ᠮᠠᠨ ᠤ ᠬᠤᠲᠠ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ
ᠨᠡᠶᠢᠲᠡᠯᠡᠭᠰᠡᠨ ᠴᠠᠭ᠄
2023/6/19
     ︵ᠰᠤᠷᠪᠤᠯᠵᠢᠯᠠᠭᠴᠢ ᠮᠢᠶᠣᠣ ᠰᠢᠨ︶ 6 ᠳ᠋ᠤᠭᠠᠷ ᠰᠠᠷ᠎ᠠ ᠶᠢᠨ 16 ᠤ ᠡᠳᠦᠷ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠪᠣᠯᠣᠨ ᠢᠦᠢ ᠴᠢᠤᠸᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠤᠨ ᠬᠠᠮᠲᠤᠷᠠᠨ ᠡᠷᠬᠢᠯᠡᠭᠰᠡᠨ ᠬᠥᠬᠡᠬᠤᠲᠠ ᠶᠢᠨ 2023 ᠣᠨ ᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠡᠭᠡ ᠵᠤᠤ ᠲᠠᠯᠠᠪᠠᠢ ᠳᠤ ᠶᠠᠪᠤᠭᠳᠠᠪᠠ᠃      ᠠᠵᠢᠯᠯᠠᠭ᠎ᠠ ᠶᠢᠨ ᠠᠬᠤᠢ ᠲᠠᠯᠠᠪᠠᠶ ᠳᠤ᠂ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠵᠦᠪᠯᠡᠯ ‍ᠦᠨ‌ᠠᠯᠪᠠᠨ ᠭᠡᠷ᠂ ᠢᠦᠢ ᠴᠢᠤᠸᠠᠨ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠠᠯᠪᠠᠨ ᠭᠡᠷ ᠵᠢᠴᠢ ᠬᠤᠳᠠ᠂ ᠲᠣᠭᠤᠷᠢᠭ ᠤᠨ ᠠᠶᠤᠯᠭᠦᠢ ᠦᠢᠯᠡᠳᠪᠦᠷᠢᠯᠡᠯ ᠤᠨ ᠵᠦᠪᠯᠡᠯ ᠤᠨ ᠡᠯ᠎ᠡ ᠭᠡᠰᠢᠭᠦᠨ ᠨᠢᠭᠡᠴᠡ ᠪᠣᠯᠣᠨ ᠭᠤᠣᠯᠳᠠᠯᠭ᠎ᠠ ᠲᠠᠢ ᠠᠵᠤ ᠠᠬᠤᠶᠢᠯᠠᠯ ᠤᠳ ᠠᠶᠤᠯᠭᠦᠢ ᠦᠢᠯᠡᠳᠪᠦᠷᠢᠯᠡᠯ ᠤᠨ ᠲᠠᠩᠭᠠᠷᠢᠭᠯᠠᠬᠤ᠂ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠶᠢᠨ ᠯᠠᠪᠯᠠᠯᠭ᠎ᠠ᠂ ᠥᠪᠡᠷ ᠢ ᠪᠠᠨ ᠠᠪᠤᠷᠠᠵᠤ ᠬᠠᠷᠢᠯᠴᠠᠨ ᠠᠪᠤᠷᠠᠬᠤ ᠶᠢ ᠪᠡᠶᠡᠴᠢᠯᠡᠨ ᠣᠶᠢᠯᠠᠭᠠᠬᠤ᠂ ᠪᠠᠴᠢᠮ ᠪᠠᠶᠢᠳᠠᠯ ᠢ ᠠᠷᠭᠠᠴᠠᠬᠤ ᠲᠤᠨᠤᠭ ᠲᠥᠬᠦᠭᠡᠷᠦᠮᠵᠢ ᠶᠢ ᠳᠡᠯᠭᠡᠨ ᠦᠵᠡᠭᠦᠯᠬᠦ ᠵᠡᠷᠭᠡ ᠠᠷᠭ᠎ᠠ ᠬᠡᠯᠪᠡᠷᠢ ᠪᠠᠷ ᠬᠤᠳᠠ ᠶᠢᠨ ᠠᠷᠠᠳ ᠲᠤ ᠠᠶᠤᠯᠭᠦᠢ ᠦᠢᠯᠡᠳᠪᠦᠷᠢᠯᠡᠯ ᠤᠨ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠠᠶᠤᠯᠭᠦᠢ ᠦᠢᠯᠡᠳᠪᠦᠷᠢᠯᠡᠯ ᠤᠨ ᠮᠡᠳᠡᠯᠭᠡ ᠶᠢ ᠥᠷᠭᠡᠨ ᠢᠶᠠᠷ ᠲᠦᠭᠡᠮᠡᠯᠵᠢᠭᠦᠯᠵᠦ᠂ ᠤᠯᠠᠨ ᠲᠦᠮᠡᠨ ᠤ ᠠᠩᠬᠠᠷᠴᠤ ᠪᠠᠶᠢᠭ᠎ᠠ ᠠᠶᠤᠯᠭᠦᠢ ᠦᠢᠯᠡᠳᠪᠦᠷᠢᠯᠡᠯ ᠤᠨ ᠠᠰᠠᠭᠤᠳᠠᠯ ᠳᠤ ᠬᠠᠷᠢᠭᠤᠯᠲᠠ ᠥᠭᠪᠡ᠃ ᠠᠵᠢᠯᠯᠠᠭ᠎ᠠ ᠶᠢᠨ ᠠᠬᠤᠢ ᠲᠠᠯᠠᠪᠠᠢ ᠳᠤ ᠨᠡᠶᠢᠳᠡ 42 ᠤᠬᠠᠭᠤᠯᠭ᠎ᠠ ᠯᠠᠪᠯᠠᠯᠭ᠎ᠠ ᠶᠢᠨ ᠲᠠᠪᠴᠠᠩ ᠭᠠᠷᠭᠠᠵᠤ᠂ ᠡᠯ᠎ᠡ ᠲᠦᠷᠦᠯ ᠤᠨ ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ᠮᠠᠲ᠋ᠧᠷᠢᠶᠠᠯ ᠢ 3 ᠲᠦᠮᠡ ᠭᠠᠷᠤᠢ ᠬᠤᠪᠢ ᠲᠠᠷᠬᠠᠭᠠᠵᠤ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠠᠴᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢ ᠪᠦᠬᠦ ᠶᠠᠪᠤᠴᠠ ᠪᠠᠷ ᠰᠢᠭᠤᠳ ᠨᠠᠪᠲᠠᠷᠡᠭᠦᠯᠵᠦ᠂ ᠰᠦᠯᠵᠢᠶᠡᠨ ᠳᠡᠭᠡᠷ᠎ᠡ ᠲᠦᠮᠡ ᠰᠢᠬᠠᠮ ᠬᠥᠮᠥᠨ ᠣᠷᠣᠯᠴᠠᠭᠰᠠᠨ ᠪᠠᠶᠢᠨ᠎ᠠ᠃ ᠲᠤᠬᠠᠢ ᠶᠢᠨ ᠡᠳᠦᠷ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ᠂ ᠡᠯ᠎ᠡ ᠰᠠᠯᠠᠭ᠎ᠠ ᠮᠥᠴᠢᠷ᠂ ᠡᠯ᠎ᠡ ᠠᠵᠤ ᠠᠬᠤᠶᠢᠯᠠᠯ ᠴᠤ ︽ᠠᠶᠤᠯᠭᠦᠢ ᠦᠢᠯᠡᠳᠪᠦᠷᠢᠯᠡᠯ ᠤᠨ ᠰᠠᠷ᠎ᠠ︾ ᠶᠢᠨ ᠤᠬᠠᠭᠤᠯᠭ᠎ᠠ ᠯᠠᠪᠯᠠᠯᠭ᠎ᠠ ᠶᠢᠨ ᠡᠳᠦᠷ ᠤᠨ ᠠᠵᠢᠯᠯᠠᠭ᠎ᠠ ᠶᠢ ᠵᠡᠷᠭᠡᠪᠡᠷ ᠥᠷᠨᠢᠭᠦᠯᠪᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号