ᠮᠠᠨ ᠤ ᠬᠤᠲᠠ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠢ 2023 ᠣᠨ ᠤ ᠲᠥᠪ ᠤᠨ ᠨᠥᠬᠦᠪᠦᠷᠢ ᠮᠥᠩᠭᠦ ᠶᠢ ᠨᠢᠭᠡᠨᠲᠡ 2711 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2023/6/15
     ︵ᠰᠤᠷᠪᠤᠯᠵᠢᠯᠠᠭᠴᠢ ᠰᠥᠩ ᠰᠢᠶᠠᠩ ᠬᠤᠸᠠ︶ ᠰᠤᠷᠪᠤᠯᠵᠢᠯᠠᠭᠴᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ ᠣᠶᠢᠯᠠᠭᠠᠭᠰᠠᠨ ᠨᠢ᠂ ᠡᠨᠡ ᠵᠢᠯ ᠠᠴᠠ ᠨᠠᠰᠢ᠂ ᠮᠠᠨ ᠤ ᠬᠤᠲᠠ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠠᠵᠢᠯ ᠢ ᠲᠦᠷᠭᠡᠨ ᠠᠬᠢᠭᠤᠯᠵᠤ᠂ ᠣᠳᠣᠬᠠᠨ ᠳᠤ ᠠᠮᠤ ᠪᠤᠳᠠᠭ᠎ᠠ ᠪᠣᠳᠠᠲᠠᠢ ᠳᠠᠷᠢᠵᠤ ᠪᠠᠶᠢᠭ᠎ᠠ ᠲᠠᠷᠢᠶᠠᠴᠢᠳ ᠤᠨ ᠨᠢᠭᠡ ᠤᠳᠠᠭ᠎ᠠ ᠶᠢᠨ ᠴᠢᠨᠠᠷᠲᠠᠢ 2023 ᠣᠨ ᠤ ᠲᠥᠪ ᠤᠨ ᠨᠥᠬᠦᠪᠦᠷᠢ ᠮᠥᠩᠭᠦ ᠶᠢ ᠨᠢᠭᠡᠨᠲᠡ 2711 ᠲᠦᠮᠡᠨ ᠲᠥᠭᠦᠷᠢᠭ ᠪᠠᠭᠤᠯᠭᠠᠪᠠ᠃      ᠲᠤᠰ ᠤᠳᠠᠭᠠᠨ ᠤ ᠨᠥᠬᠦᠪᠦᠷᠢ ᠪᠡᠯᠡ ᠮᠥᠩᠭᠦ ᠲᠠᠷᠬᠠᠭᠠᠬᠤ ᠡᠲᠡᠭᠡᠳ ᠪᠣᠯ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠦᠨ᠎ᠡ ᠬᠠᠩᠰᠢ ᠥᠰᠬᠦ ᠥᠪᠡᠷ ᠤᠨ ᠥᠷᠲᠡᠭ ᠢ ᠪᠣᠳᠠᠲᠠᠢ ᠡᠭᠦᠷᠭᠡᠯᠡᠭᠰᠡᠨ ᠠᠮᠤ ᠪᠤᠳᠠᠭ᠎ᠠ ᠲᠠᠷᠢᠭᠰᠠᠨ ᠬᠥᠮᠥᠨ ᠪᠣᠯᠣᠨ᠎ᠠ᠂ ᠡᠭᠦᠨ ᠳᠤ ᠥᠪᠡᠷ ᠤᠨ ᠳᠠᠭᠠᠭᠠᠴᠢᠯᠠᠭᠰᠠᠨ ᠭᠠᠵᠠᠷ ᠢᠶᠠᠨ ᠠᠰᠢᠭᠯᠠᠨ ᠠᠮᠤ ᠪᠤᠳᠠᠭ᠎ᠠ ᠲᠠᠷᠢᠭᠰᠠᠨ ᠲᠠᠷᠢᠶᠠᠴᠢᠨ ᠢ ᠪᠠᠭᠲᠠᠭᠠᠬᠤ ᠮᠥᠷᠲᠡᠭᠡᠨ ᠪᠠᠰᠠ ᠡᠷᠭᠢᠯᠲᠡ ᠳᠤ ᠣᠷᠣᠭᠤᠯᠤᠭᠰᠠᠨ ᠭᠠᠵᠠᠷ ᠰᠢᠷᠣᠢ ᠶᠢ ᠵᠠᠯᠭᠠᠵᠤ ᠠᠪᠤᠭᠰᠠᠨ ᠠᠮᠤ ᠪᠤᠳᠠᠭ᠎ᠠ ᠲᠠᠷᠢᠭᠰᠠᠨ ᠲᠣᠮᠣ ᠡᠷᠦᠭᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠠᠷᠢᠶᠠᠴᠢᠳ ᠤᠨ ᠬᠤᠷᠰᠢᠶ᠎ᠠ᠂ ᠲᠠᠷᠢᠶᠠᠯᠠᠩ ᠤᠨ ᠠᠵᠤ ᠠᠬᠤᠶᠢᠯᠠᠯ ᠵᠡᠷᠭᠡ ᠰᠢᠨ᠎ᠡ ᠮᠠᠶ᠋ᠢᠭ ᠤᠨ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠣᠭᠴᠠ ᠵᠢᠴᠢ ᠠᠮᠤ ᠪᠤᠳᠠᠭ᠎ᠠ ᠲᠠᠷᠢᠬᠤ ᠭᠠᠵᠠᠷ ᠬᠠᠭᠠᠯᠪᠤᠷᠢᠯᠠᠵᠤ᠂ ᠲᠠᠷᠢᠵᠤ᠂ ᠬᠤᠷᠢᠶᠠᠬᠤ ᠪᠦᠬᠦ ᠶᠠᠪᠤᠴᠠ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠥᠷᠨᠢᠭᠦᠯᠵᠦ ᠪᠠᠶᠢᠭ᠎ᠠ ᠬᠤᠪᠢ ᠬᠥᠮᠥᠨ ᠪᠠ ᠵᠣᠬᠢᠶᠠᠨ ᠪᠠᠶᠢᠭᠤᠯᠤᠯᠲᠠ ᠶᠢ ᠪᠠᠭᠲᠠᠭᠠᠪᠠ᠃ ᠡᠨᠡ ᠬᠦ ᠨᠥᠬᠦᠪᠦᠷᠢ ᠨᠢ ᠠᠮᠤ ᠪᠤᠳᠠᠭ᠎ᠠ ᠪᠣᠳᠠᠲᠠᠢ ᠲᠠᠷᠢᠭᠰᠠᠨ ᠲᠠᠷᠢᠶᠠᠴᠢᠳ ᠲᠤ ᠨᠢᠭᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠵᠤ᠂ ᠲᠠᠷᠢᠶᠠᠴᠢᠳ ᠤᠨ ᠠᠮᠤ ᠪᠤᠳᠠᠭ᠎ᠠ ᠲᠠᠷᠢᠬᠤ ᠢᠳᠡᠪᠬᠢᠵᠢᠯ ᠢ ᠤᠯᠠᠮ ᠨᠢᠭᠡ ᠠᠯᠬᠤᠮ ᠲᠠᠶᠢᠴᠢᠯᠠᠨ᠂ ᠲᠠᠷᠢᠶᠠᠯᠠᠩ ᠤᠨ ᠦᠢᠯᠡᠳᠪᠦᠷᠢᠯᠡᠯ ᠢ ᠨᠢᠭᠡᠳᠦᠯᠲᠡᠢ ᠲᠥᠯᠥᠪᠯᠡᠨ ᠳᠡᠮᠵᠢᠬᠦ ᠶᠢᠨ ᠲᠥᠯᠥᠭᠡ ᠶᠤᠮ᠃      ᠣᠳᠣᠬᠠᠨ ᠳᠤ᠂ ᠡᠯ᠎ᠡ ᠬᠤᠰᠢᠭᠤ ᠰᠢᠶᠠᠨ ︵ᠲᠣᠭᠤᠷᠢᠭ︶ ᠤ ᠨᠥᠬᠦᠪᠦᠷᠢ ᠣᠯᠭᠤᠬᠤ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠣᠶ᠃ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠡᠯ᠎ᠡ ᠬᠤᠰᠢᠭᠤ ᠰᠢᠶᠠᠨ ᠲᠣᠭᠤᠷᠢᠭ  ᠨᠢ ᠪᠡᠯᠡ ᠮᠥᠩᠭᠦ ᠶᠢᠨ ᠲᠤᠭ᠎ᠠ ᠬᠡᠮᠵᠢᠶ᠎ᠡ᠂ ᠠᠮᠤ ᠪᠤᠳᠠᠭ᠎ᠠ ᠲᠠᠷᠢᠭᠰᠠᠨ ᠲᠠᠯᠠᠪᠠᠶ ᠵᠡᠷᠭᠡ ᠪᠠᠶᠢᠳᠠᠯ ᠲᠠᠢ ᠤᠶᠠᠯᠳᠤᠭᠤᠯᠤᠨ ᠲᠣᠰ ᠣᠷᠣᠨ ᠪᠦᠰᠡ ᠶᠢᠨ ᠳᠣᠲᠣᠷᠠᠬᠢ ᠨᠥᠬᠦᠪᠦᠷᠢ ᠶᠢᠨ ᠵᠣᠭᠤᠰ ᠤᠨ ᠲᠤᠭ᠎ᠠ ᠶᠢ ᠶᠡᠷᠦᠩᠬᠡᠶᠢᠯᠡᠨ ᠲᠣᠭᠲᠠᠭᠠᠵᠤ᠂ ᠵᠠᠷᠴᠢᠮ ᠳᠡᠭᠡᠷ᠎ᠡ ᠪᠠᠨ ᠬᠤᠰᠢᠭᠤ ᠰᠢᠶᠠᠨ ᠤ ᠣᠷᠣᠨ ᠪᠦᠰᠡ ᠶᠢᠨ ᠳᠣᠲᠣᠷᠠᠬᠢ ᠨᠥᠬᠦᠪᠦᠷᠢ ᠶᠢᠨ ᠪᠠᠷᠢᠮᠵᠢᠶ᠎ᠠ ᠶᠢ ᠨᠢᠭᠡᠳᠦᠯᠲᠡᠢ ᠪᠠᠶᠢᠯᠭᠠᠬᠤ ᠬᠡᠷᠡᠭᠲᠡᠢ᠃ ᠡᠭᠦᠨ ᠤ ᠵᠡᠷᠭᠡ᠂ ᠡᠯ᠎ᠡ ᠬᠤᠰᠢᠭᠤ ᠰᠢᠶᠠᠨ ︵ᠲᠣᠭᠤᠷᠢᠭ︶ ᠨᠦᠭᠦᠳ ᠨᠥᠬᠦᠪᠦᠷᠢ ᠶᠢ ᠬᠢᠨᠠᠨ ᠬᠠᠷᠭᠤᠭᠤᠯᠬᠤ᠂ ᠣᠯᠭᠤᠬᠤ᠂ ᠢᠯᠡ ᠨᠡᠶᠢᠲᠡᠯᠡᠬᠦ ᠵᠡᠷᠭᠡ ᠭᠤᠭᠴᠤᠭ᠎ᠠ ᠶᠢᠨ ᠪᠣᠳᠠᠲᠠᠢ ᠠᠵᠢᠯ ᠤᠨ ᠴᠤᠪᠤᠷᠠᠯ ᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠳᠣᠬᠢᠴᠢᠯᠠᠭᠰᠠᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠭᠦᠢᠴᠡᠳ ᠬᠡᠷᠡᠭᠯᠡᠨ᠂ ᠨᠥᠬᠦᠪᠦᠷᠢ ᠶᠢᠨ ᠪᠡᠯᠡ ᠮᠥᠩᠭᠦ ᠶᠢ ᠬᠢᠨᠠᠨ ᠬᠠᠷᠭᠤᠭᠤᠯᠬᠤ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ᠂ ᠦᠷᠭᠦᠯᠵᠢᠯᠡᠨ ︽ᠪᠥᠬᠦᠨ ᠳᠤ ᠲᠣᠬᠢᠷᠠᠬᠤ ᠺᠠᠷᠲ︾ ᠤᠨ ᠠᠷᠭ᠎ᠠ ᠮᠠᠶ᠋ᠢᠭ ᠢ ᠠᠪᠴᠤ ᠨᠥᠬᠦᠪᠦᠷᠢ ᠶᠢᠨ ᠪᠡᠯᠡ ᠮᠥᠩᠭᠦ ᠶᠢ ᠴᠠᠭ ᠲᠤᠬᠠᠢ ᠳᠤᠨᠢ ᠭᠦᠢᠴᠡᠳ ᠲᠤᠭ᠎ᠠ ᠪᠠᠷ ᠪᠣᠳᠠᠲᠠᠢ ᠣᠯᠭᠤᠬᠤ ᠬᠡᠷᠡᠭᠲᠡᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号