600 ᠭᠠᠷᠤᠢ ᠲᠦᠮᠡᠨ ᠵᠠᠯᠠᠭᠤᠴᠤᠳ ᠠᠵᠢᠯ ᠠᠯᠳᠠᠭᠠᠳ ᠪᠠᠶᠢᠨ᠎ᠠ
ᠨᠡᠶᠢᠲᠡᠯᠡᠭᠰᠡᠨ ᠴᠠᠭ᠄
2023/6/20
      ᠤᠯᠤᠰ ᠤᠨ ᠲᠤᠭ᠎ᠠ ᠪᠦᠷᠢᠳᠬᠡᠯ ᠤᠨ ᠲᠣᠪᠴᠢᠶᠠᠨ ᠤ ᠲᠠᠨᠢᠯᠴᠠᠭᠤᠯᠤᠭᠰᠠᠨ ᠢᠶᠠᠷ᠂ ᠮᠠᠨ ᠤ ᠤᠯᠤᠰ ᠲᠤ ᠣᠳᠣ 16 ᠠᠴᠠ 24 ᠨᠠᠰᠤᠨ ᠤ ᠬᠤᠭᠤᠷᠣᠨᠳᠤᠬᠢ ᠵᠠᠯᠠᠭᠤᠴᠤᠳ ᠪᠠᠷᠤᠭ 9600 ᠭᠠᠷᠤᠢ ᠲᠦᠮᠡ ᠪᠠᠶᠢᠭ᠎ᠠ ᠪᠦᠭᠡᠳ ᠤᠯᠠᠩᠬᠢ ᠨᠢ ᠬᠦᠳᠡᠯᠮᠦᠷᠢ ᠬᠦᠴᠤᠨ ᠤ ᠵᠠᠬ᠎ᠠ ᠲᠡᠯᠭᠡᠬᠦᠷ ᠲᠤ ᠵᠢᠩᠬᠢᠨᠢ ᠪᠠᠷ ᠤᠷᠤᠭ᠎ᠠ ᠦᠬᠡᠢ  ᠰᠤᠷᠭᠠᠭᠤᠯᠢ ᠳᠤ ᠪᠠᠶᠢᠭ᠎ᠠ ᠰᠤᠷᠤᠭᠴᠢᠳ ᠪᠤᠯᠤᠨ᠎ᠠ᠂ ᠡᠬᠦᠨ ᠳᠤ ᠬᠦᠳᠡᠯᠮᠦᠷᠢ ᠬᠦᠴᠤᠨ ᠤ ᠵᠠᠬ᠎ᠠ ᠲᠡᠯᠭᠡᠬᠦᠷ ᠲᠤ ᠤᠷᠤᠵᠦ ᠠᠵᠢᠯ ᠡᠷᠢᠭ᠍ᠰᠡᠨ 3300 ᠭᠠᠷᠤᠢ  ᠲᠦᠮᠡᠨ ᠵᠠᠯᠠᠭᠤᠴᠤᠳ ᠠᠴᠠ 2600 ᠭᠠᠷᠤᠢ ᠲᠦᠮᠡ ᠨᠢ ᠨᠢᠭᠡᠨᠳᠡ ᠠᠵᠢᠯ ᠤᠯᠵᠦ᠂ 600 ᠭᠠᠷᠤᠢ ᠲᠦᠮᠡᠨ ᠵᠠᠯᠠᠭᠤᠴᠤᠳ ᠪᠠᠰᠠ ᠠᠵᠢᠯ ᠤᠯᠤᠭ᠎ᠠ ᠦᠬᠡᠢ ᠪᠠᠶᠢᠨ᠎ᠠ᠂ ᠲᠠᠷᠤᠢ 16  ᠠᠴᠠ 24 ᠨᠠᠰᠤᠨ ᠤ  ᠬᠤᠭᠤᠷᠣᠨᠳᠤᠬᠢ  600  ᠭᠠᠷᠤᠢ  ᠲᠦᠮᠡᠨ ᠵᠠᠯᠠᠭᠤᠴᠤᠳ ᠠᠵᠢᠯ ᠠᠯᠳᠠᠭᠠᠳ ᠪᠠᠶᠢᠨ᠎ᠠ᠃ ᠣᠯᠠᠨ ᠤᠯᠤᠰ ᠤᠨ ᠬᠥᠳᠡᠯᠮᠦᠷᠢ ᠬᠦᠴᠦᠨ ᠤ ᠪᠠᠶᠢᠭᠤᠯᠭ᠎ᠠ ᠶᠢᠨ ᠪᠠᠷᠢᠮᠵᠢᠶ᠎ᠠ ᠪᠠᠷ᠂ ᠪᠠᠶᠢᠴᠠᠭᠠᠯᠲᠠ ᠬᠢᠭᠰᠡᠨ ᠨᠢᠭᠡ ᠭᠠᠷᠠᠭ ᠤᠨ ᠬᠤᠭᠤᠴᠠᠭᠠᠨ ᠳᠤ ᠴᠠᠯᠢᠩ ᠬᠥᠯᠥᠰᠦ ᠪᠤᠶᠤ ᠡᠵᠡᠩᠨᠡᠯᠲᠡ ᠶᠢᠨ ᠣᠷᠣᠯᠭ᠎ᠠ ᠣᠯᠬᠤ ᠵᠢᠨ‌‍ᠲ᠋ᠥ᠋ᠯᠥᠭᠡ ᠨᠢᠭᠡ ᠴᠠᠭ ᠪᠤᠶᠤ ᠲᠡᠭᠦᠨ ᠠᠴᠠ ᠳᠡᠭᠡᠭᠰᠢ ᠠᠵᠢᠯᠯᠠᠭᠰᠠᠨ  ᠬᠥᠮᠥᠨ  ᠡᠰᠡᠬᠦᠯ᠎ᠡ  ᠴᠢᠯᠦᠭᠡ  ᠠᠪᠤᠭᠰᠠᠨ  ᠪᠤᠶᠤ  ᠲᠦᠷ ᠵᠠᠭᠤᠷ᠎ᠠ ᠠᠵᠢᠯᠯᠠᠬᠤ ᠪᠠᠨ ᠵᠣᠭᠰᠣᠭᠰᠠᠨ ᠬᠥᠮᠥᠨ ᠢ ᠪᠦᠷ ᠠᠵᠢᠯ ᠲᠠᠢ ᠬᠥᠮᠥᠨ ᠳᠤ ᠲᠣᠭᠠᠴᠠᠵᠤ ᠪᠣᠳᠣᠳᠠᠭ ᠶᠤᠮ᠃ᠢᠷᠡᠯᠳᠡ᠄ ᠠᠷᠠᠳ ᠤᠨ ᠰᠦᠯᠵᠢᠶ᠎ᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号