ᠮᠠᠨ ᠤ ᠬᠤᠲᠠ ᠶᠢᠨ ﹇12315﹈ ᠲᠠᠪᠴᠠᠩ 5 ᠳ᠋ᠤᠭᠠᠷ ᠰᠠᠷ᠎ᠠ ᠳᠤ ᠬᠡᠷᠡᠭᠯᠡᠭᠴᠢᠳ ᠤᠨ ᠢᠯᠡᠴᠢᠯᠡᠨ ᠵᠠᠭᠠᠯᠳᠤᠭᠰᠠᠨ ᠬᠡᠷᠡᠭ ᠢ ᠨᠡᠶᠢᠲᠡ 4432 ᠬᠤᠪᠢ ᠬᠦᠯᠢᠶᠡᠨ ᠠᠪᠴᠤ ᠰᠢᠢᠳᠪᠦᠷᠢᠯᠡᠪᠡ
ᠨᠡᠶᠢᠲᠡᠯᠡᠭᠰᠡᠨ ᠴᠠᠭ᠄
2023/6/14
     ︵ᠰᠤᠷᠪᠤᠯᠵᠢᠯᠠᠭᠴᠢ ᠴᠢ ᠰᠢᠶᠣᠣ ᠶᠠᠨ︶ 5 ᠳ᠋ᠤᠭᠠᠷ ᠰᠠᠷ᠎ᠠ ᠳᠤ᠂ ᠮᠠᠨ ᠤ ᠬᠤᠲᠠ ᠪᠥᠬᠦ ᠤᠯᠤᠰ ᠤᠨ 12315 ᠲᠠᠪᠴᠠᠩ ᠳᠤ ᠲᠦᠰᠢᠭᠯᠡᠨ ᠬᠡᠷᠡᠭᠯᠡᠭᠴᠢᠳ ᠤᠨ ᠢᠯᠡᠴᠢᠯᠡᠨ ᠵᠠᠭᠠᠯᠳᠤᠭᠰᠠᠨ ᠬᠡᠷᠡᠭ ᠢ 4432 ︵ᠢᠨᠲ᠋ᠧᠷ ᠰᠦᠯᠵᠢᠶᠡᠨ ᠤ ᠠᠷᠭ᠎ᠠ ᠵᠠᠮ ᠢᠶᠠᠷ ᠢᠯᠡᠴᠢᠯᠡᠨ ᠵᠠᠭᠠᠯᠳᠤᠭᠰᠠᠨ ᠬᠡᠷᠡᠭ 1312 ᠪᠠᠭᠲᠠᠨ᠎ᠠ︶ ᠬᠤᠪᠢ ᠭᠥᠯᠢᠶᠡᠨ ᠠᠪᠴᠤ ᠰᠢᠢᠳᠪᠦᠷᠢᠯᠡᠵᠡᠢ᠂ ᠡᠭᠦᠨ ᠳᠤ 3587 ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠵᠦ᠂ ᠪᠥᠬᠦ ᠲᠣᠭᠠᠨ ᠤ 80.93% ᠶᠢ ᠡᠵᠡᠯᠡᠪᠡ︔ 845 ᠬᠤᠪᠢ ᠢᠯᠡᠴᠢᠯᠡᠨ ᠮᠡᠳᠡᠭᠦᠯᠦᠭᠰᠡᠨ ᠬᠡᠷᠡᠭ ᠢ ᠬᠦᠯᠢᠶᠡᠨ ᠠᠪᠴᠤ ᠰᠢᠢᠳᠪᠦᠷᠢᠯᠡᠵᠦ᠂ ᠪᠦᠬᠦ ᠲᠣᠭᠠᠨ ᠤ 19.07% ᠶᠢ ᠡᠵᠡᠯᠡᠪᠡ᠃ 5 ᠳ᠋ᠤᠭᠠᠷ ᠰᠠᠷ᠎ᠠ ᠳᠤ ᠭᠥᠯᠢᠶᠡᠨ ᠠᠪᠴᠤ ᠰᠢᠢᠳᠪᠦᠷᠢᠯᠡᠭᠰᠡᠨ ᠢᠯᠡᠴᠢᠯᠡᠨ ᠵᠠᠭᠠᠯᠳᠤᠭᠰᠠᠨ ᠬᠡᠷᠡᠭ ᠤᠨ ᠲᠤᠭ᠎ᠠ ᠨᠢ ᠲᠦᠷᠦᠭᠦᠸ ᠰᠠᠷ᠎ᠠ ᠶᠢᠨ ᠬᠢ ᠠᠴᠠ 16.99% ᠪᠠᠷ ᠪᠠᠭᠤᠷᠠᠵᠤ᠂ 2022 ᠣᠨ ᠤ ᠠᠳᠠᠯᠢ ᠬᠤᠭᠤᠴᠠᠭᠠᠨ ᠤ ᠬᠢ ᠠᠴᠠ 868 ᠬᠤᠪᠢ ᠨᠡᠮᠡᠭᠳᠡᠨ᠂ ᠠᠳᠠᠯᠢ ᠬᠤᠭᠤᠴᠠᠭᠠᠨ ᠤ ᠬᠢ ᠠᠴᠠ 24.35% ᠪᠠᠷ ᠨᠡᠮᠡᠭᠳᠡᠵᠡᠢ᠃      5 ᠳ᠋ᠤᠭᠠᠷ ᠰᠠᠷ᠎ᠠ ᠳᠤ ᠬᠡᠷᠡᠭᠯᠡᠭᠴᠢᠳ ᠤᠨ ᠵᠠᠭᠠᠯᠳᠤᠯᠭ᠎ᠠ ᠶᠢ 3587 ᠬᠤᠪᠢ ᠬᠦᠯᠢᠶᠡᠨ ᠠᠪᠴᠤ ᠰᠢᠢᠳᠪᠦᠷᠢᠯᠡᠵᠦ᠂ ᠨᠢᠳᠤᠨᠤᠨ ᠤ ᠠᠳᠠᠯᠢ ᠬᠤᠭᠤᠴᠠᠭᠠᠨ ᠤ ᠵᠠᠭᠠᠯᠳᠤᠯᠭ᠎ᠠ ᠶᠢᠨ ᠲᠤᠭ᠎ᠠ ᠠᠴᠠ 656 ᠬᠤᠪᠢ ᠨᠡᠮᠡᠭᠳᠡᠵᠦ᠂ ᠠᠳᠠᠯᠢ ᠬᠤᠭᠤᠴᠠᠭᠠᠨ ᠤ ᠬᠢ ᠠᠴᠠ 22.38% ᠨᠡᠮᠡᠭᠳᠡᠵᠡᠢ᠃ ᠡᠭᠦᠨ ᠳᠤ᠂ ᠲᠠᠸᠠᠷ ᠤᠨ ᠲᠥᠷᠥᠯ ᠳᠤ ᠬᠤᠯᠪᠣᠭᠳᠠᠭᠰᠠᠨ ᠵᠠᠭᠠᠯᠳᠤᠯᠭ᠎ᠠ 1835 ᠬᠤᠪᠢ ᠪᠠᠶᠢᠵᠤ᠂ ᠵᠠᠭᠠᠯᠳᠤᠯᠭ᠎ᠠ ᠶᠢᠨ ᠪᠦᠬᠦ ᠲᠣᠭᠠᠨ ᠤ 51.16% ᠶᠢ ᠡᠵᠡᠯᠡᠵᠡᠢ︔᡽ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ 1752 ᠬᠤᠪᠢ ᠪᠠᠶᠢᠵᠤ᠂ ᠵᠠᠭᠠᠯᠳᠤᠯᠭ᠎ᠠ ᠶᠢᠨ ᠪᠦᠬᠦ ᠲᠣᠭᠠᠨ ᠤ 48.84% ᠶᠢ ᠡᠵᠡᠯᠡᠵᠡᠢ᠃ ᠬᠡᠷᠡᠭᠯᠡᠭᠴᠢᠳ ᠲᠤ ᠨᠡᠶᠢᠲᠡ 39.48 ᠲᠦᠮᠡᠨ ᠲᠥᠭᠦᠷᠢᠭ ᠤᠨ ᠠᠵᠤ ᠠᠬᠤᠢ ᠶᠢᠨ ᠬᠤᠬᠢᠷᠠᠯ ᠢ ᠡᠭᠡᠭᠦᠯᠦᠨ ᠠᠪᠴᠢᠷᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号