ᠵᠢᠶᠠᠩᠰᠦ ᠮᠤᠵᠢ ᠶᠢᠨ ᠹᠠᠩ ᠣᠪᠣᠭᠲᠤ ︵ᠪᠤᠷᠤᠭᠤᠯᠠᠭᠰᠠᠨ ᠨᠡᠷ᠎ᠡ︶ ᠪᠣᠯᠤᠨ ᠢᠦᠶ ᠣᠪᠣᠭᠲᠤ ︵ | ᠪᠤᠷᠤᠭᠤᠯᠠᠭᠰᠠᠨ ᠨᠡᠷ᠎ᠡ︶ ᠡᠷ᠎ᠡ ᠡᠮ᠎ᠡ ᠬᠤᠶᠠᠭᠤᠯᠠ 2016 ᠣᠨ ᠤ 5 ᠰᠠᠷ᠎ᠠ ᠳᠤ ᠪᠤᠰᠤᠳ ᠤᠨ | ᠲᠠᠨᠢᠯᠴᠠᠭᠤᠯᠭ᠎ᠠ ᠪᠠᠷ ᠲᠠᠨᠢᠯᠴᠠᠨ ᠢᠨᠠᠭᠯᠠᠵᠤ᠂ ᠳᠠᠷᠠᠭ᠎ᠠ ᠨᠢ ᠪᠦᠷᠢᠳᠬᠡᠭᠦᠯᠦᠨ ᠲᠠᠩᠰᠠᠯᠠᠭᠤᠯᠵᠤ ᠤᠷᠤᠭᠯᠠᠭᠠᠳ᠂ | ᠬᠤᠶᠠᠷ ᠵᠢᠯ ᠤᠨ ᠲᠠᠷᠠᠭ᠎ᠠ ᠨᠢᠭᠡᠨ ᠬᠥᠭᠡᠷᠦᠬᠦᠨ ᠥᠬᠢᠨ ᠲᠠᠢ ᠪᠣᠯᠵᠠᠶ᠃ | ᠡᠭᠦᠨ ᠠᠴᠠ ᠡᠮᠦᠨ᠎ᠡ᠂ ᠹᠠᠩ ᠣᠪᠣᠭᠲᠤ ᠰᠢᠭᠦᠬᠦ ᠬᠤᠷᠢᠶ᠎ᠠ ᠳᠤ ᠤᠷᠤᠭ ᠰᠠᠯᠬᠤ ᠵᠠᠭᠠᠯᠳᠤᠯᠭ᠎ᠠ ᠭᠠᠷᠭᠠᠬᠰᠠᠨ | ᠳᠤ ᠨᠢᠴᠤᠭᠠᠬᠤ ᠲᠠᠰᠤᠯᠤᠯᠳᠡ ᠤᠯᠪᠠ᠂ ᠨᠢᠭᠡ ᠵᠢᠯ ᠤᠨ ᠳᠠᠷᠠᠭ᠎ᠠ ᠹᠠᠩ ᠣᠪᠣᠭᠲᠤ ᠳᠠᠬᠢᠨᠲᠠ ᠤᠷᠤᠭ ᠰᠠᠯᠬᠤ | ᠵᠠᠭᠠᠯᠳᠤᠯᠭ᠎ᠠ ᠭᠠᠷᠭᠠᠬᠰᠠᠨ ᠤ ᠬᠠᠮᠲᠤ ᠰᠢᠭᠦᠬᠦ ᠬᠤᠷᠢᠶᠠᠨ ᠳᠤ ᠬᠡᠦᠬᠡᠳ ᠢᠶᠠᠨ ᠡᠷᠡᠭᠲᠡᠶ ᠪᠠᠷ ᠢᠶᠠᠨ ᠠᠰᠠᠷᠠᠨ | ᠲᠡᠵᠢᠭᠡᠯᠭᠡᠬᠦ ᠪᠠᠷ ᠰᠢᠭᠦᠨ ᠲᠠᠰᠤᠯᠬᠤ ᠶᠢ ᠱᠠᠭᠠᠷᠳᠠᠵᠠᠶ᠃ | ︽ᠡᠮᠡᠭᠲᠡᠢ ᠨᠢ ᠦᠪᠡᠷ ᠢ ᠪᠠᠨ ᠦᠷᠭᠦᠯᠵᠢ ᠰᠥᠨᠢ ᠶᠢᠨ ᠡᠭᠡᠯᠵᠢ ᠳᠤ ᠠᠵᠢᠯᠯᠠᠳᠠᠭ ᠪᠤᠯᠬᠤᠷ ᠬᠡᠦᠬᠡᠳ ᠢᠶᠠᠨ | ᠠᠰᠠᠷᠠᠨ ᠲᠡᠵᠢᠭᠡᠬᠦ ᠴᠢᠳᠠᠪᠤᠷᠢ ᠦᠭᠡᠢ ᠭᠡᠵᠦ ᠦᠵᠡᠭᠰᠡᠨ ᠤ ᠬᠠᠮᠲᠤ ᠦᠪᠡᠷ ᠤᠨ ᠡᠵᠢ ᠨᠢ ᠪᠡᠶ᠎ᠡ ᠮᠠᠭᠤ ᠡᠪᠡᠳᠴᠢᠨ | ᠣᠯᠠᠨᠲᠠᠢ ᠪᠤᠯᠬᠤᠷ ᠦᠷᠭᠦᠯᠵᠢ ᠡᠵᠢ ᠪᠠᠨ ᠬᠠᠷᠠᠭᠠᠯᠵᠠᠳᠠᠭ᠂ ᠡᠶᠢᠮᠦ ᠠᠴᠠ ᠲᠡᠭᠦᠨ ᠤ ᠭᠡᠷ ᠤᠨ ᠬᠥᠮᠦᠰ ᠨᠢ ᠴᠦ | ᠬᠡᠦᠬᠡᠳ ᠢ ᠠᠰᠠᠷᠠᠨ ᠬᠠᠷᠠᠭᠠᠯᠵᠠᠬᠤ ᠶᠢᠨ ᠠᠷᠭ᠎ᠠ ᠦᠭᠡᠢ ᠭᠡᠵᠦ ᠦᠵᠡᠭᠡᠳ ᠡᠷᠡᠭᠲᠡᠢ ᠪᠠᠷ ᠢᠶᠠᠨ ᠠᠰᠠᠷᠠᠨ | ᠲᠡᠵᠢᠭᠡᠯᠭᠡᠬᠦ ᠪᠠᠷ ᠳᠤᠷᠠᠳᠴᠠᠢ︾ ᠭᠡᠵᠦ ᠰᠢᠭᠦᠬᠦ ᠬᠤᠷᠢᠶᠠᠨ ᠤ ᠠᠵᠢᠯᠲᠠᠨ ᠠᠴᠠ ᠹᠠᠩ ᠣᠪᠣᠭᠲᠤ ᠶᠢᠨ ᠭᠤᠶᠤᠴᠢᠯᠠᠯ | ᠤᠨ ᠲᠤᠬᠠᠢ ᠢᠩᠭᠢᠵᠦ ᠲᠠᠶᠢᠯᠪᠤᠷᠢᠯᠠᠯᠡ᠃ ᠡᠨᠡ ᠬᠦ ᠱᠠᠭᠠᠷᠳᠠᠯᠭ᠎ᠠ ᠶᠢᠨ ᠲᠤᠬᠠᠶ ᠢᠦᠶ ᠣᠪᠣᠭᠲᠤ ᠬᠡᠯᠡᠬᠦ ᠳᠡᠭᠡᠨ᠂ | ᠥᠪᠡᠷ ᠤᠨ ᠠᠵᠢᠯ ᠨᠢ ᠲᠣᠭᠲᠠᠪᠤᠷᠢ ᠦᠭᠡᠶ ᠪᠥᠭᠡᠳ ᠣᠷᠣᠨ ᠰᠠᠭᠤᠴᠠ ᠦᠭᠡᠶ᠂ ᠲᠡᠷᠡ ᠮᠥᠷᠲᠡᠭᠡᠨ ᠤᠷᠤᠭ | ᠰᠠᠯᠤᠭᠰᠠᠨ ᠦᠭᠡᠶ ᠪᠠᠶᠢᠳᠠᠯ ᠳᠣᠣᠷ᠎ᠠ ᠬᠡᠦᠬᠡᠳ ᠢ ᠡᠵᠢ ᠮᠠᠨᠢ ᠬᠠᠷᠠᠭᠠᠯᠵᠠᠭᠰᠠᠭᠠᠷ ᠢᠷᠡᠪᠡ᠂ ᠣᠳᠣ ᠡᠵᠢ ᠨᠢᠭᠡᠨᠲᠡ | ᠨᠠᠰᠤ ᠠᠭᠢᠬᠰᠠᠨ ᠠᠴᠠ ᠭᠠᠭᠴᠠᠭᠠᠷ ᠢᠶᠠᠨ ᠬᠡᠦᠬᠡᠳ ᠢ ᠬᠠᠷᠠᠭᠠᠯᠵᠠᠬᠤ ᠳᠤ ᠳᠥᠭᠦᠮ ᠦᠭᠡᠢ ᠪᠤᠯᠵᠠᠢ᠂ ᠡᠶᠢᠮᠦ ᠠᠴᠠ | ᠬᠡᠦᠬᠡᠳ ᠢ ᠠᠰᠠᠷᠠᠨ ᠲᠡᠵᠢᠭᠡᠵᠦ ᠲᠡᠶᠢᠯᠬᠦ ᠦᠭᠡᠢ ᠬᠡᠪᠡ᠃ | ᠰᠢᠭᠦᠬᠦ ᠬᠤᠷᠢᠶ᠎ᠠ ᠶᠢᠨ ᠬᠢᠨ ᠰᠢᠭᠦᠨ ᠰᠢᠢᠳᠪᠦᠷᠢᠯᠡᠬᠦ ᠳᠡᠭᠡᠨ᠂ ᠡᠷ᠎ᠡ ᠡᠮ᠎ᠡ ᠬᠤᠶᠠᠭᠤᠯᠠ ᠦᠷ᠎ᠡ | ᠬᠡᠦᠬᠡᠳ ᠢᠶᠠᠨ ᠠᠰᠠᠷᠠᠨ ᠲᠡᠵᠢᠭᠡᠬᠦ ᠠᠰᠠᠭᠤᠳᠠᠯ ᠳᠡᠭᠡᠷ᠎ᠡ ᠬᠠᠷᠢᠯᠴᠠᠨ ᠲᠦᠯᠬᠢᠯᠴᠡᠵᠦ᠂ ᠤᠷᠤᠭ ᠭᠡᠷ ᠪᠦᠯᠢ ᠶᠢᠨ | ᠶᠣᠰᠣ ᠮᠣᠷᠠᠯ ᠤᠨ ᠵᠢᠷᠤᠮᠵᠢᠯ ᠪᠠᠨᠡᠶᠢᠲᠡ ᠶᠢᠨ ᠡᠮᠬᠢ ᠵᠢᠷᠤᠮ ᠰᠠᠶᠢᠨ ᠰᠠᠶᠢᠬᠠᠨ ᠬᠡᠪ ᠵᠠᠩᠰᠢᠯ ᠢ ᠬᠦᠨᠳᠦ ᠨᠣᠴᠢᠲᠠᠢ | ᠵᠥᠷᠢᠴᠡᠵᠦ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠰᠢᠭᠤᠳ ᠬᠠᠯᠳᠠᠭᠰᠠᠨ | ᠪᠠᠶᠢᠨ᠎ᠠ ᠬᠡᠵᠦ ᠦᠵᠡᠪᠡ᠃ ᠡᠴᠦᠰ ᠲᠡᠭᠡᠨ ᠰᠢᠭᠦᠬᠦ ᠬᠤᠷᠢᠶ᠎ᠠ ᠶᠢᠨ ᠬᠢᠨ ᠤᠷᠤᠭ ᠰᠠᠯᠬᠤ ᠶᠢ ᠨᠢ ᠦᠯᠦ | ᠵᠥᠪᠰᠢᠶᠡᠷᠡᠬᠦ ᠲᠠᠰᠤᠯᠤᠯᠲᠠ ᠭᠠᠷᠭᠠᠵᠤ᠂ ᠲᠠᠰᠤᠯᠤᠯᠲᠠ ᠪᠠᠷ ᠳᠠᠮᠵᠢᠨ ᠬᠤᠶᠠᠷ ᠲᠠᠯ᠎ᠠ ᠪᠠᠷ ᠢᠶᠠᠨ ᠥᠪᠡᠷ ᠤᠨ ᠦᠢᠯᠡ | ᠠᠵᠢᠯᠯᠠᠭ᠎ᠠ ᠪᠠᠨ ᠡᠷᠭᠢᠴᠡᠭᠦᠯᠦᠨ ᠪᠣᠳᠣᠵᠤ᠂ ᠭᠡᠷ ᠪᠦᠯᠢ ᠶᠢᠨ ᠬᠠᠷᠢᠭᠤᠴᠠᠯᠭ᠎ᠠ ᠪᠠᠨ ᠲᠦᠯᠬᠢᠬᠦ ᠦᠭᠡᠢ᠂ | ᠨᠠᠰᠤᠨ ᠳᠤ ᠬᠦᠷᠦᠭᠡᠳᠦᠢ ᠦᠷ᠎ᠡ ᠬᠡᠦᠬᠡᠳ ᠤᠨ ᠡᠷᠬᠡ ᠠᠰᠢᠭ ᠠᠴᠠ ᠪᠣᠳᠣᠯᠬᠢᠯᠠᠵᠤ᠂ ᠭᠡᠷ ᠪᠦᠯᠢ ᠶᠢᠨ ᠵᠥᠷᠢᠴᠡᠯ ᠢ | ᠲᠣᠬᠢᠲᠠᠶ ᠰᠢᠢᠳᠪᠦᠷᠢᠯᠡᠬᠦ ᠶᠢ ᠬᠦᠰᠡᠵᠠᠢ᠃ | | |