ᠮᠠᠨ ᠤ ᠬᠤᠲᠠ ᠳᠡᠭᠡᠳᠦ ᠱᠠᠲᠤᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠡᠯᠡ ᠮᠥᠩᠭᠦ ᠶᠢ ᠢᠳᠡᠪᠬᠢᠲᠡᠢ ᠴᠢᠷᠮᠠᠶᠢᠨ ᠣᠯᠵᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠪᠡ
ᠨᠡᠶᠢᠲᠡᠯᠡᠭᠰᠡᠨ ᠴᠠᠭ᠄
2023/8/14
      ︵ᠰᠤᠷᠪᠤᠯᠵᠢᠯᠠᠭᠴᠢ ᠰᠥᠩ ᠰᠢᠶᠠᠩ ᠬᠤᠸᠠ︶ ᠡᠨᠡ ᠵᠢᠯ᠂ ᠮᠠᠨ ᠤ ᠬᠤᠲᠠ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠳᠡᠮᠵᠢᠬᠦ ᠶᠢ ᠨᠢᠭᠡᠨ ᠭᠤᠣᠯᠳᠠᠯᠭ᠎ᠠ ᠲᠠᠢ ᠠᠵᠢᠯ ᠪᠣᠯᠭᠠᠵᠤ᠂ ᠬᠤᠲᠠ ᠶᠢᠨ ᠱᠠᠲᠤᠨ ᠤ ᠡᠳ᠋ ᠤᠨ ᠵᠠᠰᠠᠭ ᠠᠴᠠ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠲᠥᠷᠥᠯ ᠵᠦᠢᠯ ᠤᠨ ᠨᠥᠭᠡᠴᠡᠯᠡᠯᠲᠡ ᠶᠢ ᠰᠠᠶᠢᠲᠤᠷ ᠬᠢᠵᠦ᠂ ᠲᠥᠪ ᠪᠠ ᠮᠤᠵᠢ ᠶᠢᠨ ᠱᠠᠲᠤᠨ ᠤ ᠨᠡᠶᠢᠲᠡ 40211 ᠲᠦᠮᠡᠨ ᠲᠥᠭᠦᠷᠢᠭ ᠤᠨ 2023 ᠣᠨ ᠤ ᠬᠤᠲᠠ ᠪᠠᠯᠭᠠᠰᠤᠨ ᠤ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠨᠥᠬᠦᠪᠦᠷᠢ ᠮᠥᠩᠭᠦ ᠶᠢ ᠣᠯᠵᠤ᠂ ᠪᠥᠬᠦ ᠬᠤᠲᠠ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠢᠶᠠᠨ ᠳᠡᠮᠵᠢᠪᠡ᠃      7 ᠳ᠋ᠤᠭᠠᠷ ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ ᠰᠢᠶᠠᠨ ᠲᠣᠭᠤᠷᠢᠭ ᠲᠤ ᠨᠢᠭᠡᠨᠲᠡ 29916 ᠲᠦᠮᠡᠨ ᠲᠥᠭᠦᠷᠢᠭ ᠪᠠᠭᠤᠯᠭᠠᠪᠠ᠂ ᠡᠭᠦᠨ ᠳᠤ᠂ ᠬᠠᠭᠤᠴᠢᠨ ᠬᠤᠷᠢᠶᠠᠯᠠᠯ ᠢ ᠥᠭᠡᠷᠡᠴᠢᠯᠡᠬᠦ ᠳᠤ 26099 ᠲᠦᠮᠡᠨ ᠲᠥᠭᠦᠷᠢᠭ ᠬᠡᠷᠡᠭᠯᠡᠵᠦ᠂ 228 ᠬᠠᠭᠤᠴᠢᠨ ᠬᠤᠷᠢᠶᠠᠯᠠᠯ ᠤᠨ ᠢᠵᠢ ᠪᠦᠷᠢᠳᠦᠭᠦᠯᠬᠦ ᠪᠡᠯᠡᠳᠬᠡᠮᠵᠢ᠂ ᠬᠤᠷᠢᠶᠠᠯᠠᠯ ᠤᠨ ᠣᠷᠴᠢᠨ ᠲᠣᠭᠤᠷᠢᠨ᠂ ᠪᠠᠷᠢᠯᠭ᠎ᠠ ᠶᠢᠨ ᠤᠭ ᠴᠣᠭᠴᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠪᠡᠯᠡᠳᠬᠡᠮᠵᠢ ᠵᠡᠷᠭᠡ ᠶᠢ ᠥᠭᠡᠷᠡᠴᠢᠯᠡᠬᠦ ᠶᠢ ᠳᠡᠮᠵᠢᠪᠡ︔ ᠲᠦᠷᠢᠶᠡᠰᠦᠨ ᠣᠷᠣᠨ ᠰᠠᠭᠤᠴᠠ ᠶᠢᠨ ᠨᠥᠬᠦᠪᠦᠷᠢ ᠣᠯᠭᠤᠬᠤ ᠳᠤ 1114 ᠲᠦᠮᠡᠨ ᠲᠥᠭᠦᠷᠢᠭ ᠬᠡᠷᠡᠭᠯᠡᠵᠦ᠂ ᠪᠠᠭ᠎ᠠ ᠣᠷᠣᠯᠭ᠎ᠠ ᠲᠠᠢ ᠣᠷᠣᠨ ᠰᠠᠭᠤᠴᠠ ᠶᠢᠨ ᠪᠠᠲᠤᠯᠠᠭ᠎ᠠ ᠶᠢᠨ 4000 ᠭᠡᠷ ᠪᠦᠯᠢ ᠳᠤ ᠣᠷᠣᠨ ᠰᠠᠭᠤᠴᠠ ᠶᠢᠨ ᠲᠦᠷᠢᠶᠡᠰᠦᠯᠡᠯ ᠤᠨ ᠨᠥᠬᠦᠪᠦᠷᠢ ᠣᠯᠭᠤᠵᠤ᠂ ᠬᠤᠲᠠ ᠪᠠᠯᠭᠠᠰᠤ ᠶᠢᠨ ᠪᠠᠲᠤᠯᠠᠭ᠎ᠠ ᠶᠢᠨ ᠴᠢᠨᠠᠷᠲᠠᠢ ᠬᠢᠮᠳᠠ ᠣᠷᠣᠨ ᠰᠠᠭᠤᠴᠠ ᠶᠢᠨ ᠢᠨᠵᠧᠨᠧᠷᠢᠩ ᠤᠨ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠬᠦᠴᠦᠨ ᠴᠢᠳᠠᠪᠤᠷᠢ ᠶᠢ ᠭᠦᠢᠴᠡᠳ ᠪᠠᠳᠠᠷᠠᠭᠤᠯᠪᠠ︔ ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠳᠤ 903 ᠲᠦᠮᠡᠨ ᠲᠥᠭᠦᠷᠢᠭ ᠬᠡᠷᠡᠭᠯᠡᠵᠦ᠂ 701 ᠳᠥᠭᠦᠮ ᠪᠦᠲᠦᠴᠡᠲᠦ ᠣᠷᠣᠨ ᠰᠠᠭᠤᠴᠠ ᠶᠢᠨ ᠲᠣᠭᠤᠷᠢᠭ ᠤᠨ ᠥᠭᠡᠷᠡᠴᠢᠯᠡᠯᠲᠡ ᠶᠢ ᠪᠠᠲᠤᠯᠠᠪᠠ︔ ᠪᠠᠲᠤᠯᠠᠭ᠎ᠠ ᠶᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠶᠢᠨ ᠪᠡᠯᠡ ᠮᠥᠩᠭᠦ ᠶᠢ 1800 ᠲᠦᠮᠡᠨ ᠲᠥᠭᠦᠷᠢᠭ ᠰᠠᠯᠭᠠᠨ ᠥᠭᠴᠦ᠂ ᠨᠥᠬᠦᠴᠡᠯ ᠳᠤ ᠨᠡᠶᠢᠴᠡᠬᠦ ᠬᠤᠲᠠ ᠪᠠᠯᠭᠠᠰᠤ ᠶᠢᠨ ᠳᠤᠮᠳᠠ ᠵᠡᠷᠭᠡ ᠠᠴᠠ ᠳᠣᠣᠷ᠎ᠠ ᠰᠢᠭ᠋ ᠣᠷᠣᠯᠭ᠎ᠠ ᠲᠠᠢ ᠣᠷᠣᠨ ᠰᠠᠭᠤᠴᠠ ᠶᠢᠨ ᠬᠦᠴᠢᠷᠳᠡᠯ ᠲᠠᠢ ᠬᠥᠮᠥᠰ ᠤᠨ ︽ᠰᠠᠭᠤᠬᠤ ᠣᠷᠣᠨ ᠰᠠᠭᠤᠴᠠ ᠲᠠᠢ︾ ︽ᠠᠮᠤᠷ ᠲᠠᠶᠢᠪᠤᠩ ᠠᠵᠤ ᠲᠦᠷᠦᠭᠦ︾ ᠶᠢ ᠪᠡᠶᠡᠯᠡᠭᠦᠯᠬᠦ ᠳᠤ ᠣᠷᠣᠨ ᠰᠠᠭᠤᠴᠠ ᠶᠢᠨ ᠪᠠᠲᠤᠯᠠᠭ᠎ᠠ ᠬᠠᠩᠭᠠᠪᠠ᠃ ᠪᠡᠯᠡ ᠮᠥᠩᠭᠦ ᠪᠠᠭᠤᠯᠭᠠᠭᠰᠠᠨ ᠨᠢ ᠬᠦᠴᠢᠷᠳᠡᠯᠲᠡᠢ ᠤᠯᠠᠨ ᠲᠦᠮᠡᠨ ᠢ ᠬᠠᠪᠰᠤᠷᠤᠨ ᠣᠷᠣᠨ ᠰᠠᠭᠤᠴᠠ ᠶᠢᠨ ᠨᠥᠬᠦᠴᠡᠯ ᠢ ᠨᠢ ᠰᠠᠶᠢᠵᠢᠷᠠᠭᠤᠯᠵᠤ᠂ ᠰᠢᠨ᠎ᠡ ᠬᠤᠳᠠ ᠶᠢᠨ ᠠᠷᠠᠳ᠂ ᠵᠠᠯᠠᠭᠤᠴᠤᠳ ᠤᠨ ᠣᠷᠣᠨ ᠰᠠᠭᠤᠴᠠ ᠶᠢᠨ ᠬᠦᠴᠢᠷᠳᠡᠯ ᠢ ᠴᠢᠷᠮᠠᠶᠢᠨ ᠨᠠᠮᠳᠠᠭᠤᠯᠪᠠ᠃      ᠣᠶᠢᠯᠠᠭᠠᠭᠰᠠᠨ ᠢᠶᠠᠷ᠂ ᠡᠨᠡ ᠬᠡᠰᠡᠭ ᠪᠡᠯᠡ ᠮᠥᠩᠭᠦ ᠶᠢ ᠴᠥᠮ ᠡᠳ᠋ ᠤᠨ ᠵᠠᠰᠠᠭ ᠤᠨ ᠰᠢᠭᠤᠳ ᠬᠦᠷᠬᠦ ᠪᠡᠯᠡ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠳᠤ ᠣᠷᠣᠭᠤᠯᠤᠭᠰᠠᠨ ᠪᠠᠶᠢᠨ᠎ᠠ᠂ ᠵᠠᠷᠤᠯᠭ᠎ᠠ ᠶᠢ ᠲᠣᠬᠢᠷᠠᠭᠤᠯᠬᠤ ᠳᠠᠭᠠᠨ᠂ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠯᠤᠰ ᠤᠨ ᠬᠥᠮᠥᠷᠭᠡ ᠶᠢᠨ ᠲᠥᠪᠯᠡᠷᠡᠭᠦᠯᠦᠨ ᠣᠯᠭᠤᠬᠤ ᠳᠦᠷᠢᠮ ᠪᠠ ᠰᠢᠭᠤᠳ ᠬᠦᠷᠬᠦ ᠪᠡᠯᠡ ᠮᠥᠩᠭᠦ ᠶᠢ ᠬᠡᠷᠡᠭᠯᠡᠬᠦ ᠱᠠᠭᠠᠷᠳᠠᠯᠭ᠎ᠠ ᠶᠣᠰᠣᠭᠠᠷ ᠰᠢᠯᠵᠢᠭᠦᠯᠦᠨ ᠥᠭᠭᠦᠭᠰᠡᠨ ᠪᠠᠶᠢᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号