ᠤᠯᠤᠰ ᠤᠨ ᠰᠢᠯᠭᠠᠯᠲᠠ ᠶᠢᠨ ᠬᠤᠭᠤᠴᠠᠭᠠᠨ ᠳᠤ ᠮᠠᠨ ᠤ ᠬᠤᠲᠠ ᠶᠢᠨ ᠴᠠᠭ ᠠᠭᠤᠷ ᠬᠠᠭᠤᠷᠠᠢ ᠬᠠᠯᠠᠭᠤᠨ ᠢᠶᠠᠷ ᠭᠤᠣᠯᠯᠠᠨ᠎ᠠ
ᠨᠡᠶᠢᠲᠡᠯᠡᠭᠰᠡᠨ ᠴᠠᠭ᠄
2023/6/7
     ︵ᠰᠤᠷᠪᠤᠯᠵᠢᠯᠠᠭᠴᠢ ᠮᠢᠶᠣᠣ ᠴᠢᠩ︶ ᠬᠥᠬᠡᠬᠤᠲᠠ ᠶᠢᠨ ᠴᠠᠭ ᠠᠭᠤᠷ ᠤᠨ ᠲᠣᠪᠴᠢᠶ᠎ᠠ ᠶᠢᠨ 6 ᠳ᠋ᠤᠭᠠᠷ ᠰᠠᠷ᠎ᠠ ᠶᠢᠨ 6 ᠤ ᠡᠳᠦᠷ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠦᠨᠳᠦᠰᠦᠯᠡᠪᠡᠯ᠂ ᠤᠯᠤᠰ ᠤᠨ ᠰᠢᠯᠭᠠᠯᠲᠠ ᠶᠢᠨ ᠬᠤᠭᠤᠴᠠᠭᠠᠨ ᠳᠤ ᠮᠠᠨ ᠤ ᠬᠤᠲᠠ ᠶᠢᠨ ᠴᠠᠭ ᠠᠭᠤᠷ ᠬᠠᠭᠤᠷᠠᠢ ᠬᠠᠯᠠᠭᠤᠨ ᠢᠶᠠᠷ ᠭᠤᠣᠯᠯᠠᠵᠤ᠂ 7 ᠠᠴᠠ᡺8 ᠤ ᠡᠳᠦᠷ ᠤᠨ ᠰᠠᠯᠬᠢ ᠨᠡᠯᠢᠶᠡᠳ ᠬᠦᠴᠦ ᠲᠠᠢ᠂7 ᠤ ᠡᠳᠦᠷ ᠲᠠᠷᠠᠬᠠᠢ ᠴᠢᠨᠠᠷᠲᠠᠢ ᠠᠶᠤᠩᠭᠠᠲᠤ ᠪᠣᠷᠣᠭᠠᠨ ᠣᠷᠣᠨ᠎ᠠ᠂ ᠴᠠᠭ ᠠᠭᠤᠷ ᠤᠨ ᠤᠷᠢᠳᠴᠢᠯᠠᠭᠰᠠᠨ ᠮᠡᠳᠡᠭᠡ ᠶᠢ ᠰᠠᠶᠢᠲᠤᠷ ᠠᠩᠬᠠᠷᠴᠤ᠂ ᠴᠠᠭ ᠠᠭᠤᠷ ᠤᠨ ᠰᠢᠯᠲᠠᠭᠠᠨ ᠠᠴᠠ ᠪᠣᠯᠵᠤ ᠬᠤᠵᠢᠮᠳᠠᠵᠤ᠂ ᠰᠢᠯᠭᠠᠯᠲᠠ ᠪᠠᠨ ᠨᠥᠯᠥᠭᠡᠯᠡᠬᠦ ᠠᠴᠠ ᠵᠠᠶᠢᠯᠠᠰᠬᠢᠭᠡᠷᠡᠢ᠃ ᠵᠢᠱᠢᠯᠲᠡ ᠪᠠᠷ 7 ᠤ ᠡᠳᠦᠷ ᠤᠨ ᠴᠡᠴᠡᠭ ᠤᠨ ᠲᠣᠭᠤᠰᠣᠨ ᠤ ᠥᠳᠬᠡᠴᠡ ᠨᠡᠯᠢᠶᠡᠳ ᠳᠣᠣᠷ᠎ᠠ ᠲᠦᠪᠰᠢᠨ ᠳᠤ ᠪᠠᠶᠢᠵᠤ᠂ ᠬᠠᠷᠰᠢᠮᠠᠲᠠᠭᠠᠢ ᠬᠥᠮᠥᠰ ᠭᠠᠳᠠᠭᠰᠢ ᠭᠠᠷᠬᠤ ᠳᠠᠭᠠᠨ ᠵᠣᠬᠢᠬᠤ ᠬᠡᠮᠵᠢᠶ᠎ᠡ ᠪᠠᠷ ᠰᠡᠷᠭᠡᠶᠢᠯᠡᠨ ᠬᠠᠮᠠᠭᠠᠯᠠᠭᠠᠷᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号