣᠣ ᠶᠠᠨ᠂ ᠬᠥᠬᠡᠬᠤᠲᠠ ᠶᠢᠨ ᠠᠵᠤ ᠠᠬᠤᠢ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠲᠠᠯ᠎ᠠ ᠬᠢᠭᠡᠳ ᠱᠤᠸᠠᠩ ᠵᠢᠶᠧ | ᠴᠠᠬᠢᠯᠭᠠᠨ ᠤ ᠪᠦᠯᠦᠭᠯᠡᠯ ᠤᠨ ᠥᠪᠥᠷ ᠮᠣᠩᠭᠤᠯ ᠤᠨ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠵᠠᠩ ᠳ᠋ᠠᠩ | ᠬᠤᠶ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠪᠠ᠃ ᠯᠢᠦ ᠵᠢᠢ ᠶᠢᠩ᠂ ᠯᠢᠦ ᠵᠠᠨ ᠶᠢᠩ | ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |