1—4 ᠳ᠋ᠦ᠋ᠭᠡᠷ ᠰᠠᠷ᠎ᠠ ᠳᠤ ᠮᠠᠨ ᠤ ᠬᠤᠲᠠ ᠶᠢᠨ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠢᠶᠠᠷ ᠰᠡᠷᠭᠦᠵᠦ ᠠᠯᠬᠤᠮ ᠠᠯᠬᠤᠮ ᠢᠶᠠᠷ ᠰᠠᠶᠢᠵᠢᠷᠠᠬᠤ ᠬᠠᠨᠳᠤᠰᠢ ᠲᠠᠢ ᠪᠣᠯᠪᠠ
ᠨᠡᠶᠢᠲᠡᠯᠡᠭᠰᠡᠨ ᠴᠠᠭ᠄
2023/5/26
     ︵ᠰᠤᠷᠪᠤᠯᠵᠢᠯᠠᠭᠴᠢ ᠯᠢᠦ ᠯᠢ ᠰᠢᠶᠠ︶ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 1—4 ᠳ᠋ᠦ᠋ᠭᠡᠷ ᠰᠠᠷ᠎ᠠ ᠳᠤ᠂ ᠪᠥᠬᠦ ᠬᠤᠲᠠ ᠠᠴᠠ ᠠᠵᠤ ᠠᠬᠤᠢ ᠶᠢ ᠲᠣᠭᠲᠠᠪᠤᠷᠢᠵᠢᠭᠤᠯᠬᠤ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠢᠯᠢᠳᠡᠭᠵᠢᠭᠦᠯᠦᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠳᠠᠬᠢᠨ ᠲᠣᠭᠲᠠᠪᠤᠷᠢᠵᠢᠨ ᠰᠠᠶᠢᠵᠢᠷᠠᠬᠤ ᠢᠳᠡᠪᠬᠢ ᠬᠦᠴᠦᠨ ᠵᠦᠢᠯ ᠬᠤᠷᠠᠮᠳᠤᠨ ᠨᠡᠮᠡᠭᠳᠡᠵᠦ᠂ ᠪᠥᠬᠦ ᠬᠤᠲᠠ ᠶᠢᠨ ᠠᠵᠤ ᠦᠢᠯᠡᠳᠪᠦᠷᠢ ᠶᠢᠨ ᠦᠢᠯᠡᠳᠪᠦᠷᠢᠯᠡᠯ ᠲᠦᠷᠭᠡᠨ ᠰᠡᠷᠭᠦᠵᠦ᠂ ᠭᠤᠣᠯᠳᠠᠯᠭ᠎ᠠ ᠲᠠᠢ ᠬᠦᠷᠢᠶᠡᠨ ᠳᠠᠬᠢ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠨ᠂ ᠠᠮᠢᠳᠤᠷᠠᠯ ᠤᠨ ᠬᠡᠷᠡᠭᠯᠡᠭᠡ ᠶᠢᠨ ᠳᠠᠶᠢᠴᠢᠯᠠᠯᠲᠠ ᠬᠦᠴᠦᠲᠡᠢ ᠪᠣᠯᠵᠤ᠂ ᠵᠠᠬ᠎ᠠ ᠳᠡᠯᠭᠡᠭᠦᠷ ᠤᠨ ᠵᠢᠱᠢᠯᠲᠡ ᠲᠠᠰᠤᠷᠠᠯᠲᠠ ᠦᠭᠡᠢ ᠰᠠᠶᠢᠵᠢᠷᠠᠨ᠂ ᠠᠵᠤ ᠠᠬᠤᠢ ᠶᠢᠨ ᠠᠵᠢᠯᠯᠠᠭᠠᠨ ᠶᠡᠷᠦᠩᠬᠡᠢ ᠳᠡᠭᠡᠨ ᠲᠣᠭᠲᠠᠭᠤᠨ ᠢᠶᠠᠷ ᠰᠡᠷᠭᠦᠵᠦ᠂ ᠠᠯᠬᠤᠮ ᠠᠯᠬᠤᠮ ᠢᠶᠠᠷ ᠰᠠᠶᠢᠵᠢᠷᠠᠬᠤ ᠬᠥᠭᠵᠢᠯᠲᠡ ᠶᠢᠨ ᠪᠠᠶᠢᠳᠠᠯ ᠲᠠᠢ ᠪᠣᠯᠪᠠ᠃      ᠳᠡᠭᠡᠭᠰᠢᠯᠡᠵᠦ ᠰᠠᠶᠢᠵᠢᠷᠠᠬᠤ ᠪᠠᠶᠢᠳᠠᠯ ᠮᠡᠳᠡᠭᠳᠡᠮ᠎ᠡ ᠪᠠᠶᠢᠨ᠎ᠠ᠃ 1—4 ᠳ᠋ᠦ᠋ᠭᠡᠷ ᠰᠠᠷ᠎ᠠ ᠳᠤ᠂ ᠪᠥᠬᠦ ᠬᠤᠲᠠ ᠶᠢᠨ ᠬᠠᠩᠭᠠᠯᠭ᠎ᠠ ᠬᠡᠷᠡᠭᠴᠡᠭᠡ ᠬᠤᠶᠠᠷ ᠦᠵᠦᠭᠦᠷ ᠬᠤᠷᠳᠤᠨ ᠰᠡᠷᠭᠦᠵᠦ᠂ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢᠨ ᠨᠡᠮᠡᠭᠳᠡᠯ ᠤᠨ ᠬᠤᠷᠳᠤᠴᠠ ᠨᠡᠯᠢᠶᠡᠳ ᠰᠠᠶᠢᠨ ᠪᠣᠯᠪᠠ᠃ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 18.9% ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 15.2 ᠵᠠᠭᠤᠨ ᠤ ᠨᠢᠭᠡᠴᠢ ᠳᠡᠭᠡᠭᠰᠢᠯᠡᠪᠡ︔ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 40.0% ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 19.6 ᠵᠠᠭᠤᠨ ᠤ ᠨᠢᠭᠡᠴᠢ ᠲᠦᠷᠭᠡᠳᠪᠡ︔ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 361.8 ᠳ᠋ᠦᠩᠰᠢᠭᠤᠷ ᠲᠥᠭᠦᠷᠢᠭ ᠬᠦᠷᠴᠦ᠂ ᠠᠳᠠᠯᠢ ᠬᠤᠭᠤᠴᠠᠭᠠᠨ ᠤ ᠬᠢ ᠠᠴᠠ 14.7% ᠪᠠᠷ ᠨᠡᠮᠡᠭᠳᠡᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 17.9 ᠵᠠᠭᠤᠨ ᠤ ᠨᠢᠭᠡᠴᠢ ᠳᠡᠭᠡᠭᠰᠢᠯᠡᠪᠡ᠃      ᠭᠤᠣᠯᠳᠠᠯᠭ᠎ᠠ ᠲᠠᠢ ᠠᠵᠢᠯ ᠲᠥᠷᠥᠯ ᠤᠨ ᠲᠤᠯᠭᠠᠭᠤᠷᠢᠯᠠᠯ ᠬᠦᠴᠦᠲᠡᠢ ᠪᠠᠶᠢᠨ᠎ᠠ᠃ 1—4  ᠳ᠋ᠦ᠋ᠭᠡᠷ ᠰᠠᠷ᠎ᠠ ᠳᠤ᠂ ᠢᠳᠡᠭᠡᠨ ᠤ ᠵᠦᠢᠯ ᠤᠨ ᠦᠢᠯᠡᠳᠬᠦ ᠦᠢᠯᠡᠰ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢᠯᠡᠰ ᠪᠠ ᠴᠠᠬᠢᠯᠭᠠᠨ ᠬᠦᠴᠦᠨ᠂ ᠢᠯᠴᠢ ᠶᠢᠨ ᠬᠦᠴᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢᠨ ᠦᠢᠯᠡᠰ ᠠᠳᠠᠯᠢ ᠬᠤᠭᠤᠴᠠᠭᠠᠨ ᠤ ᠬᠢ ᠠᠴᠠ ᠲᠣᠰ ᠲᠣᠰ 33.7%᠂ 29.0% ᠪᠠ 23.0% ᠨᠡᠮᠡᠭᠳᠡᠵᠦ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠤᠨ ᠨᠡᠮᠡᠭᠳᠡᠯ ᠢ ᠨᠡᠶᠢᠲᠡ 15.7 ᠵᠠᠭᠤᠨ ᠤ ᠨᠢᠭᠡᠴᠢ ᠳᠠᠶᠢᠴᠢᠯᠠᠵᠤ᠂ ᠪᠥᠬᠦ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠦᠷᠭᠡᠨ ᠨᠡᠮᠡᠭᠳᠡᠯ ᠤᠨ ᠭᠤᠣᠯ ᠲᠠᠲᠠᠬᠤ ᠬᠦᠴᠦᠨ ᠪᠣᠯᠤᠭᠰᠠᠨ ᠪᠠᠶᠢᠨ᠎ᠠ᠃      ᠪᠡᠯᠡ ᠣᠷᠣᠭᠤᠯᠤᠯᠲᠠ ᠶᠢᠨ ᠬᠥᠳᠡᠯᠭᠡᠬᠦ ᠬᠦᠴᠦᠨ ᠠᠵᠤ ᠠᠬᠤᠢ ᠶᠢ ᠲᠤᠰᠠᠯᠠᠭᠰᠠᠨ ᠨᠢ ᠳᠣᠪᠣᠶᠢᠮ᠎ᠠ ᠪᠠᠶᠢᠨ᠎ᠠ᠃ 1—4 ᠳ᠋ᠦ᠋ᠭᠡᠷ ᠰᠠᠷ᠎ᠠ ᠳᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 63.4% ᠪᠠᠷ ᠨᠡᠮᠡᠭᠳᠡᠵᠦ᠂ ᠪᠥᠬᠦ ᠬᠤᠲᠠ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠶᠢ 23.0 ᠵᠠᠭᠤᠨ ᠤ ᠨᠢᠭᠡᠴᠢ ᠳᠠᠶᠢᠴᠢᠯᠠᠨ᠂ ᠪᠥᠬᠦ ᠬᠤᠲᠠ ᠶᠢᠨ ᠲᠣᠭᠲᠠᠮᠠᠯ ᠪᠡᠯᠡ ᠣᠷᠣᠭᠤᠯᠤᠯᠲᠠ ᠶᠢᠨ 42.3% ᠶᠢ ᠡᠵᠡᠯᠡᠪᠡ᠂ ᠡᠭᠦᠨ ᠳᠤ ᠰᠢᠨ᠎ᠡ ᠡᠨᠧᠷᠭᠢ ᠶᠢᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ  ᠬᠢ ᠠᠴᠠ 29.5 ᠳᠠᠬᠢᠨ ᠨᠡᠮᠡᠭᠳᠡᠪᠡ᠃ ᠢᠯᠴᠢ ᠬᠠᠩᠭᠠᠬᠤ ᠬᠤᠭᠤᠯᠠᠢ ᠶᠢᠨ ᠲᠣᠣᠷ᠂ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠵᠡᠷᠭᠡ ᠲᠣᠮᠣ ᠲᠦᠷᠦᠯ ᠵᠦᠢᠯ ᠤᠨ ᠳᠠᠶᠢᠴᠢᠯᠠᠯᠲᠠ ᠳᠣᠣᠷ᠎ᠠ᠂ ᠰᠠᠭᠤᠷᠢ ᠲᠥᠬᠦᠭᠡᠷᠦᠮᠵᠢ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 1.3 ᠲᠠᠬᠢᠨ ᠨᠡᠮᠡᠭᠳᠡᠪᠡ᠃ ᠪᠡᠯᠡ ᠣᠷᠣᠭᠤᠯᠤᠯᠲᠠ ᠶᠢᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠵᠦ᠂ ᠳᠡᠭᠡᠳᠦ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 4.3 ᠳᠠᠬᠢᠨ ᠨᠡᠮᠡᠭᠳᠡᠨ᠂ ᠪᠥᠬᠦ ᠪᠡᠯᠡ ᠣᠷᠣᠭᠤᠯᠤᠯᠲᠠ ᠳᠤ ᠡᠵᠡᠯᠡᠬᠦ ᠬᠤᠪᠢ ᠶᠢᠨ ᠵᠢᠩ 16.0% ᠬᠦᠷᠴᠦ᠂ ᠨᠡᠮᠡᠭᠳᠡᠯ ᠤᠨ ᠬᠤᠷᠳᠤᠴᠠ ᠪᠠ ᠬᠤᠪᠢ ᠶᠢᠨ ᠵᠢᠩ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠰ ᠲᠣᠰ 426.1 ᠪᠠ 11.8 ᠵᠠᠭᠤᠨ ᠤ ᠨᠢᠭᠡᠴᠢ ᠳᠡᠭᠡᠭᠰᠢᠯᠡᠵᠡᠢ᠃      ᠲᠣᠭᠠᠴᠢᠯᠠᠭᠰᠠᠨ ᠠᠵᠤ ᠠᠬᠤᠢ ᠠᠵᠤ ᠠᠬᠤᠢ ᠶᠢᠨ ᠠᠮᠢᠵᠢᠷᠠᠯ ᠤᠨ ᠬᠦᠴᠦᠨ ᠢ ᠳᠡᠭᠡᠭᠰᠢᠯᠡᠭᠦᠯᠪᠡ᠃ 1—4 ᠳ᠋ᠦ᠋ᠭᠡᠷ ᠰᠠᠷ᠎ᠠ ᠳᠤ᠂ ᠪᠥᠬᠦ ᠬᠤᠲᠠ ᠶᠢᠨ ᠵᠢᠷᠭᠤᠭᠠᠨ ᠶᠡᠭᠡ ᠠᠵᠤ ᠦᠢᠯᠡᠰ ᠲᠤ ᠡᠯᠧᠺᠲᠷᠣᠨ ᠮᠡᠳᠡᠭᠡ ᠵᠠᠩᠭᠢ ᠶᠢᠨ ᠮᠡᠷᠭᠡᠵᠢᠯ ᠤᠨ ᠠᠵᠤ ᠦᠢᠯᠡᠰ ᠤᠨ ᠪᠡᠯᠡ ᠣᠷᠣᠭᠤᠯᠤᠯᠲᠠ ᠶᠢᠨ ᠲᠤᠭ᠎ᠠ ᠠᠳᠠᠯᠢ ᠬᠤᠭᠤᠴᠠᠭᠠᠨ ᠤ ᠬᠢ ᠠᠴᠠ 2.3 ᠳᠠᠬᠢᠨ ᠨᠡᠮᠡᠭᠳᠡᠵᠦ᠂ ᠪᠥᠬᠦ ᠪᠡᠯᠡ ᠣᠷᠣᠭᠤᠯᠤᠯᠲᠠ ᠶᠢᠨ 5.8% ᠶᠢ ᠡᠵᠡᠯᠡᠵᠦ᠂ ᠪᠥᠬᠦ ᠪᠡᠯᠡ ᠣᠷᠣᠭᠤᠯᠤᠯᠲᠠ ᠳᠤ 14.3% ᠶᠢᠨ ᠬᠤᠪᠢ ᠨᠡᠮᠡᠷᠢ ᠦᠵᠡᠭᠦᠯᠪᠡ᠃ ᠪᠥᠬᠦ ᠬᠤᠲᠠ ᠶᠢᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠣᠯᠠᠨ ᠨᠡᠶᠢᠲᠡ ᠶᠢᠨ ᠰᠦᠯᠵᠢᠶ᠎ᠡ ᠪᠠᠷ ᠳᠠᠮᠵᠢᠭᠤᠯᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 77.8% ᠪᠠᠷ ᠨᠡᠮᠡᠭᠳᠡᠵᠦ᠂ ᠬᠡᠷᠡᠭᠯᠡᠭᠡᠨ ᠤ ᠵᠦᠢᠯ ᠤᠨ ᠵᠢᠵᠢᠭᠯᠡᠨ ᠬᠤᠳᠠᠯᠳᠤᠭᠰᠠᠨ ᠪᠥᠬᠦ ᠲᠣᠭᠠᠨ ᠳᠤ ᠡᠵᠡᠯᠡᠬᠦ ᠬᠤᠪᠢ ᠶᠢᠨ ᠵᠢᠩ 13.6% ᠬᠦᠷᠴᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 4.6 ᠵᠠᠭᠤᠨ ᠤ ᠨᠢᠭᠡᠴᠢ ᠳᠡᠭᠡᠭᠰᠢᠯᠡᠪᠡ᠃ ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠨᠡᠯᠢᠶᠡᠳ ᠲᠦᠷᠭᠡᠨ ᠨᠡᠮᠡᠭᠳᠡᠪᠡ᠃ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠣᠷᠭᠢᠯᠤᠨ ᠪᠠᠳᠠᠷᠠᠪᠠ᠃ ᠬᠤᠨᠤᠭ ᠪᠠᠭᠤᠳᠠᠯ᠂ ᠢᠳᠡᠭᠡᠨ ᠤᠮᠳᠠᠭᠠᠨ᠂ ᠵᠢᠭᠤᠯᠴᠢᠯᠠᠯ᠂ ᠰᠣᠶᠣᠯ ᠵᠡᠷᠭᠡ ᠬᠦᠷᠦᠯᠴᠡᠬᠦ ᠬᠡᠯᠪᠡᠷᠢ ᠶᠢᠨ ᠦᠢᠯᠡᠴᠢᠯᠡᠭᠡᠨ ᠤ ᠦᠢᠯᠡᠰ ᠪᠠ ᠴᠤᠭᠯᠠᠷᠠᠯ ᠤᠨ ᠬᠡᠯᠪᠡᠷᠢ ᠶᠢᠨ ᠬᠡᠷᠡᠭᠯᠡᠭᠡᠨ ᠤ ᠪᠠᠶᠢᠳᠠᠯ ᠬᠤᠷᠳᠤᠨ ᠰᠡᠷᠭᠦᠵᠦ᠂ ᠪᠥᠬᠦ ᠬᠤᠲᠠ ᠶᠢᠨ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠢᠳᠡᠭᠡᠨ ᠤᠮᠳᠠᠭᠠᠨ ᠤ ᠦᠢᠯᠡᠰ ᠤᠨ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 61.2% ᠢᠶᠠᠷ ᠨᠡᠮᠡᠭᠳᠡᠨ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 86.1 ᠵᠠᠭᠤᠨ ᠤ ᠨᠢᠭᠡᠴᠢ ᠳᠡᠭᠡᠭᠰᠢᠯᠡᠪᠡ᠃ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠪᠣᠷᠤᠯᠠᠭᠤᠯᠭ᠎ᠠ ᠦᠷᠭᠦᠯᠵᠢᠯᠡᠨ ᠲᠦᠷᠭᠡᠨ ᠨᠡᠮᠡᠭᠳᠡᠵᠦ᠂ ᠬᠢᠵᠠᠭᠠᠷᠯᠠᠭᠰᠠᠨ ᠲᠤᠭ᠎ᠠ ᠠᠴᠠ ᠳᠡᠭᠡᠭᠰᠢᠬᠢ ᠨᠢᠭᠡᠴᠡ ᠶᠢᠨ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠵᠢᠵᠢᠭᠯᠡᠨ ᠬᠤᠳᠠᠯᠳᠤᠭᠰᠠᠨ ᠲᠤᠭ᠎ᠠ ᠠᠳᠠᠯᠢ ᠬᠤᠭᠤᠴᠠᠭᠠᠨ ᠤ ᠬᠢ ᠠᠴᠠ 2.9 ᠳᠠᠬᠢᠨ ᠨᠡᠮᠡᠭᠳᠡᠪᠡ᠃      ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠲᠠᠰᠤᠷᠠᠯᠲᠠ ᠦᠭᠡᠢ ᠴᠢᠩᠭᠠᠷᠠᠪᠠ᠃ 1—4 ᠳ᠋ᠦ᠋ᠭᠡᠷ ᠰᠠᠷ᠎ᠠ ᠳᠤ᠂ ᠪᠥᠬᠦ ᠬᠤᠲᠠ ᠶᠢᠨ ᠰᠢᠨ᠎ᠡ ᠪᠠᠷ ᠨᠡᠮᠡᠭᠳᠡᠭᠰᠡᠨ ᠵᠠᠬ᠎ᠠ ᠳᠡᠯᠭᠡᠭᠦᠷ ᠤᠨ ᠭᠤᠣᠯ ᠴᠣᠭᠴᠠ 2.4 ᠲᠦᠮᠨ  ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 51.1% ᠪᠠᠷ ᠨᠡᠮᠡᠭᠳᠡᠪᠡ᠂ ᠡᠭᠦᠨ ᠳᠤ ᠰᠢᠨ᠎ᠡ ᠪᠠᠷ ᠨᠡᠮᠡᠭᠳᠡᠭᠰᠡᠨ ᠠᠵᠤ ᠠᠬᠤᠶᠢᠯᠠᠯ 0.9 ᠲᠦᠮᠨ ᠳᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 0.3 ᠲᠦᠮᠨ ᠨᠡᠮᠡᠭᠳᠡᠪᠡ᠃ ᠠᠷᠠᠳ ᠠᠴᠠ ᠡᠵᠡᠩᠨᠡᠭᠰᠡᠨ᠂ ᠵᠢᠵᠢᠭ ᠪᠢᠴᠢᠯ ᠠᠵᠤ ᠠᠬᠤᠶᠢᠯᠠᠯ ᠢᠯᠡᠳᠲᠡ ᠰᠡᠷᠭᠦᠪᠡ᠃ 1—4 ᠳ᠋ᠦ᠋ᠭᠡᠷ ᠰᠠᠷ᠎ᠠ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠳᠤ ᠠᠷᠠᠳ ᠠᠴᠠ ᠡᠵᠡᠩᠨᠡᠭᠰᠡᠨ ᠠᠵᠤ ᠠᠬᠤᠶᠢᠯᠠᠯ᠂ ᠵᠢᠵᠢᠭ ᠪᠢᠴᠢᠯ ᠬᠡᠯᠪᠡᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ  ᠬᠢ ᠠᠴᠠ ᠲᠣᠰ ᠲᠣᠰ 19.7%᠂ 37.4% ᠪᠠᠷ ᠨᠡᠮᠡᠭᠳᠡᠪᠡ᠃      ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号