| | ᠪᠣᠣ ᠭᠠᠩ ᠬᠤᠷᠠᠯ ᠢ ᠡᠷᠬᠢᠯᠡᠪᠡ | ︵ᠰᠤᠷᠪᠤᠯᠵᠢᠯᠠᠭᠴᠢ ᠶᠦᠨ ᠵᠢᠩ︶ 5 ᠳ᠋ᠤᠭᠠᠷ ᠰᠠᠷ᠎ᠠ ᠶᠢᠨ 27 ᠤ ᠡᠳᠦᠷ᠂ ᠬᠤᠳᠠ ᠶᠢᠨ ᠨᠠᠮ ᠤᠨ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠱᠠᠨᠰᠢ | ᠮᠤᠵᠢ ᠶᠢᠨ ᠨᠠᠮ ᠤᠨ ᠬᠤᠷᠢᠶ᠎ᠠ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠦᠶ᠎ᠡ ᠶᠢᠨ ᠪᠠ ᠱᠠᠨ ᠰᠢ ᠶᠢᠨ ᠶᠦᠨ ᠴᠧᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ | ᠶᠠᠷᠢᠶᠠᠨ ᠤ ᠵᠣᠷᠢᠭ ᠰᠠᠨᠠᠭ᠎ᠠ᠂ ᠬᠤᠷᠢᠳᠤᠭᠠᠷ ᠬᠤᠭᠤᠴᠠᠭᠠᠨ ᠤ ᠲᠥᠪ ᠤᠨ ᠬᠢᠨᠠᠨ ᠪᠤᠳᠤᠬᠤ ᠵᠥᠪᠯᠡᠯ ᠤᠨ | ᠠᠩᠬᠠᠳᠤᠭᠠᠷ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠬᠤᠷᠠᠯ ᠤᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ | ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠪᠦᠦ ᠭᠠᠩ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠣᠶᠢᠯᠠᠭᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ | ᠱᠠᠭᠠᠷᠳᠠᠯᠭ᠎ᠠ ᠶᠣᠰᠣᠭᠠᠷ᠂ ᠣᠷᠣᠨ ᠤ ᠲᠥᠪ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ᠃ ︽ᠰᠤᠷᠤᠯᠴᠠᠯᠭ᠎ᠠ ᠪᠠᠷ ᠤᠶᠤᠨ ᠤᠬᠠᠭᠠᠨ ᠢᠶᠠᠨ | ᠨᠡᠮᠡᠭᠳᠡᠭᠦᠯᠬᠦ︾ ᠳᠡᠭᠡᠷ᠎ᠡ ᠬᠦᠴᠦ ᠣᠷᠣᠭᠤᠯᠵᠤ᠂ ᠠᠵᠢᠯ ᠢᠶᠠᠨ ᠰᠠᠶᠢᠳᠤᠷ ᠬᠢᠬᠦ ᠴᠢᠳᠠᠪᠤᠷᠢ᠂ ᠨᠠᠮ ᠢᠶᠠᠨ ᠮᠠᠨᠳᠤᠭᠤᠯᠬᠤ | ᠴᠢᠳᠠᠪᠤᠷᠢ᠂ ᠤᠯᠤᠰ ᠢᠶᠠᠨ ᠬᠦᠴᠦᠷᠬᠡᠭᠵᠢᠭᠦᠯᠬᠦ ᠴᠢᠳᠠᠪᠤᠷᠢ ᠶᠢ ᠰᠤᠷᠴᠤ᠂ ᠤᠯᠤᠰ ᠲᠦᠷᠦ ᠶᠢᠨ ᠴᠢᠳᠠᠪᠤᠷᠢ᠂ | ᠰᠡᠳᠬᠢᠬᠦ ᠴᠢᠳᠠᠪᠤᠷᠢ᠂ ᠦᠢᠯᠡᠳᠦᠯᠭᠡ ᠶᠢᠨ ᠴᠢᠳᠠᠪᠤᠷᠢ ᠪᠠᠨ ᠳᠡᠭᠡᠭᠰᠢᠯᠡᠭᠦᠯᠵᠦ᠂ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠠᠵᠢᠯ ᠢ ᠬᠦᠨᠵᠡᠭᠡᠶᠢᠷᠡᠭᠦᠯᠦᠨ ᠪᠣᠳᠠᠳᠠᠶᠢᠵᠢᠭᠤᠯᠬᠤ ᠶᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ | ᠃ ᠠᠵᠤ ᠠᠬᠤᠢ ᠶᠢ ᠬᠥᠭᠵᠢᠭᠦᠯᠬᠦ ᠬᠦᠴᠦᠯᠡᠬᠦ ᠴᠡᠭ ᠢ ᠪᠣᠳᠠᠲᠤ ᠴᠣᠭᠴᠠ ᠶᠢᠨ ᠠᠵᠤ ᠠᠬᠤᠢ ᠳᠡᠭᠡᠷ᠎ᠡ ᠲᠠᠯᠪᠢᠵᠤ᠂ | ᠲᠥᠷᠥᠯ ᠵᠦᠢᠯ᠂ ︽ᠬᠤᠣᠰ ᠮᠢᠩᠭ᠎ᠠ︾ ᠳᠤ ᠪᠡᠯᠡ ᠣᠷᠤᠭᠤᠯᠬᠤ ᠬᠠᠷᠠᠯᠲᠠ ᠶᠢ ᠴᠢᠩᠭ᠎ᠠ ᠠᠩᠬᠠᠷᠴᠤ᠂ ︽ | ᠵᠢᠷᠭᠤᠭᠠᠨ ᠶᠡᠭᠡ ᠠᠵᠤ ᠦᠢᠯᠡᠰ ᠤᠨ ᠪᠥᠭᠡᠮᠨᠡᠷᠡᠯ︾ ᠤᠨ ᠲᠣᠭᠤᠷᠢᠨ ᠳᠤ ᠬᠤᠳᠠᠯᠳᠤᠭᠠᠴᠢᠨ ᠤᠷᠢᠵᠤ ᠪᠡᠯᠡ | ᠣᠷᠣᠭᠤᠯᠬᠤ ᠶᠢ ᠶᠡᠬᠡᠪᠡᠷ ᠥᠷᠨᠢᠭᠦᠯᠵᠦ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ | ᠨᠥᠬᠦᠪᠦᠷᠢᠯᠡᠵᠦ ᠬᠡᠯᠬᠢᠶ᠎ᠡ ᠶᠢ ᠴᠢᠩᠭᠠᠳᠬᠠᠬᠤ ᠶᠢ ᠲᠦᠯᠬᠢᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ | ᠰᠢᠰᠲ᠋ᠧᠮᠵᠢ ᠶᠢ ᠲᠦᠷᠭᠡᠪᠴᠢᠯᠡᠨ ᠪᠠᠶᠢᠭᠤᠯᠬᠤ ᠬᠡᠷᠡᠭᠲᠡᠢ᠃ ᠬᠤᠳᠠ ᠬᠥᠳᠡᠭᠡ ᠣᠷᠣᠨ ᠪᠦᠰᠡ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠪᠠᠷ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠬᠡᠷᠡᠭᠲᠡᠢ᠃ ᠠᠮᠢ ᠠᠬᠤᠢ ᠶᠢᠨ ᠣᠷᠴᠢᠨ ᠨᠥᠬᠦᠴᠡᠯ ᠢ ᠬᠠᠮᠠᠭᠠᠯᠠᠬᠤ ᠡᠷᠴᠢᠮ ᠢᠶᠠᠨ | ᠴᠢᠩᠭᠠᠷᠠᠭᠤᠯᠵᠤ᠂ ᠤᠯᠤᠰ ᠤᠨ ᠤᠮᠠᠷᠠᠲᠤ ᠣᠷᠣᠨ ᠤ ᠡᠪᠦᠯ ᠤᠨ ᠤᠯᠠᠷᠢᠯ ᠤᠨ ᠴᠡᠪᠡᠷ ᠳᠤᠯᠠᠭᠠᠯᠠᠭ᠎ᠠ ᠶᠢᠨ | ᠲᠤᠷᠰᠢᠯᠲᠠ ᠶᠢᠨ ᠬᠤᠳᠠ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠬᠠᠳᠤᠨ | ᠭᠤᠣᠯ ᠤᠨ ᠰᠠᠪᠠ ᠭᠠᠵᠠᠷ᠂ ᠲᠠᠯᠠᠨ ᠬᠠᠷ᠎ᠠ ᠠᠭᠤᠯᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠵᠠᠰᠠᠯᠲᠠ ᠶᠢ | ᠯᠠᠪᠳᠠᠭᠤᠨ ᠢᠶᠠᠷ ᠲᠦᠯᠬᠢᠨ ᠠᠬᠢᠭᠤᠯᠵᠤ᠂ ᠤᠯᠤᠰ ᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ | ᠵᠢᠱᠢᠶ᠎ᠡ ᠦᠵᠡᠭᠦᠯᠬᠦ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠲᠠᠰᠤᠷᠠᠯᠳᠠ ᠦᠭᠡᠢ ᠪᠠᠬᠢᠵᠢᠭᠦᠯᠬᠦ | ᠬᠡᠷᠡᠭᠲᠡᠢ᠃ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠪᠠ ᠰᠣᠶᠣᠯ ᠤᠨ ᠥᠪ ᠢ ᠬᠠᠮᠠᠭᠠᠯᠠᠵᠤ | ᠤᠯᠠᠮᠵᠢᠯᠠᠨ ᠵᠠᠯᠭᠠᠮᠵᠢᠯᠠᠬᠤ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠮᠦᠽᠧᠢ ᠳᠤ ᠬᠠᠳᠠᠭᠠᠯᠠᠵᠤ ᠪᠠᠶᠢᠭ᠎ᠠ | ᠡᠯ᠎ᠡ ᠲᠦᠷᠦᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠠᠮᠢᠳᠤᠯᠢᠭᠵᠢᠭᠤᠯᠤᠨ ᠰᠠᠶᠢᠲᠤᠷ ᠬᠡᠷᠡᠭᠯᠡᠵᠦ᠂ ᠲᠡᠭᠦᠨ ᠳᠤ | ᠠᠭᠤᠯᠤᠭᠳᠠᠵᠤ ᠪᠠᠶᠢᠭ᠎ᠠ ᠡᠯᠪᠡᠭ ᠪᠠᠶᠠᠯᠢᠭ ᠰᠣᠶᠣᠯ ᠤᠨ ᠠᠭᠤᠯᠤᠭᠳᠠᠬᠤᠨ ᠢ ᠠᠭᠤᠳᠠᠯᠤᠨ ᠲᠠᠶᠢᠯᠪᠤᠷᠢᠯᠠᠵᠤ᠂ | ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠰᠠᠶᠢᠲᠤᠷ ᠤᠯᠠᠮᠵᠢᠯᠠᠨ ᠪᠠᠳᠠᠷᠠᠭᠤᠯᠬᠤ ᠬᠡᠷᠡᠭᠲᠡᠢ᠃ ᠲᠦᠷᠦᠯ | ᠵᠦᠢᠯ ᠤᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ᠂ ᠬᠤᠳᠠᠯᠳᠤᠭ᠎ᠠ | ᠡᠷᠬᠢᠯᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠢᠨᠠᠨ ᠪᠤᠳᠤᠬᠤ | ᠡᠷᠴᠢᠮ ᠢᠶᠠᠨ ᠴᠢᠩᠭᠠᠷᠠᠭᠤᠯᠵᠤ᠂ ᠬᠦᠴᠦᠲᠡᠢ ᠪᠦᠲᠦᠮᠵᠢᠲᠡᠢ ᠬᠢᠨᠠᠨ ᠪᠤᠳᠤᠵᠤ ᠬᠢᠨᠠᠯᠲᠠ ᠲᠠᠯᠪᠢᠬᠤ ᠦᠢᠯᠡᠴᠢᠯᠡᠭᠡ ᠪᠠᠷ | ᠣᠷᠣᠨ ᠤ ᠲᠥᠪ ᠤᠨ ᠴᠢᠨᠠᠷ ᠰᠠᠶᠢᠲᠠᠢ ᠬᠥᠭᠵᠢᠯᠲᠡ ᠶᠢ ᠪᠠᠲᠤᠯᠠᠬᠤ ᠬᠡᠷᠡᠭᠲᠡᠢ ᠭᠡᠵᠡᠢ᠃ | ᠬᠤᠷᠠᠯ ᠠᠴᠠ ︽ᠬᠤᠨᠠᠨ ᠤ ᠴᠠᠩᠱᠠ ᠶᠢᠨ ︿4. 29﹀ ᠤ ᠰᠠᠭᠤᠭᠠᠯᠢ ᠠᠷᠠᠳ ᠤᠨ ᠥᠪᠡᠷ ᠢᠶᠠᠨ ᠪᠠᠷᠢᠭᠰᠠᠨ | ᠭᠡᠷ ᠪᠠᠶᠢᠰᠢᠩ ᠨᠤᠷᠠᠭᠰᠠᠨ ᠣᠨᠴᠠ ᠬᠦᠨᠳᠦ ᠶᠡᠭᠡ ᠠᠳᠡᠯ ᠤᠨ ᠪᠠᠶᠢᠴᠠᠭᠠᠯᠲᠠ ᠶᠢᠨ ᠮᠡᠳᠡᠭᠦᠯᠦᠯᠲᠡ︾ ᠶᠢ | ᠤᠯᠠᠮᠵᠢᠯᠠᠵᠤ᠂ ᠠᠶᠤᠯᠭᠦᠢ ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠦᠭᠡᠢ᠂ ᠠᠳᠡᠯ ᠠᠴᠠ ᠭᠦᠨᠵᠡᠭᠡᠢ | ᠰᠤᠷᠭᠠᠮᠵᠢ ᠠᠪᠴᠤ᠂ ᠠᠶᠤᠯᠭᠦᠢ ᠦᠢᠯᠡᠳᠪᠦᠷᠢᠯᠡᠯ ᠤᠨ ᠡᠨᠡᠬᠦ ᠬᠥᠪᠴᠢ ᠶᠢ ᠴᠠᠭ ᠢᠮᠠᠭᠲᠠ ᠴᠢᠩᠭᠠᠯᠠᠵᠤ᠂ | ᠥᠪᠡᠷ ᠢᠶᠠᠨ ᠪᠠᠷᠢᠭᠰᠠᠨ ᠭᠡᠷ ᠪᠠᠶᠢᠰᠢᠩ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠪᠠᠷᠢᠯᠭ᠎ᠠ ᠶᠢᠨ ᠭᠠᠵᠠᠷ᠂ ᠠᠶᠤᠯᠲᠠᠢ | ᠬᠢᠮᠢ ᠶᠢᠨ ᠪᠣᠳᠠᠰ᠂ ᠣᠨᠴᠠ ᠲᠦᠷᠦᠯ ᠤᠨ ᠲᠤᠨᠤᠭ ᠲᠥᠬᠦᠭᠡᠷᠦᠮᠵᠢ᠂ ᠭᠠᠯ ᠤᠨᠲᠠᠷᠠᠭᠠᠬᠤ ᠵᠡᠷᠭᠡ ᠬᠦᠷᠢᠶᠡᠨ ᠤ ᠠᠮᠤᠷ | ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠵᠢᠴᠢ ︽ᠡᠷᠬᠢᠨ ᠬᠠᠷᠠᠬᠤ︾ ᠠᠵᠢᠯ ᠢ | ᠪᠠᠶᠢᠩᠭᠤᠵᠢᠭᠤᠯᠤᠨ ᠰᠠᠶᠢᠲᠤᠷ ᠬᠢᠵᠦ᠂ ᠮᠢᠨᠴᠦᠭᠦᠷᠡᠨ ᠲᠠᠶᠢᠪᠤᠰᠢᠷᠠᠬᠤ ᠭᠤᠷᠢᠳᠠᠬᠤ ᠪᠤᠳᠤᠯ ᠢ ᠡᠷᠡᠰ ᠬᠤᠷᠢᠭᠯᠠᠵᠤ᠂ | ᠠᠮᠤᠷ ᠲᠦᠪᠰᠢᠨ ᠤ ᠬᠤᠷᠢᠭ᠎ᠠ ᠱᠤᠭᠤᠮ ᠢ ᠴᠢᠩᠭ᠎ᠠ ᠪᠣᠳᠠᠲᠠᠢ ᠰᠠᠶᠢᠲᠤᠷ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃ | ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ |