ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠠᠵᠢᠯ ᠡᠬᠢᠯᠡᠭᠦᠯᠵᠦ ᠰᠠᠭᠤᠷᠢ ᠲᠠᠯᠪᠢᠪᠠ
ᠨᠡᠶᠢᠲᠡᠯᠡᠭᠰᠡᠨ ᠴᠠᠭ᠄
2023/5/29
     ︵ᠰᠤᠷᠪᠤᠯᠵᠢᠯᠠᠭᠴᠢ ᠶᠠᠩ ᠼᠠᠢ ᠰᠢᠶᠠ︶ 5 ᠳ᠋ᠤᠭᠠᠷ ᠰᠠᠷ᠎ᠠ ᠶᠢᠨ 28 ᠤ ᠡᠳᠦᠷ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠬᠤᠪᠢᠶᠠᠷᠢ ᠰᠤᠷᠭᠠᠭᠤᠯᠢ ᠠᠵᠢᠯ ᠡᠬᠢᠯᠡᠭᠦᠯᠦᠨ ᠰᠠᠭᠤᠷᠢ ᠲᠠᠯᠪᠢᠬᠤ ᠶᠣᠰᠣᠯᠠᠯ ᠶᠠᠪᠤᠭᠳᠠᠪᠠ᠃      ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠭᠠᠵᠠᠷ ᠨᠢ ᠰᠠᠶᠢᠬᠠᠨ ᠲᠣᠭᠤᠷᠢᠭ ᠤᠨ ᠹᠧᠩᠵᠸᠤ ᠡᠮᠦᠨ᠎ᠡ ᠵᠠᠮ ᠠᠴᠠ ᠵᠡᠭᠦᠨᠰᠢ᠂ ᠪᠦᠦ ᠴᠢᠤᠸᠠᠨ ᠵᠡᠭᠡᠯᠢ ᠠᠴᠠ ᠬᠤᠶᠢᠰᠢ ᠪᠣᠢ᠃ ᠪᠠᠷᠢᠯᠭ᠎ᠠ ᠶᠢᠨ ᠨᠢᠭᠡᠴᠡ ᠶᠢᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠲᠥᠷᠥᠯ ᠵᠦᠢᠯ ᠤᠨ ᠶᠡᠷᠦᠩᠬᠡᠢ ᠪᠠᠷᠢᠯᠭ᠎ᠠ ᠶᠢᠨ ᠲᠠᠯᠠᠪᠠᠶ ᠨᠢ 45000 ᠲᠡᠭᠰᠢ ᠳᠥᠷᠪᠡᠯᠵᠢᠨ ᠮᠧᠲᠷ᠂ ᠡᠭᠦᠨ ᠳᠤ᠂ ᠭᠠᠵᠠᠷ ᠳᠡᠭᠡᠷᠡᠬᠢ ᠪᠠᠷᠢᠯᠭ᠎ᠠ ᠶᠢᠨ ᠲᠠᠯᠠᠪᠠᠶ ᠨᠢ 35000 ᠲᠡᠭᠰᠢ ᠳᠥᠷᠪᠡᠯᠵᠢᠨ ᠮᠧᠲᠷ᠂ ᠭᠠᠵᠠᠷ ᠳᠣᠣᠷᠠᠬᠢ ᠪᠠᠷᠢᠯᠭ᠎ᠠ ᠶᠢᠨ ᠲᠠᠯᠠᠪᠠᠶ  ᠨᠢ 10000 ᠲᠡᠭᠰᠢ ᠳᠥᠷᠪᠡᠯᠵᠢᠨ ᠮᠧᠲᠷ ᠪᠣᠯᠣᠨ᠎ᠠ᠃ ᠪᠦᠲᠦᠭᠡᠨ ᠪᠠᠶᠢᠭᠤᠯᠬᠤ ᠠᠭᠤᠯᠭ᠎ᠠ ᠳᠤ ᠪᠠᠭ᠎ᠠ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠠᠰᠠᠷ᠂ ᠰᠣᠶᠣᠯ ᠲᠠᠮᠢᠷ ᠤᠨ ᠠᠰᠠᠷ᠂ ᠣᠯᠠᠨ ᠴᠢᠳᠠᠪᠬᠢᠲᠦ ᠠᠰᠠᠷ ᠢ ᠪᠠᠭᠲᠠᠭᠠᠬᠤ ᠶᠢᠨ ᠬᠠᠮᠲᠤ᠂ ᠭᠡᠷ ᠤᠨ ᠭᠠᠳᠠᠨᠠᠬᠢ ᠲᠠᠮᠢᠷ ᠤᠨ ᠲᠠᠯᠠᠨᠪᠤᠷ ᠵᠢᠴᠢ ᠵᠣᠬᠢᠬᠤ ᠨᠣᠭᠤᠭᠠᠷᠠᠭᠤᠯᠬᠤ᠂ ᠬᠠᠲᠠᠭᠤᠷᠠᠭᠤᠯᠬᠤ᠂ ᠤᠰᠤ ᠬᠠᠩᠭᠠᠬᠤ ᠤᠰᠤ ᠵᠠᠯᠠᠬᠤ᠂ ᠴᠠᠬᠢᠯᠭᠠᠨ᠂ ᠢᠯᠴᠢ ᠵᠡᠷᠭᠡ ᠪᠡᠯᠡᠳᠬᠡᠮᠵᠢ ᠶᠢ ᠢᠵᠢ ᠪᠦᠷᠢᠳᠦᠭᠦᠯᠦᠨ ᠪᠦᠲᠦᠭᠡᠨ ᠪᠠᠶᠢᠭᠤᠯᠤᠨ᠎ᠠ᠃ ᠵᠢᠱᠢᠯᠲᠡ ᠪᠠᠷ 2024 ᠣᠨ ᠤ 7 ᠰᠠᠷ᠎ᠠ ᠶᠢᠨ ᠰᠡᠭᠦᠯᠴᠢ ᠪᠠᠷ ᠪᠠᠷᠢᠯᠭ᠎ᠠ ᠳᠠᠭᠤᠰᠬᠠᠨ᠎ᠠ᠃      ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠷᠢᠶᠠᠲᠤ ᠰᠤᠷᠭᠠᠭᠤᠯᠢ ᠶᠢᠨ ᠳᠡᠳ᠋ ᠵᠠᠬᠢᠷᠤᠯ ᠯᠢᠦ ᠵᠢᠶᠦ᠋ᠨ ᠤ ᠲᠠᠨᠢᠯᠴᠠᠭᠤᠯᠤᠭᠰᠠᠨ ᠢᠶᠠᠷ᠂ ᠬᠤᠪᠢᠶᠠᠷᠢ ᠰᠤᠷᠭᠠᠭᠤᠯᠢ ᠨᠢ ᠪᠠᠭ᠎ᠠ ᠰᠤᠷᠭᠠᠭᠤᠯᠢ ᠪᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠬᠤᠶᠠᠷ ᠰᠤᠷᠤᠯᠭ᠎ᠠ ᠶᠢᠨ ᠱᠠᠲᠤ ᠶᠢ ᠪᠠᠭᠲᠠᠭᠠᠭᠰᠠᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠶᠢᠰᠦᠨ ᠵᠢᠯ ᠤᠨ ᠳᠦᠷᠢᠮᠲᠦ ᠰᠤᠷᠭᠠᠭᠤᠯᠢ ᠪᠣᠯᠣᠨ᠎ᠠ᠃ ᠨᠡᠶᠢᠲᠡ 72 ᠵᠢᠭᠠᠨ ᠰᠤᠷᠭᠠᠯᠲᠠ ᠶᠢᠨ ᠠᠩᠭᠢ ᠪᠠᠷ ᠲᠥᠯᠥᠪᠯᠡᠨ᠂ ᠡᠭᠦᠨ ᠤ ᠳᠣᠲᠣᠷ᠎ᠠ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ 24 ᠠᠩᠭᠢ᠂ ᠪᠠᠭ᠎ᠠ ᠰᠤᠷᠭᠠᠭᠤᠯᠢ ᠶᠢᠨ 48 ᠠᠩᠭᠢ ᠪᠣᠶ᠃      ᠲᠣᠰ ᠰᠤᠷᠭᠠᠭᠤᠯᠢ ᠶᠢ ᠪᠠᠶᠢᠭᠤᠯᠤᠨ ᠭᠡᠷᠡᠭᠯᠡᠬᠦ ᠨᠢ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢᠨ ᠬᠢᠷᠢ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠰᠠᠶᠢᠬᠠᠨ ᠲᠣᠭᠤᠷᠢᠭ ᠵᠢᠴᠢ ᠪᠥᠬᠦ ᠬᠤᠲᠠ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠬᠦᠴᠦᠲᠡᠢ ᠲᠦᠯᠬᠢᠨ ᠠᠬᠢᠭᠤᠯᠬᠤ ᠪᠣᠯᠣᠨ᠎ᠠ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号