ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/5/26
            ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2023﹈ 6 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠤᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠄      ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃                        ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                        2023 ᠣᠨ ᠤ 2 ᠳ᠋ᠤᠭᠠᠷ ᠰᠠᠷ᠎ᠠ ᠶᠢᠨ 10 ᠤ ᠡᠳᠦᠷ            ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ            ᠪᠦᠲᠦᠭᠡᠨ ᠪᠠᠶᠢᠭᠤᠯᠬᠤ ᠳᠦᠷᠢᠮ ᠤᠨ ᠬᠡᠷᠡᠭᠵᠢᠭᠦᠯᠬᠦ ᠠᠷᠭ᠎ᠠ      ᠨᠢᠭᠡᠳᠦᠭᠡᠷ ᠵᠦᠢᠯ  ︽ᠬᠥᠬᠡᠬᠤᠲᠠ ᠶᠢᠨ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠲᠥᠯᠥᠪᠵᠢᠭᠦᠯᠦᠨ ᠪᠠᠶᠢᠭᠤᠯᠬᠤ ᠳᠦᠷᠢᠮ︾ ︵ᠳᠣᠷᠣᠭᠰᠢ ︽ᠳᠦᠷᠢᠮ︾ ᠭᠡᠵᠦ ᠲᠣᠪᠴᠢᠯᠠᠨ᠎ᠠ︶ ᠢ ᠲᠤᠭᠤᠰᠢᠯᠠᠭᠤᠯᠤᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠠ ᠪᠦᠲᠦᠭᠡᠨ ᠪᠠᠶᠢᠭᠤᠯᠤᠯᠲᠠ ᠶᠢᠨ ᠪᠠᠲᠤᠯᠠᠭ᠎ᠠ ᠶᠢᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠬᠤᠲᠠ ᠶᠢᠨ ᠬᠥᠭᠵᠢᠯᠲᠡ ᠯᠦᠭᠡ ᠬᠠᠷᠢᠯᠴᠠᠨ ᠵᠣᠬᠢᠴᠠᠭᠤᠯᠬᠤ ᠶᠢ ᠦᠨᠡᠨ ᠬᠦ ᠪᠠᠲᠤᠯᠠᠬᠤ ᠶᠢᠨ ᠲᠤᠰᠠᠳᠠ᠂ ᠮᠠᠨ ᠤ ᠬᠤᠲᠠ ᠶᠢᠨ ᠪᠣᠳᠠᠲᠤ ᠪᠠᠶᠢᠳᠠᠯ ᠳᠤ ᠨᠡᠶᠢᠴᠡᠭᠦᠯᠦᠨ᠂ ᠲᠤᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ  ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢ ᠬᠤᠳᠠ ᠶᠢᠨ ᠬᠥᠭᠵᠢᠯᠲᠡ ᠪᠠ ᠬᠥᠮᠥᠨ ᠠᠮᠠ ᠶᠢᠨ ᠥᠰᠦᠯᠲᠡ ᠲᠠᠢ ᠬᠠᠷᠢᠯᠴᠠᠨ ᠵᠣᠬᠢᠴᠠᠭᠤᠯᠵᠤ᠂ ᠨᠢᠭᠡᠳᠦᠯᠲᠡᠢ ᠲᠥᠯᠥᠪᠵᠢᠭᠦᠯᠬᠦ᠂ ᠵᠦᠢ ᠵᠣᠬᠢᠰᠲᠠᠢ ᠪᠠᠶᠢᠷᠢᠯᠠᠭᠤᠯᠬᠤ᠂ ᠤᠷᠢᠳᠠᠪᠠᠷ ᠲᠣᠬᠢᠷᠠᠭᠤᠯᠬᠤ᠂ ᠲᠥᠬᠦᠮ ᠠᠮᠤᠷ ᠲᠦᠪᠰᠢᠨ ᠪᠠᠶᠢᠯᠭᠠᠬᠤ ᠶᠢ ᠪᠠᠷᠢᠮᠲᠠᠯᠠᠵᠤ᠂ ︽ᠬᠤᠲᠠ ᠶᠢᠨ ᠣᠷᠣᠨ ᠰᠠᠭᠤᠴᠠ ᠶᠢᠨ ᠲᠣᠭᠤᠷᠢᠭ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠪᠠᠷᠢᠮᠵᠢᠶ᠎ᠠ︾ ︵GB 50180 - 2018︶ ᠪᠠ ︽ᠳᠦᠷᠢᠮ︾ ᠤᠨ ᠲᠣᠭᠲᠠᠭᠠᠯ ᠶᠣᠰᠣᠭᠠᠷ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠢᠵᠢ ᠪᠦᠷᠢᠳᠦᠭᠦᠯᠦᠨ ᠪᠠᠶᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠦᠨᠡᠨᠬᠦ ᠪᠠᠲᠤᠯᠠᠨ᠎ᠠ᠃      ᠭᠤᠷᠪᠠᠳᠤᠭᠠᠷ ᠵᠦᠢᠯ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠪᠠ ᠣᠷᠣᠨ ᠪᠦᠰᠡ ᠶᠢᠨ ᠳᠣᠲᠣᠷᠠᠬᠢ ᠳᠤᠮᠳᠠ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠢ ᠶᠢᠨ ᠨᠠᠷᠢᠨ ᠲᠥᠯᠦᠪᠵᠢᠭᠦᠯᠭᠡ ᠳᠤ ᠤᠷᠤᠭᠤᠯᠬᠤ ᠬᠡᠷᠡᠭᠲᠡᠢ ︵ᠳᠣᠷᠣᠭᠰᠢ ︽ᠨᠠᠷᠢᠨ ᠲᠥᠯᠦᠪᠵᠢᠭᠦᠯᠭᠡ︾ ᠭᠡᠵᠦ ᠲᠣᠪᠴᠢᠯᠠᠨ᠎ᠠ︶᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠱᠠᠲᠤ ᠬᠤᠪᠢᠶᠠᠨ ᠬᠠᠮᠢᠶᠠᠷᠴᠤ ᠱᠠᠲᠤ ᠬᠤᠪᠢᠶᠠᠨ ᠬᠠᠷᠢᠭᠤᠴᠠᠬᠤ ᠵᠠᠷᠴᠢᠮ ᠶᠣᠰᠣᠭᠠᠷ ᠬᠤᠳᠠ ᠪᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠤᠰ ᠲᠤᠰ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃      ᠳᠥᠷᠪᠡᠳᠦᠭᠡᠷ ᠵᠦᠢᠯ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ︽ᠤᠷᠢᠳ ᠢᠶᠠᠷ ᠲᠥᠯᠥᠪᠵᠢᠭᠦᠯᠵᠦ᠂ ᠳᠠᠷᠠᠭ᠎ᠠ ᠨᠢ ᠨᠡᠭᠡᠭᠡᠨ ᠠᠰᠢᠭᠯᠠᠬᠤ︾ ᠵᠠᠷᠴᠢᠮ ᠤᠨ ᠶᠣᠰᠣᠭᠠᠷ᠂ ︽ᠨᠠᠷᠢᠨ ᠲᠥᠯᠦᠪᠵᠢᠭᠦᠯᠭᠡ︾ ᠪᠣᠯᠣᠨ ᠭᠠᠵᠠᠷ ᠰᠢᠷᠣᠢ ᠶᠢᠨ ᠨᠥᠭᠡᠴᠡᠯᠡᠯ ᠤᠨ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢ ᠦᠨᠳᠦᠰᠦᠯᠡᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠵᠦ᠂ ᠵᠠᠷᠴᠢᠮ ᠳᠡᠭᠡᠷ᠎ᠡ ᠪᠠᠨ ᠲᠣᠬᠢᠷᠠᠭᠤᠯᠬᠤ ᠪᠠ ᠬᠤᠪᠢᠷᠠᠭᠤᠯᠵᠤ ᠪᠣᠯᠬᠤ ᠦᠭᠡᠢ︔ ᠦᠨᠡᠬᠡᠷ ᠲᠣᠬᠢᠷᠠᠭᠤᠯᠤᠨ ᠬᠤᠪᠢᠷᠠᠭᠤᠯᠬᠤ ᠴᠢᠬᠤᠯᠠᠲᠠᠢ ᠪᠠᠶᠢᠪᠠᠯ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠪᠠᠶᠢᠭᠠᠯᠢ ᠶᠢᠨ ᠡᠬᠢ ᠪᠠᠶᠠᠯᠢᠭ ᠢ ᠭᠤᠣᠯᠯᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ  ᠲᠤ ᠭᠤᠶᠤᠴᠢᠯᠠᠯ ᠭᠠᠷᠭᠠᠵᠤ᠂ ᠬᠤᠲᠠ ᠶᠢᠨ ᠰᠤᠷᠭᠠᠨ ᠬᠥᠮᠦᠵᠢᠯ᠂ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠢᠶᠠᠷ ᠬᠢᠨᠠᠨ ᠬᠠᠷᠭᠤᠭᠤᠯᠤᠭᠰᠠᠨ ᠤ ᠳᠠᠷᠠᠭ᠎ᠠ᠂ ᠬᠠᠤᠯᠢ ᠳᠤ ᠲᠣᠭᠲᠠᠭᠠᠭᠰᠠᠨ ᠶᠠᠪᠤᠴᠠ ᠪᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃      ᠤᠷᠢᠳᠴᠢᠯᠠᠨ ᠦᠯᠡᠳᠡᠭᠡᠬᠦ ᠪᠠᠷ ᠲᠥᠯᠥᠪᠵᠢᠭᠦᠯᠦᠭᠰᠡᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠠᠴᠠ ᠬᠡᠷᠡᠭᠯᠡᠬᠦ ᠣᠷᠣᠨ ᠪᠠᠶᠢᠷᠢ ᠪᠠ ᠳᠥᠷᠪᠡᠨ ᠵᠠᠬ᠎ᠠ ᠶᠢᠨ ᠵᠠᠭᠠᠭ ᠢ ᠲᠣᠭᠲᠠᠭᠠᠵᠤ᠂ ᠬᠤᠲᠠ ᠶᠢᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠠᠮᠢᠶᠠᠷᠤᠯᠲᠠ ᠶᠢᠨ ᠬᠡᠪᠴᠢᠶᠡᠨ ᠳᠤ ᠣᠷᠣᠭᠤᠯᠵᠤ᠂ ᠭᠠᠵᠠᠷ ᠰᠢᠷᠣᠢ ᠶᠢᠨ ᠨᠥᠭᠡᠴᠡᠯᠡᠯ ᠤᠨ ᠣᠨ ᠪᠠ ᠤᠷᠲᠤᠪᠲᠤᠷ ᠪᠤᠶᠤ ᠣᠷᠳᠣ ᠬᠤᠭᠤᠴᠠᠭᠠᠨ ᠤ ᠲᠥᠯᠥᠪᠯᠡᠭᠡ ᠳᠤ ᠣᠷᠣᠭᠤᠯᠤᠨ ᠬᠠᠮᠢᠶᠠᠷᠬᠤ ᠶᠢᠨ ᠬᠠᠮᠲᠤ ᠣᠨ ᠤ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢ ᠦᠨᠳᠦᠰᠦᠯᠡᠨ ᠠᠯᠪᠠᠨ ᠠᠴᠠ ᠡᠷᠭᠢᠯᠡᠭᠰᠡᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠨ᠎ᠠ᠃      ᠲᠠᠪᠤᠳᠤᠭᠠᠷ ᠵᠦᠢᠯ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠣᠷᠣᠨ ᠰᠠᠭᠤᠴᠠ ᠶᠢᠨ ᠬᠤᠷᠢᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠲᠦᠷᠥᠯ ᠵᠦᠢᠯ ᠢ ᠲᠥᠯᠥᠪᠵᠢᠭᠦᠯᠦᠨ ᠵᠥᠪᠰᠢᠶᠡᠷᠡᠬᠦ ᠳᠤ᠂ ︽ᠨᠠᠷᠢᠨ ᠲᠥᠯᠦᠪᠵᠢᠭᠦᠯᠭᠡ︾ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠢ ᠵᠡᠷᠭᠡ ᠳᠤᠨᠢ ᠢᠵᠢ ᠪᠦᠷᠢᠳᠦᠭᠦᠯᠦᠨ ᠲᠥᠯᠥᠪᠵᠢᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠡᠪᠴᠢᠶ᠎ᠡ ᠶᠢ ᠰᠤᠳᠤᠯᠤᠨ ᠲᠣᠭᠲᠠᠭᠠᠵᠤ᠂ ᠰᠢᠨ᠎ᠡ ᠪᠠᠷ ᠨᠡᠮᠡᠭᠳᠡᠭᠰᠡᠨ ᠣᠷᠣᠨ ᠰᠠᠭᠤᠴᠠ ᠶᠢᠨ ᠬᠤᠷᠢᠶᠠᠯᠠᠯ ᠤᠨ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠳ ᠶᠢᠨ ᠭᠡᠷ ᠣᠶᠢᠷᠠᠯᠴᠠᠭ᠎ᠠ ᠰᠤᠷᠭᠠᠭᠤᠯᠢ ︵ᠴᠡᠴᠡᠷᠯᠢᠭ︶ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠬᠠᠭᠤᠴᠢᠨ ᠬᠤᠷᠢᠶᠠᠯᠠᠯ ᠢ ᠨᠤᠷᠠᠭᠠᠨ ᠨᠡᠭᠦᠯᠭᠡᠵᠦ ᠥᠭᠡᠷᠡᠴᠢᠯᠡᠭᠰᠡᠨ᠂ ᠠᠯᠪᠠᠨ ᠪᠠᠶᠢᠭᠤᠯᠭ᠎ᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠰᠤᠯᠠᠯᠠᠨ ᠪᠤᠴᠠᠭᠠᠭᠰᠠᠨ ᠬᠡᠷᠡᠭᠯᠡᠬᠦ ᠭᠠᠵᠠᠷ ᠲᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠢ ᠤᠷᠢᠳᠴᠢᠯᠠᠨ ᠦᠯᠡᠳᠡᠭᠡᠬᠦ ᠶᠢ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠬᠤ ᠬᠡᠷᠡᠭᠲᠡᠢ᠃ ᠨᠢᠭᠡᠨᠲᠡ ᠪᠠᠶᠢᠭᠤᠯᠤᠭᠰᠠᠨ ᠣᠷᠣᠨ ᠰᠠᠭᠤᠴᠠ ᠶᠢᠨ ᠬᠤᠷᠢᠶᠠᠯᠠᠯ ᠳᠤ᠂ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ ᠪᠠᠶᠢᠭᠤᠯᠵᠤ᠂ ᠰᠤᠷᠭᠠᠭᠤᠯᠢ ᠳᠤ ᠣᠷᠣᠬᠤ ᠨᠠᠰᠤᠨ ᠤ ᠬᠡᠦᠬᠡᠳ ᠤᠨ ᠭᠡᠷ ᠣᠶᠢᠷᠠᠯᠴᠠᠭ᠎ᠠ ᠰᠤᠷᠭᠠᠭᠤᠯᠢ ︵ᠴᠡᠴᠡᠷᠯᠢᠭ︶ ᠳᠤ ᠣᠷᠣᠬᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠵᠢᠷᠭᠤᠳᠤᠭᠠᠷ ᠵᠦᠢᠯ  ᠬᠡᠰᠡᠭ ᠣᠷᠣᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠥᠷᠥᠯ ᠵᠦᠢᠯ ᠪᠠ ᠣᠨ ᠤ ᠨᠥᠭᠡᠴᠡᠯᠡᠬᠦ ᠲᠥᠯᠥᠪᠯᠡᠭᠡ ᠶᠢᠨ ᠬᠡᠷᠡᠭᠵᠢᠭᠦᠯᠦᠯᠲᠡ ᠳᠤ ᠣᠷᠣᠭᠤᠯᠤᠭᠰᠠᠨ ᠭᠠᠵᠠᠷ ᠰᠢᠷᠣᠢ ᠬᠤᠳᠠᠯᠳᠤᠨ ᠠᠪᠴᠤ ᠬᠠᠳᠠᠭᠠᠯᠠᠬᠤ ᠲᠦᠷᠥᠯ ᠵᠦᠢᠯ ᠳᠤ ᠬᠤᠳᠠ ᠶᠢᠨ ᠲᠥᠯᠦᠪᠵᠢᠭᠦᠯᠭᠡ ᠶᠢᠨ ᠶᠣᠰᠣᠭᠠᠷ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠢ ᠤᠷᠢᠳᠠᠪᠠᠷ ᠲᠠᠲᠠᠪᠤᠷᠢᠯᠠᠬᠤ᠂ ᠰᠢᠯᠵᠢᠭᠦᠯᠦᠨ ᠬᠡᠷᠡᠭᠯᠡᠬᠦ ᠪᠠ ᠨᠢᠭᠡᠳᠦᠭᠡᠷ ᠳᠡᠰ ᠤᠨ ᠨᠡᠭᠡᠭᠡᠨ ᠠᠰᠢᠭᠯᠠᠯᠲᠠ ᠬᠢᠬᠦ ᠶᠢ ᠤᠷᠢᠳᠴᠢᠯᠠᠨ ᠬᠡᠷᠡᠭᠵᠢᠭᠦᠯᠵᠦ᠂ ᠲᠦᠷᠦᠯ ᠵᠦᠢᠯ ᠳᠤ ᠬᠡᠷᠡᠭᠯᠡᠬᠦ ᠭᠠᠵᠠᠷ ᠢ ᠴᠠᠭ ᠲᠤᠬᠠᠢ ᠳᠤᠨᠢ ᠬᠠᠩᠭᠠᠬᠤ ᠳᠤ ᠨᠥᠬᠦᠴᠡᠯ ᠪᠦᠷᠢᠯᠳᠦᠭᠦᠯᠦᠨ ᠥᠭᠴᠦ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠲᠤ ᠬᠡᠷᠡᠭᠯᠡᠬᠦ ᠭᠠᠵᠠᠷ ᠢ ᠡᠮᠬᠢᠯᠡᠬᠦ ᠦᠭᠡᠢ᠂ ᠨᠡᠭᠡᠭᠡᠨ ᠠᠰᠢᠭᠯᠠᠬᠤ ᠳᠤ ᠬᠡᠷᠡᠭᠯᠡᠬᠦ ᠭᠠᠵᠠᠷ ᠢ ᠬᠠᠩᠭᠠᠬᠤ ᠦᠭᠡᠢ ᠪᠠᠶᠢᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠲᠥᠯᠥᠪᠵᠢᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠢ ᠠᠩᠬᠠᠨ ᠤ ᠬᠤᠭᠤᠴᠠᠭᠠᠨ ᠤ ᠣᠷᠣᠨ ᠰᠠᠭᠤᠴᠠ ᠳᠤ ᠬᠡᠷᠡᠭᠯᠡᠬᠦ ᠭᠠᠵᠠᠷ ᠲᠠᠢ ᠵᠡᠷᠭᠡ ᠳᠤᠨᠢ ᠭᠠᠵᠠᠷ ᠬᠠᠩᠭᠠᠵᠤ᠂ ᠵᠡᠷᠭᠡ ᠳᠤᠨᠢ ᠪᠦᠲᠦᠭᠡᠨ ᠪᠠᠶᠢᠭᠤᠯᠬᠤ ᠨᠥᠬᠦᠴᠡᠯ ᠳᠤ ᠬᠦᠷᠦᠭᠦᠯᠦᠨ᠎ᠡ᠃      ᠳᠣᠯᠣᠳᠤᠭᠠᠷ ᠵᠦᠢᠯ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠱᠠᠲᠤᠨ ᠳᠤ ᠡᠯ᠎ᠡ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠠ ᠬᠤᠲᠠ ᠶᠢᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠤᠨ ᠰᠠᠨᠠᠯ ᠵᠥᠪᠯᠡᠯᠭᠡ ᠶᠢ ᠭᠦᠢᠴᠡᠳ ᠬᠤᠷᠢᠶᠠᠬᠤ ᠬᠡᠷᠡᠭᠲᠡᠢ᠃ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠪᠤᠶᠤ ᠣᠷᠣᠨ ᠰᠠᠭᠤᠴᠠ ᠨᠡᠭᠡᠭᠡᠨ ᠬᠥᠭᠵᠢᠭᠦᠯᠬᠦ ︵ᠬᠤᠳᠠᠯᠳᠤᠭᠠᠨ ᠤ ᠣᠷᠣᠨ ᠰᠠᠭᠤᠴᠠ ᠪᠠᠭᠲᠠᠨ᠎ᠠ︶ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠲᠤ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠬᠤ ᠳᠤ ᠬᠡᠷᠡᠭᠯᠡᠬᠦ ᠭᠠᠵᠠᠷ ᠤᠨ ᠬᠡᠪᠴᠢᠶ᠎ᠡ᠂ ᠲᠥᠯᠦᠪᠵᠢᠭᠦᠯᠭᠡ ᠶᠢᠨ ᠮᠡᠷᠭᠡᠵᠢᠯ ᠤᠨ ᠭᠦᠢᠴᠡᠳᠬᠡᠬᠦ ᠲᠤᠭ᠎ᠠ ᠵᠡᠷᠭᠡ ᠶᠢ ᠲᠣᠳᠣᠷᠬᠠᠢ ᠬᠤᠪᠢᠶᠠᠷᠢᠯᠠᠨ᠎ᠠ᠃ ᠬᠤᠲᠠ ᠶᠢᠨ ᠭᠠᠵᠠᠷ ᠰᠢᠷᠣᠢ ᠬᠤᠳᠠᠯᠳᠤᠨ ᠠᠪᠴᠤ ᠨᠥᠭᠡᠴᠡᠯᠡᠬᠦ ᠪᠠᠶᠢᠭᠤᠯᠤᠮᠵᠢ ᠨᠢ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠬᠡᠷᠡᠭᠯᠡᠬᠦ ᠭᠠᠵᠠᠷ ᠤᠨ ᠭᠠᠵᠠᠷ ᠰᠣᠩᠭᠤᠬᠤ ᠰᠠᠨᠠᠯ ᠤᠨ ᠪᠢᠴᠢᠭ ᠪᠤᠶᠤ ᠨᠡᠭᠡᠭᠡᠨ ᠠᠰᠢᠭᠯᠠᠬᠤ ᠲᠦᠷᠥᠯ ᠵᠦᠢᠯ ᠳᠤ ᠬᠡᠷᠡᠭᠯᠡᠬᠦ ᠭᠠᠵᠠᠷ ᠤᠨ ᠲᠥᠯᠦᠪᠵᠢᠭᠦᠯᠭᠡ ᠶᠢᠨ ᠨᠥᠬᠦᠴᠡᠯ ᠢ ᠦᠨᠳᠦᠰᠦᠯᠡᠨ᠂ ᠨᠥᠭᠡᠴᠡᠯᠡᠬᠦ ᠭᠠᠵᠠᠷ ᠰᠢᠷᠣᠢ ᠶᠢ ᠬᠤᠪᠢᠶᠠᠷᠢᠯᠠᠨ ᠥᠭᠴᠦ ᠬᠠᠩᠭᠠᠬᠤ ᠶᠢ ᠭᠦᠢᠴᠡᠳᠬᠡᠬᠦ ᠪᠤᠶᠤ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢ ᠬᠤᠳᠠᠯᠳᠤᠨ ᠠᠪᠴᠤ ᠦᠨ᠎ᠡ ᠬᠠᠶᠠᠨ ᠥᠭᠴᠦ ᠦᠨ᠎ᠡ ᠬᠠᠶᠠᠨ ᠬᠤᠳᠠᠯᠳᠤᠬᠤ ᠶᠢ ᠵᠣᠬᠢᠶᠠᠨ ᠪᠠᠶᠢᠭᠤᠯᠤᠨ᠎ᠠ᠃      ᠨᠠᠢᠮᠠᠳᠤᠭᠠᠷ ᠵᠦᠢᠯ  ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠣᠯᠬᠤ ᠵᠠᠷᠤᠳᠠᠯ ᠪᠠ ᠡᠮᠦᠨᠡᠬᠢ ᠬᠤᠭᠤᠴᠠᠭᠠᠨ ᠤ ᠨᠡᠭᠡᠭᠡᠨ ᠠᠰᠢᠭᠯᠠᠯᠲᠠ ᠶᠢᠨ ᠵᠠᠷᠤᠳᠠᠯ ᠢ ᠲᠥᠯᠥᠪᠵᠢᠭᠦᠯᠬᠦ ᠳᠤ᠂ ᠭᠠᠵᠠᠷ ᠰᠢᠷᠣᠢ ᠶᠢᠨ ᠨᠥᠭᠡᠴᠡᠯᠡᠯ ᠤᠨ ᠲᠥᠷᠥᠯ ᠵᠦᠢᠯ ᠪᠤᠶᠤ ᠨᠥᠭᠡᠴᠡᠯᠡᠯ ᠤᠨ ᠣᠷᠣᠨ ᠪᠦᠰᠡ ᠶᠢᠨ ᠰᠢᠯᠵᠢᠭᠦᠯᠦᠨ ᠬᠤᠳᠠᠯᠳᠤᠵᠤ ᠪᠣᠯᠬᠤ ᠭᠠᠵᠠᠷ ᠰᠢᠷᠣᠢ ᠶᠢᠨ ᠥᠪᠡᠷ ᠤᠨ ᠥᠷᠲᠡᠭ ᠲᠤ ᠪᠣᠳᠣᠨ ᠣᠷᠣᠭᠤᠯᠵᠤ᠂ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠤᠪᠢᠶᠠᠷᠢᠯᠠᠨ ᠥᠭᠴᠦ ᠬᠠᠩᠭᠠᠭᠰᠠᠨ ᠤ ᠲᠠᠷᠠᠭ᠎ᠠ ᠵᠣᠬᠢᠶᠠᠨ ᠪᠠᠶᠢᠭᠤᠯᠵᠤ ᠪᠦᠲᠦᠭᠡᠨ ᠪᠠᠶᠢᠭᠤᠯᠬᠤ ᠶᠢ ᠬᠠᠷᠢᠭᠤᠴᠠᠨ᠎ᠠ᠃      ᠰᠢᠯᠵᠢᠭᠦᠯᠦᠨ ᠬᠤᠳᠠᠯᠳᠤᠬᠤ ᠣᠷᠣᠨ ᠰᠠᠭᠤᠴᠠ ᠳᠤ ᠬᠡᠷᠡᠭᠯᠡᠬᠦ ᠭᠠᠵᠠᠷ ᠤᠨ ᠲᠠᠯᠠᠪᠠᠶ ᠨᠢ ᠨᠡᠯᠢᠶᠡᠳ ᠪᠠᠭ᠎ᠠ᠂ ᠬᠠᠭᠤᠴᠢᠨ ᠬᠤᠷᠢᠶᠠᠯᠠᠯ ᠢ ᠨᠤᠷᠠᠭᠠᠨ ᠨᠡᠭᠦᠯᠭᠡᠵᠦ ᠥᠭᠡᠷᠡᠴᠢᠯᠡᠬᠦ ᠪᠤᠶᠤ ᠪᠤᠰᠤᠳ ᠵᠦᠢᠯ ᠳᠤ ᠬᠡᠷᠡᠭᠯᠡᠬᠦ ᠭᠠᠵᠠᠷ ᠨᠡᠭᠡᠭᠡᠨ ᠬᠥᠭᠵᠢᠭᠦᠯᠬᠦ ᠲᠥᠷᠥᠯ ᠵᠦᠢᠯ ᠳᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠲᠣᠬᠢᠷᠠᠭᠤᠯᠤᠨ ᠪᠠᠶᠢᠭᠤᠯᠬᠤ ᠭᠠᠵᠠᠷ ᠪᠠᠶᠢᠬᠤ ᠦᠭᠡᠢ ᠪᠣᠯ ︽ᠳᠦᠷᠢᠮ︾ ᠳᠤ ᠲᠣᠭᠲᠠᠭᠠᠭᠰᠠᠨ ᠶᠣᠰᠣᠭᠠᠷ ᠰᠣᠷᠣᠭᠴᠢ ᠶᠢᠨ ᠳᠤᠮᠳᠠᠴᠢ ᠬᠡᠷᠡᠭᠯᠡᠬᠦ ᠭᠠᠵᠠᠷ ᠤᠨ ᠪᠠᠷᠢᠮᠵᠢᠶ᠎ᠠ ᠶᠢ ᠡᠷᠬᠢᠨ ᠲᠣᠭᠤᠷᠢᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠥᠷᠭᠡᠳᠬᠡᠨ ᠪᠠᠶᠢᠭᠤᠯᠬᠤ ᠳᠤ ᠬᠤᠪᠢᠶᠠᠷᠢᠯᠠᠨ ᠬᠡᠷᠡᠭᠯᠡᠨ᠎ᠡ᠃      ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠰᠢᠨ᠎ᠡ ᠪᠠᠷ ᠪᠠᠶᠢᠭᠤᠯᠬᠤ ᠪᠤᠶᠤ ᠥᠷᠭᠡᠳᠬᠡᠨ ᠪᠠᠶᠢᠭᠤᠯᠬᠤ ᠲᠦᠷᠥᠯ ᠵᠦᠢᠯ ᠤᠨ ᠪᠡᠯᠡ ᠮᠥᠩᠭᠦ ᠶᠢ ᠬᠤᠳᠠ ᠶᠢᠨ ᠡᠳ᠋ ᠤᠨ ᠵᠠᠰᠠᠭ ᠠᠴᠠ ᠬᠤᠷᠢᠶᠠᠭᠰᠠᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠢᠵᠢ ᠪᠦᠷᠢᠳᠦᠭᠦᠯᠬᠦ ᠵᠠᠷᠤᠳᠠᠯ ᠠᠴᠠ ᠰᠠᠯᠭᠠᠨ ᠥᠭᠴᠦ᠂ ᠬᠦᠷᠦᠯᠴᠡᠬᠦ ᠦᠭᠡᠢ ᠬᠡᠰᠡᠭ ᠢ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠭᠠᠵᠠᠷ ᠰᠢᠷᠣᠢ ᠶᠢ ᠰᠢᠯᠵᠢᠭᠦᠯᠦᠨ ᠬᠤᠳᠠᠯᠳᠤᠭᠰᠠᠨ ᠵᠠᠰᠠᠭ ᠤᠨ ᠣᠷᠳᠣᠨ ᠤ ᠠᠰᠢᠭ ᠬᠤᠪᠢᠳᠠᠭᠰᠠᠨ ᠠᠴᠠ ᠰᠢᠢᠳᠪᠦᠷᠢᠯᠡᠬᠦ ᠪᠤᠶᠤ ᠥᠪᠡᠷ ᠢᠶᠠᠨ ᠴᠤᠭᠯᠠᠭᠤᠯᠤᠨ᠎ᠠ᠃      ᠨᠡᠭᠡᠭᠡᠨ ᠬᠥᠭᠵᠢᠭᠦᠯᠬᠦ ᠠᠵᠤ ᠠᠬᠤᠶᠢᠯᠠᠯ ᠤᠨ ᠣᠷᠣᠯᠠᠨ ᠪᠠᠶᠢᠭᠤᠯᠬᠤ ᠪᠤᠶᠤ ᠲᠤᠰᠠᠯᠠᠨ ᠪᠠᠶᠢᠭᠤᠯᠬᠤ ᠵᠡᠷᠭᠡ ᠠᠷᠭ᠎ᠠ ᠮᠠᠶ᠋ᠢᠭ ᠢᠶᠠᠷ ᠨᠡᠭᠡᠭᠡᠨ ᠬᠥᠭᠵᠢᠭᠦᠯᠬᠦ ᠣᠷᠣᠨ ᠰᠠᠭᠤᠴᠠ ᠶᠢᠨ ᠬᠤᠷᠢᠶᠠᠯᠠᠯ ᠯᠤᠭ᠎ᠠ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢ ᠢᠵᠢ ᠪᠦᠷᠢᠳᠦᠭᠦᠯᠦᠨ ᠪᠠᠶᠢᠭᠤᠯᠬᠤ ᠶᠢ ᠵᠣᠷᠢᠭᠵᠢᠭᠤᠯᠤᠨ᠎ᠠ᠃      ᠶᠢᠰᠦᠳᠦᠭᠡᠷ ᠵᠦᠢᠯ  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠲᠥᠯᠦᠪᠵᠢᠭᠦᠯᠭᠡ ᠶᠢᠨ ᠨᠥᠬᠦᠴᠡᠯ ᠪᠠ ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠶᠣᠰᠣᠭᠠᠷ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠠᠯᠪᠠᠨ ᠵᠠᠷ ᠵᠡᠷᠭᠡ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ︽ᠤᠯᠤᠰ ᠤᠨ ᠥᠮᠴᠢᠯᠡᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠯᠡᠬᠦ ᠡᠷᠬᠡ ᠶᠢ ᠰᠢᠯᠵᠢᠭᠦᠯᠦᠨ ᠬᠤᠳᠠᠯᠳᠤᠬᠤ ᠭᠡᠷ᠎ᠡ︾ ᠳᠤᠮᠳᠠᠬᠢ ᠭᠠᠵᠠᠷ ᠰᠢᠷᠣᠢ ᠶᠢ ᠥᠷᠢᠰᠦᠯᠳᠦᠨ ᠣᠯᠣᠭᠰᠠᠨ ᠬᠥᠮᠥᠨ ᠪᠤᠶᠤ ᠨᠢᠭᠡᠴᠢ ︵ᠠᠵᠤ ᠠᠬᠤᠶᠢᠯᠠᠯ︶ ᠲᠠᠢ ᠢᠵᠢ ᠪᠦᠷᠢᠳᠦᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠤᠨ ᠥᠮᠴᠢᠯᠡᠯ ᠤᠨ ᠡᠷᠬᠡ ᠶᠢ ᠰᠢᠯᠵᠢᠭᠦᠯᠦᠨ ᠲᠤᠰᠢᠶᠠᠬᠤ ᠵᠡᠷᠭᠡ ᠬᠠᠮᠢᠶ᠎ᠠ ᠪᠦᠬᠦᠢ ᠱᠠᠭᠠᠷᠳᠠᠯᠭ᠎ᠠ ᠶᠢ ᠪᠣᠯᠵᠣᠨ ᠲᠣᠭᠲᠠᠵᠤ᠂ ᠣᠷᠣᠨ ᠰᠠᠭᠤᠴᠠ ᠶᠢᠨ ᠬᠤᠷᠢᠶᠠᠯᠠᠯ ᠯᠤᠭ᠎ᠠ ᠵᠡᠷᠭᠡᠪᠡᠷ ᠲᠥᠯᠥᠪᠵᠢᠭᠦᠯᠵᠦ᠂ ᠵᠡᠷᠭᠡᠪᠡᠷ ᠵᠢᠷᠤᠵᠤ ᠲᠥᠯᠥᠪᠯᠡᠨ᠂ ᠵᠡᠷᠭᠡᠪᠡᠷ ᠪᠦᠲᠦᠭᠡᠨ ᠪᠠᠶᠢᠭᠤᠯᠵᠤ᠂ ᠵᠡᠷᠭᠡᠪᠡᠷ ᠰᠢᠯᠭᠠᠨ ᠬᠤᠷᠢᠶᠠᠵᠤ᠂ ᠵᠡᠷᠭᠡᠪᠡᠷ ᠰᠢᠯᠵᠢᠭᠦᠯᠦᠨ ᠲᠤᠰᠢᠶᠠᠬᠤ ᠶᠢ ᠪᠠᠲᠤᠯᠠᠨ᠎ᠠ᠃      ᠣᠷᠣᠨ ᠰᠠᠭᠤᠴᠠ ᠶᠢᠨ ᠬᠤᠷᠢᠶᠠᠯᠠᠯ ᠤᠨ ᠢᠵᠢ ᠪᠦᠷᠢᠳᠦᠭᠰᠡᠨ ᠬᠡᠦᠬᠡᠳ ᠤᠨ ᠴᠡᠴᠡᠷᠯᠢᠭ ᠨᠢ ᠣᠯᠠᠨ ᠨᠡᠶᠢᠲᠡ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ ᠮᠥᠨ᠃ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠬᠤ ᠨᠢᠭᠡᠴᠢ ᠪᠣᠯᠵᠤᠭ᠎ᠠ ᠶᠣᠰᠣᠭᠠᠷ ᠢᠵᠢ ᠪᠦᠷᠢᠳᠦᠭᠦᠯᠦᠨ ᠪᠠᠶᠢᠭᠤᠯᠬᠤ ᠬᠡᠦᠬᠡᠳ ᠤᠨ ᠴᠡᠴᠡᠷᠯᠢᠭ ᠵᠢᠴᠢ ᠬᠠᠮᠢᠶ᠎ᠠ ᠪᠦᠬᠦᠢ ᠭᠠᠷ ᠭᠦᠢᠴᠡᠳᠬᠡᠯ᠂ ᠪᠠᠷᠢᠯᠭ᠎ᠠ ᠳᠠᠭᠤᠰᠤᠭᠰᠠᠨ ᠵᠢᠷᠤᠭ ᠵᠡᠷᠭᠡ ᠪᠦᠬᠦ ᠳᠠᠩᠰᠠ ᠡᠪᠬᠡᠮᠡᠯ ᠤᠨ ᠮᠠᠲ᠋ᠧᠷᠢᠶᠠᠯ ᠢ ᠬᠠᠷᠢᠶᠠᠲᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠤ ᠦᠨ᠎ᠡ ᠲᠥᠯᠥᠪᠦᠷᠢ ᠦᠭᠡᠢ ᠪᠠᠷ ᠰᠢᠯᠵᠢᠭᠦᠯᠦᠨ ᠥᠭᠴᠦ᠂ ᠠᠯᠪᠠᠨ ᠠᠴᠠ ᠡᠷᠬᠢᠯᠡᠭᠰᠡᠨ ᠬᠡᠦᠬᠡᠳ ᠤᠨ ᠴᠡᠴᠡᠷᠯᠢᠭ ᠡᠷᠬᠢᠯᠡᠬᠦ ᠪᠤᠶᠤ ᠴᠢᠨᠠᠷ ᠰᠠᠶᠢᠲᠠᠢ ᠡᠬᠢ ᠪᠠᠶᠠᠯᠢᠭ ᠢ ᠣᠷᠣᠭᠤᠯᠵᠤ ᠨᠠᠶᠢᠳᠠᠯᠭ᠎ᠠ ᠪᠠᠷ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠢ ᠡᠷᠭᠢᠯᠡᠬᠦ ᠳᠤ ᠬᠡᠷᠡᠭᠯᠡᠵᠦ᠂ ᠬᠤᠳᠠᠯᠳᠤᠵᠤ ᠪᠣᠯᠬᠤ ᠦᠭᠡᠢ᠂ ᠰᠢᠯᠵᠢᠭᠦᠯᠦᠨ ᠥᠭᠴᠦ ᠪᠣᠯᠬᠤ ᠦᠭᠡᠢ᠂ ᠲᠦᠷᠢᠶᠡᠰᠦᠯᠡᠭᠦᠯᠵᠦ ᠪᠣᠯᠬᠤ ᠦᠭᠡᠢ᠃      ᠠᠷᠪᠠᠳᠤᠭᠠᠷ ᠵᠦᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠵᠦ᠂ ᠬᠤᠰᠢᠭᠤ ᠰᠢᠶᠠᠨ ᠤ ᠠᠷᠠᠳ ᠤᠨ ᠵᠠᠰᠠᠭ ᠤᠨ ᠣᠷᠳᠣᠨ ᠲᠣᠰ ᠠᠷᠭ᠎ᠠ ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号