ᠮᠠᠨ ᠤ ᠬᠤᠲᠠ 2023 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ 495.90 ᠲᠦᠮᠡᠨ ᠲᠥᠭᠦᠷᠢᠭ ᠪᠠᠭᠤᠯᠭᠠᠪᠠ
ᠨᠡᠶᠢᠲᠡᠯᠡᠭᠰᠡᠨ ᠴᠠᠭ᠄
2023/8/14
      ︵ᠰᠤᠷᠪᠤᠯᠵᠢᠯᠠᠭᠴᠢ ᠰᠥᠩ ᠰᠢᠶᠠᠩ ᠬᠤᠸᠠ︶ ︽2023 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠪᠣᠯᠣᠨ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠤᠪᠢᠶᠠᠷᠢᠯᠠᠯᠲᠠ ᠶᠢᠨ ᠰᠠᠨᠠᠯ ᠢ ᠦᠨᠳᠦᠰᠦᠯᠡᠨ᠂ ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠨᠣᠷᠮ᠎ᠠ ᠶᠢ ᠰᠣᠷᠣᠭᠴᠢ ᠨᠢᠭᠡᠪᠦᠷᠢ ᠳᠤ ᠵᠢᠯ ᠪᠦᠷᠢ 1000 ᠲᠥᠭᠦᠷᠢᠭ ᠤᠨ ᠪᠠᠷᠢᠮᠵᠢᠶ᠎ᠠ ᠶᠣᠰᠣᠭᠠᠷ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠣᠶᠢᠷ᠎ᠠ ᠳᠤ᠂ 2023 ᠣᠨ ᠤ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ 495.90 ᠲᠦᠮᠡᠨ ᠲᠥᠭᠦᠷᠢᠭ ᠪᠠᠭᠤᠯᠭᠠᠵᠤ᠂ ᠮᠠᠨ ᠤ ᠬᠤᠲᠠ ᠶᠢᠨ ᠡᠩ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠦᠨᠳᠦᠰᠦᠨ ᠨᠥᠬᠦᠴᠡᠯ ᠢ ᠤᠯᠠᠮ ᠨᠢᠭᠡ ᠠᠯᠬᠤᠮ ᠰᠠᠶᠢᠵᠢᠷᠠᠭᠤᠯᠬᠤ᠂ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠳᠤ ᠴᠢᠬᠤᠯᠠ ᠪᠠᠲᠤᠯᠠᠭ᠎ᠠ ᠶᠢᠨ ᠦᠢᠯᠡᠳᠦᠯ ᠦᠵᠡᠭᠦᠯᠪᠡ᠃      ᠡᠭᠦᠨ ᠠᠴᠠ ᠭᠠᠳᠠᠨ᠎ᠠ᠂ ︽2023 ᠣᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠨᠥᠬᠦᠪᠦᠷᠢ ᠶᠢᠨ ᠲᠥᠰᠥᠪ ᠢ ᠪᠠᠭᠤᠯᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠰᠤᠷᠭᠠᠨ ᠬᠥᠮᠦᠵᠢᠯ ᠤᠨ ᠲᠢᠩᠬᠢᠮ ᠤᠨ ᠮᠡᠳᠡᠭᠳᠡᠯ︾ ᠪᠠ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠶᠢᠨ ᠬᠤᠪᠢᠶᠠᠷᠢᠯᠠᠯᠲᠠ ᠶᠢᠨ ᠰᠠᠨᠠᠯ ᠵᠢᠴᠢ ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠰᠠᠭᠤᠷᠢ ᠨᠣᠷᠮ᠎ᠠ ︵ᠰᠣᠷᠣᠭᠴᠢ ᠨᠢᠭᠡᠪᠦᠷᠢ ᠶᠢᠨ ᠳᠤᠮᠳᠠᠴᠢ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠪᠠᠷᠢᠮᠵᠢᠶ᠎ᠠ 600 ᠲᠥᠭᠦᠷᠢᠭ︶ ᠶᠢ ᠦᠨᠳᠦᠰᠦᠯᠡᠨ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠠᠴᠠ 2023 ᠣᠨ ᠤ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠵᠢᠴᠢ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠤᠨ ᠲᠥᠰᠥᠪ ᠢ 534.30 ᠲᠦᠮᠡᠨ ᠲᠥᠭᠦᠷᠢᠭ ᠪᠠᠭᠤᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠪᠠᠶᠢᠭᠤᠯᠤᠮᠵᠢ ᠶᠢᠨ ᠦᠨᠳᠦᠰᠦᠨ ᠠᠵᠢᠯᠯᠠᠭᠠᠨ ᠢ ᠤᠯᠠᠮ ᠨᠢᠭᠡ ᠠᠯᠬᠤᠮ ᠪᠠᠲᠤᠯᠠᠵᠤ᠂ ᠮᠠᠨ ᠤ ᠬᠤᠲᠠ ᠶᠢᠨ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠶᠠᠰᠤ ᠴᠢᠨᠠᠷ ᠤᠨ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠳᠤ ᠢᠳᠡᠪᠬᠢᠲᠡᠢ ᠠᠬᠢᠭᠤᠯᠬᠤ ᠦᠢᠯᠡᠳᠦᠯ ᠦᠵᠡᠭᠦᠯᠪᠡ᠃ ᠡᠭᠦᠨ ᠳᠤ᠂ ᠠᠯᠪᠠᠨ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ 257.60 ᠲᠦᠮᠡᠨ ᠲᠥᠭᠦᠷᠢᠭ᠂ ᠲᠦᠭᠡᠮᠡᠯ ᠬᠠᠷᠠᠭᠠᠯᠵᠠᠯ ᠤᠨ ᠴᠢᠨᠠᠷᠲᠠᠢ ᠠᠷᠠᠳ ᠠᠴᠠ ᠡᠷᠭᠢᠯᠡᠭᠰᠡᠨ ᠬᠡᠦᠬᠡᠳ ᠤᠨ ᠴᠡᠴᠡᠷᠯᠢᠭ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ 276.70 ᠲᠦᠮᠡᠨ ᠲᠥᠭᠦᠷᠢᠭ ᠪᠣᠯᠣᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号