| | ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ | ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠠᠵᠤ ᠦᠢᠯᠡᠰ ᠤᠨ | ᠬᠥᠭᠵᠢᠯᠲᠡ ᠶᠢ ᠲᠦᠷᠭᠡᠨ ᠠᠬᠢᠭᠤᠯᠵᠤ᠂ ᠦᠢᠯᠡᠴᠢᠯᠡᠭᠡᠨ ᠤ ᠠᠷᠠᠯᠵᠢᠶ᠎ᠠ ᠶᠢᠨ ᠰᠢᠨ᠎ᠡ ᠨᠡᠮᠡᠭᠳᠡᠯ ᠤᠨ ᠴᠡᠭ ᠢ | ᠪᠣᠶᠢᠵᠢᠭᠤᠯᠬᠤ ᠶᠢᠨ ᠲᠥᠯᠥᠭᠡ᠂ ᠮᠠᠨ ᠤ ᠬᠤᠲᠠ ᠢᠳᠡᠪᠬᠢᠲᠡᠢ ᠭᠤᠶᠤᠴᠢᠯᠠᠨ᠂ ᠥᠪᠡᠷᠲᠡᠭᠡᠨ ᠵᠠᠰᠠᠬᠤ ᠣᠷᠣᠨ ᠤ | ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠠᠨᠢᠯᠴᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠮᠠᠨ ᠤ ᠬᠤᠲᠠ ᠥᠪᠡᠷᠲᠡᠭᠡᠨ ᠵᠠᠰᠠᠬᠤ ᠣᠷᠣᠨ ᠤ ᠲᠠᠰ ᠤᠨ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠠᠮᠵᠢᠯᠲᠠ ᠲᠠᠢ | ᠰᠣᠩᠭᠤᠭᠳᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠠᠯᠪᠠᠨ | ᠪᠢᠴᠢᠭ ᠭᠠᠷᠭᠠᠨ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠳᠤ ᠲᠠᠨᠢᠯᠴᠠᠭᠤᠯᠵᠤ᠂ ᠤᠯᠤᠰ ᠤᠨ | ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠶᠢ ᠡᠭᠦᠳᠦᠨ ᠪᠠᠶᠢᠭᠤᠯᠬᠤ ᠪᠠᠷ | ᠭᠤᠶᠤᠴᠢᠯᠠᠬᠤ ᠬᠤᠲᠠ ᠪᠣᠯᠬᠤ ᠪᠠᠷ ᠴᠢᠷᠮᠠᠶᠢᠪᠠ᠃ | ᠳᠠᠷᠠᠭᠠᠴᠢ ᠶᠢᠨ ᠠᠯᠬᠤᠮ ᠳᠤ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠯᠦᠭᠡ ᠶᠢᠨ ᠠᠵᠢᠯ ᠤᠨ ᠬᠠᠷᠢᠯᠴᠠᠭ᠎ᠠ ᠪᠠᠨ | ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠵᠢᠯᠣᠭᠤᠳᠤᠯᠭ᠎ᠠ | ᠪᠠ ᠳᠡᠮᠵᠢᠯᠭᠡ ᠶᠢ ᠣᠯᠵᠤ᠂ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠮᠡᠷᠭᠡᠵᠢᠯ ᠤᠨ ᠰᠢᠨ᠎ᠡ ᠶᠢ ᠡᠭᠦᠳᠬᠦ ᠶᠢ | ᠲᠦᠷᠭᠡᠨ ᠠᠬᠢᠭᠤᠯᠵᠤ᠂ ᠭᠠᠷᠠᠮ ᠠᠴᠠ ᠰᠠᠯᠬᠤ ᠪᠠ ᠭᠠᠷᠠᠮ ᠳᠤ ᠪᠠᠶᠢᠭ᠎ᠠ ᠲᠤᠬᠠᠶᠢᠯᠠᠭᠰᠠᠨ ᠠᠵᠢᠯ ᠢ ᠨᠢᠭᠡᠳᠦᠯᠲᠡᠢ | ᠲᠥᠯᠥᠪᠯᠡᠨ ᠠᠬᠢᠭᠤᠯᠵᠤ᠂ ᠳᠠᠭᠠᠭᠠᠴᠢᠯᠠᠯᠲᠠ ᠭᠥᠯᠢᠶᠡᠨ ᠠᠪᠬᠤ ᠪᠠ ᠳᠠᠭᠠᠭᠠᠴᠢᠯᠠᠭᠤᠯᠬᠤ ᠲᠤᠬᠠᠶᠢᠯᠠᠭᠰᠠᠨ ᠠᠵᠢᠯ ᠤᠨ | ᠵᠣᠬᠢᠴᠠᠩᠭᠤᠢ ᠪᠠᠷ ᠬᠥᠭᠵᠢᠬᠦ ᠶᠢ ᠠᠬᠢᠭᠤᠯᠤᠨ᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠴᠢᠯᠡᠭᠡ ᠶᠢ | ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠶᠢ ᠥᠨᠳᠥᠷ ᠪᠠᠷᠢᠮᠵᠢᠶ᠎ᠠ ᠪᠠᠷ ᠡᠭᠦᠳᠦᠨ ᠪᠠᠶᠢᠭᠤᠯᠵᠤ᠂ | ᠤᠯᠤᠰ ᠤᠨ ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠵᠢᠱᠢᠶ᠎ᠡ ᠦᠵᠡᠭᠦᠯᠬᠦ ᠬᠤᠲᠠ ᠪᠠᠷ ᠭᠤᠶᠤᠴᠢᠯᠠᠨ | ᠪᠠᠶᠢᠭᠤᠯᠬᠤ ᠳᠤ ᠪᠠᠲᠤ ᠪᠠᠬᠢ ᠰᠠᠭᠤᠷᠢ ᠲᠠᠯᠪᠢᠨ᠎ᠠ᠃ | ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ |