| | ᠠᠵᠤ ᠦᠢᠯᠡᠳᠪᠤᠷᠢ ᠪᠠ ᠴᠢᠮᠡᠭᠡ ᠵᠠᠩᠭᠢᠵᠢᠯᠲᠠ ᠶᠢᠨ ᠶᠠᠮᠤᠨ ᠣᠶᠢᠷ᠎ᠠ ᠳᠤ ᠭᠤᠶᠤᠴᠢᠯᠠᠯ ᠶᠣᠰᠣᠭᠠᠷ | ᠳᠤᠮᠳᠠᠳᠤ ᠤᠯᠤᠰ ᠤᠨ ᠰᠢᠯᠵᠢᠮᠡᠯ ᠮᠡᠳᠡᠭᠡ ᠬᠤᠯᠪᠣᠭᠠᠨ ᠤ ᠺᠣᠮᠫᠠᠨᠢ ᠶᠢᠨ 4.9 GHz ᠶᠢᠨ ᠬᠡᠰᠡᠭ 5G | ᠰᠦᠯᠵᠢᠶ᠎ᠡ ᠶᠢᠨ ᠡᠬᠢ ᠪᠠᠶᠠᠯᠢᠭ ᠢ ᠬᠡᠷᠡᠭᠯᠡᠨ᠂ ᠤᠯᠤᠰ ᠤᠨ ᠳᠣᠲᠣᠭᠠᠳᠤ ᠶᠢᠨ ᠬᠤᠯᠪᠣᠭᠳᠠᠯ ᠪᠥᠬᠦᠶ ᠮᠤᠵᠢ | ᠣᠷᠣᠨ ᠳᠤ 5G ᠶᠢᠨ ᠭᠠᠵᠠᠷ ᠪᠠ ᠠᠭᠠᠷ ᠤᠨ ᠮᠡᠳᠡᠭᠡ ᠬᠤᠯᠪᠣᠭᠠᠨ ᠤ ᠮᠡᠷᠭᠡᠵᠢᠯ ᠤᠨ ᠲᠤᠷᠰᠢᠯᠲᠠ ᠬᠢᠬᠦ ᠶᠢ | ᠴᠤᠬᠤᠯᠠᠪᠤᠷᠢᠯᠠᠨ ᠬᠠᠷᠢᠭᠤᠯᠪᠠ᠃ 5G-ATG ᠨᠢ 5G ᠶᠢᠨ ᠣᠯᠠᠨ ᠨᠡᠶᠢᠲᠡ ᠶᠢᠨ ᠰᠢᠯᠵᠢᠮᠡᠯ ᠮᠡᠳᠡᠭᠡ | ᠬᠤᠯᠪᠣᠭᠠᠨ ᠤ ᠮᠡᠷᠭᠡᠵᠢᠯ ᠳᠤ ᠰᠠᠭᠤᠷᠢᠯᠠᠨ᠂ ᠨᠢᠰᠬᠡᠯ ᠤᠨ ᠠᠶᠠᠯᠠᠯ ᠤᠨ ᠱᠤᠭᠤᠮ ᠲᠠᠭᠠᠤ ᠣᠯᠠᠨ ᠤᠯᠤᠰ ᠤᠨ | ᠲᠦᠷᠢᠮ ᠪᠠ ᠤᠯᠤᠰ ᠤᠨ ᠳᠣᠲᠣᠭᠠᠳᠤ ᠶᠢᠨ ᠲᠣᠭᠲᠠᠭᠠᠯ ᠳᠤ ᠨᠡᠶᠢᠴᠡᠬᠦ ᠣᠨᠴᠠᠭᠠᠶ ᠰᠠᠭᠤᠷᠢ ᠥᠷᠲᠡᠭᠡ ᠪᠠ | ᠪᠠᠭᠴᠠᠲᠤ ᠬᠡᠯᠪᠡᠷᠢ ᠶᠢᠨ ᠳᠣᠯᠭᠢᠶᠠᠨ ᠤ ᠠᠨᠲ᠋ᠢᠨ᠎ᠠ ᠶᠢ ᠪᠠᠶᠢᠷᠢᠯᠠᠭᠤᠯᠵᠤ᠂ ᠭᠠᠵᠠᠷ ᠳᠡᠭᠡᠷᠡᠬᠢ ᠪᠠ ᠨᠢᠰᠬᠡᠯ ᠤᠨ | ᠥᠷᠥᠭᠡᠨ ᠤ ᠬᠤᠭᠤᠷᠣᠨᠳᠣ ᠭᠠᠵᠠᠷ ᠳᠡᠭᠡᠷᠡᠬᠢ ᠪᠠ ᠠᠭᠠᠷ ᠤᠨ ᠮᠡᠳᠡᠭᠡ ᠬᠤᠯᠪᠣᠭᠠᠨ ᠤ ᠵᠠᠮ ᠱᠤᠭᠤᠮ ᠪᠠᠶᠢᠭᠤᠯᠵᠤ᠂ | ᠠᠶᠠᠨᠴᠢᠳ ᠢ ᠨᠢᠰᠬᠡᠯ ᠳᠤ ᠰᠠᠭᠤᠭᠰᠠᠨ ᠴᠤ wifi ᠰᠦᠯᠵᠢᠶ᠎ᠡ ᠳᠤ ᠬᠤᠯᠪᠤᠭᠳᠠᠵᠤ ᠢᠨᠲ᠋ᠧᠷ ᠰᠦᠯᠵᠢᠶ᠎ᠡ ᠶᠢ | ᠠᠰᠢᠭᠯᠠᠵᠤ ᠳᠡᠶᠢᠯᠬᠦ ᠪᠣᠯᠭᠠᠬᠤ ᠶᠤᠮ ᠪᠠᠶᠢᠨ᠎ᠠ᠃ |