ᠬᠥᠬᠡᠬᠤᠲᠠ ᠶᠢᠨ ᠰᠢᠨ᠎ᠡ ᠡᠨᠧᠷᠭᠢ ᠶᠢᠨ ᠠᠵᠢᠯ ᠲᠥᠷᠥᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ  ᠲᠠᠨᠢᠯᠴᠠᠭᠤᠯᠭ᠎ᠠ ᠶᠢᠨ ᠬᠤᠷᠠᠯ ᠶᠠᠪᠤᠭᠳᠠᠪᠠ
ᠨᠡᠶᠢᠲᠡᠯᠡᠭᠰᠡᠨ ᠴᠠᠭ᠄
2023/5/26
     ︵ᠰᠤᠷᠪᠤᠯᠵᠢᠯᠠᠭᠴᠢ ᠯᠢᠦᠢ ᠬᠤᠢ ᠱᠧᠩ︶ 5 ᠳ᠋ᠤᠭᠠᠷ ᠰᠠᠷ᠎ᠠ ᠶᠢᠨ 25 ᠤ ᠡᠳᠦᠷ᠂ ᠬᠤᠳᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠬᠢᠨ ᠬᠥᠬᠡᠬᠤᠲᠠ ᠶᠢᠨ ᠰᠢᠨ᠎ᠡ ᠡᠨᠧᠷᠭᠢ ᠶᠢᠨ ᠠᠵᠢᠯ ᠲᠦᠷᠦᠯ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠲᠠᠨᠢᠯᠴᠠᠭᠤᠯᠭ᠎ᠠ ᠶᠢᠨ ᠬᠤᠷᠠᠯ ᠵᠢᠴᠢ ᠬᠥᠬᠡᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠬᠤ ᠶᠡᠭᠡ ᠬᠤᠷᠠᠯ ᠢ ᠬᠤᠷᠠᠯᠳᠤᠭᠤᠯᠪᠠ      ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠲᠡᠷᠢᠭᠦᠯᠡᠭᠴᠢ ᠸᠠᠩ ᠭᠦᠸᠧ ᠬᠤᠸᠠ ᠣᠷᠣᠯᠴᠠᠵᠠᠢ᠃      ᠬᠤᠷᠠᠯ ᠳᠡᠭᠡᠷ᠎ᠡ᠂ ᠬᠤᠲᠠ ᠶᠢᠨ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭᠠᠨ ᠤ ᠲᠣᠪᠴᠢᠶ᠎ᠠ ᠶᠢᠨ ᠬᠠᠷᠢᠭᠤᠴᠠᠯᠭᠠᠲᠠᠨ ᠠᠴᠠ ᠠᠵᠤ ᠦᠢᠯᠡᠰ ᠤᠨ ᠲᠠᠨᠢᠯᠴᠠᠭᠤᠯᠭ᠎ᠠ ᠬᠢᠵᠦ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯᠲᠠᠨ ᠤ ᠲᠥᠯᠥᠭᠡᠯᠡᠭᠴᠢ ᠶᠠᠷᠢᠶ᠎ᠠ ᠲᠠᠯᠪᠢᠵᠤ᠂ ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠶᠢᠨ ᠰᠢᠭᠤᠳ ᠬᠠᠷᠢᠶ᠎ᠠ ᠬᠤᠳᠠᠯᠳᠤᠭᠠᠴᠢᠳ ᠤᠨ ᠡᠪᠯᠡᠯ ᠤᠨ ᠬᠥᠬᠡᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠭᠠᠴᠢᠳ ᠤᠨ ᠡᠪᠯᠡᠯ ᠤᠨ ᠳᠠᠷᠤᠭ᠎ᠠ ᠪᠠᠷ ᠰᠣᠩᠭᠤᠭᠳᠠᠭᠰᠠᠨ ᠯᠢ ᠶᠦᠩ ᠱᠧᠩ ᠭᠡᠷ᠎ᠡ ᠲᠣᠭᠲᠠᠭᠰᠠᠨ ᠲᠠᠶᠢᠯᠤᠮᠵᠢ ᠬᠢᠪᠡ᠃ ᠵᠢᠶᠠᠩᠰᠤ ᠶᠢᠨ ᠺᠠᠢ ᠸᠧ ᠮᠠᠰᠢᠨ ᠲᠡᠷᠭᠡᠨ ᠤ ᠬᠢᠵᠠᠭᠠᠷᠲᠤ ᠺᠣᠮᠫᠠᠨᠢ᠂ ᠴᠤᠸᠠᠩ ᠸᠧᠢ ᠰᠢᠨ᠎ᠡ ᠡᠨᠧᠷᠭᠢ ᠬᠢᠭᠡᠳ ᠥᠪᠥᠷ ᠮᠣᠩᠭᠤᠯ ᠤᠨ ᠬᠤᠩ ᠹᠧᠩ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ᠂ ᠯᠢᠩ ᠫᠣᠣ ᠰᠢᠨ᠎ᠡ ᠡᠨᠧᠷᠭᠢ ᠶᠢᠨ ᠺᠤᠮᠫᠠᠨᠢ ᠬᠢᠬᠡᠳ ᠬᠥᠬᠡᠬᠤᠲᠠ ᠶᠢᠨ ᠯᠢᠩ ᠹᠧᠢ ᠮᠠᠰᠢᠨ ᠲᠡᠷᠭᠡᠨ ᠤ ᠪᠣᠷᠤᠯᠠᠭᠤᠯᠭ᠎ᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠣᠭᠲᠠᠪᠠ᠃      ᠬᠥᠬᠡᠬᠤᠲᠠ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠬᠤᠳᠠᠯᠳᠤᠭᠠᠴᠢᠳ ᠤᠨ ᠡᠪᠯᠡᠯ ᠪᠠᠶᠢᠭᠤᠯᠤᠭᠳᠠᠬᠤ ᠶᠡᠭᠡ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠤᠳᠤᠷᠢᠳᠤᠯᠭ᠎ᠠ ᠠᠴᠠ ᠰᠣᠩᠭᠤᠭᠳᠠᠭᠰᠠᠨ ᠪᠠᠶᠢᠩᠭᠤ ᠶᠢᠨ ᠳᠡᠳ᠋ ᠳᠠᠷᠤᠭ᠎ᠠ᠂ ᠳᠡᠳ᠋ ᠳᠠᠷᠤᠭ᠎ᠠ᠂ ᠨᠠᠷᠢᠨ ᠪᠢᠴᠢᠭ ᠤᠨ ᠳᠠᠷᠤᠭ᠎ᠠ ᠨᠠᠷ ᠲᠤ ᠫᠠᠶᠢᠰᠠ ᠣᠯᠭᠤᠵᠠᠢ᠃         ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号