ᠮᠠᠨ ᠤ ᠬᠤᠲᠠ ᠶᠢᠨ 2023 ᠣᠨ ᠤ ︽ᠲᠠᠸᠠᠷ ᠢ ᠬᠡᠲᠦ ᠪᠣᠭᠤᠳᠠᠯᠯᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ ᠴᠡᠭᠴᠡᠯᠡᠨ ᠵᠠᠰᠠᠬᠤ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2023/6/16
     ︵ᠰᠤᠷᠪᠤᠯᠵᠢᠯᠠᠭᠴᠢ ᠰᠦᠨ ᠶᠤᠸᠠᠢ ᠯᠦᠩ︶ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠵᠦ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠠᠴᠠ ᠳᠠᠭᠠᠭᠠᠴᠢᠯᠠᠨ ᠡᠷᠬᠢᠯᠡᠭᠰᠡᠨ 2023 ᠣᠨ ᠤ ︽ᠲᠠᠸᠠᠷ ᠢ ᠬᠡᠳᠦ ᠪᠣᠭᠤᠳᠠᠯᠯᠠᠬᠤ ᠪᠠ ᠰᠦᠯᠢᠶᠥᠦ ᠶᠢᠨ ᠪᠣᠬᠢᠷᠲᠤᠯ ᠢ ᠵᠠᠰᠠᠬᠤ ᠲᠤᠰᠬᠠᠢ ᠴᠡᠭᠴᠡᠯᠡᠨ ᠵᠠᠰᠠᠬᠤ ᠤᠬᠠᠭᠤᠯᠭ᠎ᠠ ᠶᠢᠨ ᠰᠠᠷ᠎ᠠ︾ ᠶᠢᠨ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ 6 ᠳ᠋ᠤᠭᠠᠷ ᠰᠠᠷ᠎ᠠ ᠶᠢᠨ 15 ᠤ ᠡᠳᠦᠷ ᠲᠠᠯ᠎ᠠ ᠨᠤᠲᠤᠭ ᠤᠨ ᠲᠣᠷᠭᠠᠨ ᠵᠠᠮ ᠴᠡᠴᠡᠷᠯᠢᠭ ᠲᠤ ᠶᠠᠪᠤᠭᠳᠠᠪᠠ᠃      ᠠᠵᠢᠯᠯᠠᠭ᠎ᠠ ᠨᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ  ᠪᠣᠬᠢᠷᠳᠤᠯ ᠦᠭᠡᠢ ᠠᠮᠢᠳᠤᠷᠠᠯ ᠢ ᠰᠠᠨᠠᠭᠠᠴᠢᠯᠠᠨ᠂ ᠣᠯᠠᠨ ᠲᠦᠮᠡᠨ ᠤ ᠬᠡᠲᠦᠷᠡᠲᠡᠯ᠎ᠡ ᠪᠣᠭᠤᠳᠠᠯᠯᠠᠬᠤ ᠪᠠ ᠰᠦᠯᠢᠶᠥᠦ ᠶᠢᠨ ᠪᠣᠬᠢᠷᠲᠤᠯ ᠢ ᠤᠬᠠᠮᠰᠠᠷ ᠠᠴᠠ ᠪᠠᠨ ᠡᠰᠡᠷᠭᠦᠴᠡᠬᠦ ᠶᠢ ᠬᠥᠲᠥᠯᠥᠨ ᠵᠢᠯᠤᠭᠤᠳᠬᠤ ᠶᠢ ᠵᠣᠷᠢᠵᠠᠢ᠃ ᠡᠯᠧᠺᠲᠷᠣᠨ ᠬᠤᠳᠠᠯᠳᠤᠭ᠎ᠠ᠂ ᠢᠳᠡᠭᠡᠨ ᠤ ᠵᠦᠢᠯ᠂ ᠲᠦᠷᠭᠡᠨ ᠬᠦᠷᠭᠡᠯᠲᠡ᠂ ᠵᠣᠴᠢᠳ ᠤᠨ ᠪᠠᠭᠤᠳᠠᠯ᠂ ᠵᠠᠬᠢᠶᠠᠯᠠᠭ᠎ᠠ ᠶᠢᠨ ᠬᠤᠭᠤᠯᠠ ᠵᠡᠷᠭᠡ ᠠᠵᠢᠯ ᠲᠥᠷᠥᠯ ᠤᠨ 70 ᠭᠠᠷᠤᠢ ᠲᠥᠯᠥᠭᠡᠯᠡᠭᠴᠢ ᠡᠬᠢᠯᠡᠯᠲᠡ ᠶᠢᠨ ᠶᠣᠰᠣᠯᠠᠯ ᠳᠤ ᠣᠷᠣᠯᠴᠠᠵᠤ᠂ ᠠᠵᠤ ᠠᠬᠤᠶᠢᠯᠠᠯ ᠤᠨ ᠲᠥᠯᠥᠭᠡᠯᠡᠭᠴᠢ ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠭᠰᠠᠨ ᠪᠥᠭᠡᠳ ᠲᠤᠬᠠᠢ ᠶᠢᠨ ᠲᠠᠯᠠᠪᠤᠷ ᠲᠤ ︽ᠥᠪᠡᠷ ᠤᠨ ᠪᠡᠶ᠎ᠡ ᠠᠴᠠ ᠪᠠᠨ ᠭᠠᠷᠳᠠᠨ ︿ᠰᠦᠯᠢᠶᠣᠣ ᠶᠢ ᠪᠠᠭᠠᠰᠬᠠᠬᠤ ᠵᠠᠳᠠᠷᠠᠭᠤᠯᠬᠤ﹀ ᠠᠮᠠᠯᠠᠯᠲᠠ ᠶᠢᠨ ᠪᠢᠴᠢᠭ﹀ ᠢ ᠤᠩᠰᠢᠪᠠ᠃      ᠡᠬᠢᠯᠡᠯᠲᠡ ᠶᠢᠨ ᠶᠣᠰᠣᠯᠠᠯ ᠳᠡᠭᠡᠷ᠎ᠡ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠢᠤᠳᠠᠨ ᠤ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠠᠰᠠᠭᠤᠨ ᠯᠠᠪᠯᠠᠬᠤ ᠲᠠᠪᠴᠠᠩ ᠭᠠᠷᠭᠠᠬᠤ᠂ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠨᠢᠭᠤᠷᠲᠠᠨ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠳᠠ ᠶᠢᠨ ᠠᠷᠠᠳ ᠲᠤ ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠨᠡᠭᠦᠷᠡᠰᠦᠲᠥ᠋ᠷᠥᠭᠴᠢ ᠶᠢ ᠣᠷᠭᠢᠯ ᠳᠤ ᠬᠦᠷᠭᠡᠬᠦ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠵᠡᠷᠭᠡ ᠮᠡᠳᠡᠯᠭᠡ ᠶᠢ ᠲᠦᠭᠡᠮᠡᠯᠵᠢᠭᠦᠯᠵᠦ᠂ ᠤᠯᠠᠨ ᠢᠶᠠᠷ ᠢᠶᠠᠨ ᠪᠣᠳᠠᠲᠤ ᠠᠵᠢᠯᠯᠠᠭ᠎ᠠ ᠪᠠᠷ ᠢᠶᠠᠨ ︽ᠰᠦᠯᠢᠶᠤᠤ ᠶᠢ ᠪᠠᠭᠠᠰᠬᠠᠬᠤ︾᠂ ︽ ᠰᠦᠯᠢᠶᠣᠣ ᠶᠢ ᠵᠠᠳᠠᠷᠠᠭᠤᠯᠬᠤ︾ ᠶᠢ ᠡᠴᠦᠰ ᠲᠤᠨᠢ ᠲᠤᠯᠲᠠᠯ᠎ᠠ ᠬᠢᠵᠦ᠂ ᠨᠣᠭᠤᠭᠠᠨ᠂ ᠪᠣᠬᠢᠷᠲᠤᠯ ᠦᠭᠡᠢ᠂ ᠡᠷᠡᠭᠦᠯ ᠰᠠᠷᠠᠭᠤᠯ ᠰᠠᠶᠢᠨ ᠰᠠᠶᠢᠬᠠᠨ ᠭᠡᠷ ᠣᠷᠣᠨ ᠢ ᠬᠠᠮᠲᠤᠪᠠᠷ ᠪᠠᠶᠢᠭᠤᠯᠬᠤ ᠶᠢ ᠰᠠᠨᠠᠭᠠᠴᠢᠯᠠᠵᠠᠢ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号