2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2023/8/17
ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠬᠤᠳᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ 2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ ᠶᠢ ᠲᠠᠨᠠᠷ ᠲᠤ ᠳᠠᠷᠤᠮᠠᠯᠯᠠᠨ ᠶᠠᠪᠤᠭᠤᠯᠬᠤ ᠶᠢᠨ ᠬᠠᠮᠲᠤ ᠳᠣᠣᠷᠠᠬᠢ ᠮᠡᠲᠦ ᠱᠠᠭᠠᠷᠳᠠᠯᠭ᠎ᠠ ᠳᠤᠷᠠᠳᠤᠶ᠎ᠠ᠄      ᠨᠢᠭᠡ᠂ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠬᠠᠤᠯᠢ ᠲᠣᠭᠲᠠᠭᠠᠬᠤ ᠬᠠᠷᠢᠭᠤᠴᠠᠯᠭᠠᠲᠤ ᠨᠢᠭᠡᠴᠢ ᠲᠤᠰᠬᠠᠢ ᠠᠵᠢᠯ ᠤᠨ ᠪᠠᠶᠢᠭᠤᠯᠤᠮᠵᠢ ᠵᠣᠬᠢᠶᠠᠨ ᠪᠠᠶᠢᠭᠤᠯᠵᠤ᠂ ᠲᠤᠰᠬᠠᠢ ᠬᠥᠮᠥᠨ ᠢᠶᠠᠷ ᠬᠠᠷᠢᠭᠤᠴᠠᠭᠤᠯᠤᠨ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠠᠵᠢᠯ ᠢ ᠥᠷᠨᠢᠭᠦᠯᠬᠦ ᠬᠡᠷᠡᠭᠲᠡᠢ᠃ ᠭᠤᠣᠯ ᠬᠠᠷᠢᠭᠤᠴᠠᠯᠭᠠᠲᠠᠨ ᠬᠠᠤᠯᠢ ᠲᠣᠭᠲᠠᠭᠠᠬᠤ ᠠᠵᠢᠯ ᠢ ᠥᠪᠡᠷ ᠤᠨ ᠪᠡᠶ᠎ᠡ ᠪᠠᠷ ᠢᠶᠠᠨ ᠲᠣᠬᠢᠷᠠᠭᠤᠯᠤᠨ ᠪᠠᠶᠢᠷᠢᠯᠠᠭᠤᠯᠵᠤ᠂ ᠠᠬᠢᠴᠠ ᠶᠢᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ᠂ ᠬᠠᠤᠯᠢ ᠲᠣᠭᠲᠠᠭᠠᠬᠤ ᠶᠠᠪᠤᠴᠠ ᠳᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠲᠤᠭᠤᠷᠪᠢᠬᠤ ᠠᠵᠢᠯ ᠢ ᠲᠦᠷᠭᠡᠬᠡᠨ ᠪᠡᠶᠡᠯᠡᠭᠦᠯᠬᠦ ᠬᠡᠷᠡᠭᠲᠡᠢ᠃      ᠬᠤᠶᠠᠷ᠂ ᠬᠠᠤᠯᠢ ᠲᠣᠭᠲᠠᠭᠠᠬᠤ ᠴᠤᠪᠤᠷᠠᠯ ᠢ ᠴᠢᠩᠳᠠᠯᠠᠬᠤ ᠬᠡᠷᠡᠭᠲᠡᠢ᠃ ᠲᠣᠭᠲᠠᠭᠠᠭᠰᠠᠨ ᠪᠠ ᠵᠠᠰᠠᠪᠤᠷᠢ ᠣᠷᠣᠭᠤᠯᠤᠭᠰᠠᠨ ᠬᠠᠤᠯᠢ ᠲᠣᠭᠲᠠᠭᠠᠬᠤ ᠲᠥᠰᠥᠯ ᠳᠤ᠂ ᠡᠯ᠎ᠡ ᠬᠠᠤᠯᠢ ᠲᠣᠭᠲᠠᠭᠠᠬᠤ ᠬᠠᠷᠢᠭᠤᠴᠠᠯᠭᠠᠲᠤ ᠨᠢᠭᠡᠴᠢ ᠪᠠᠶᠢᠴᠠᠭᠠᠨ ᠰᠤᠳᠤᠯᠬᠤ᠂ ᠲᠤᠭᠤᠷᠪᠢᠬᠤ᠂ ᠰᠠᠨᠠᠯ ᠬᠤᠷᠢᠶᠠᠬᠤ᠂ ᠲᠤᠰᠬᠠᠢ ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠮᠲᠤ ᠪᠠᠷ ᠬᠢᠨᠠᠨ ᠵᠥᠪᠯᠡᠬᠦ ᠵᠡᠷᠭᠡ ᠬᠠᠤᠯᠢ ᠲᠣᠭᠲᠠᠭᠠᠬᠤ ᠴᠤᠪᠤᠷᠠᠯ ᠢ ᠬᠢᠨᠠᠮᠠᠭᠠᠢ ᠭᠦᠢᠴᠡᠳᠬᠡᠵᠦ᠂ ᠬᠠᠤᠯᠢ ᠲᠣᠭᠲᠠᠭᠠᠬᠤ ᠡᠭᠦᠷᠭᠡ ᠪᠠᠨ ᠬᠠᠤᠯᠢ ᠶᠣᠰᠣᠭᠠᠷ ᠴᠢᠨᠠᠷ ᠰᠠᠶᠢᠲᠠᠢ ᠪᠡᠶᠡᠯᠡᠭᠦᠯᠬᠦ ᠬᠡᠷᠡᠭᠲᠡᠢ᠃ ᠬᠦᠴᠦᠨ ᠦᠭᠡᠢ ᠪᠣᠯᠭᠠᠭᠰᠠᠨ ᠬᠠᠤᠯᠢ ᠲᠣᠭᠲᠠᠭᠠᠬᠤ ᠲᠥᠰᠥᠯ ᠳᠤ ᠴᠦ ᠬᠤᠯᠪᠣᠭᠳᠠᠯ ᠪᠦᠬᠦᠢ ᠬᠠᠤᠯᠢ ᠪᠠᠷ ᠲᠣᠭᠲᠠᠭᠠᠭᠰᠠᠨ  ᠴᠤᠪᠤᠷᠠᠯ ᠢ ᠴᠢᠩᠭ᠎ᠠ ᠬᠡᠷᠡᠭᠵᠢᠭᠦᠯᠬᠦ ᠬᠡᠷᠡᠭᠲᠡᠢ᠃      ᠭᠤᠷᠪᠠ᠂ ᠨᠢᠭᠡᠳᠦᠯᠲᠡᠢ ᠲᠥᠯᠥᠪᠯᠡᠨ ᠵᠢᠯᠤᠭᠤᠳᠬᠤ ᠶᠢ ᠴᠢᠩᠭᠠᠷᠠᠭᠤᠯᠬᠤ ᠬᠡᠷᠡᠭᠲᠡᠢ᠃ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠨᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠵᠢᠯᠤᠭᠤᠳᠬᠤ ᠠᠵᠢᠯ ᠢ ᠰᠠᠶᠢᠲᠤᠷ ᠬᠢᠬᠦ ᠶᠢᠨ ᠬᠠᠮᠲᠤ ᠬᠠᠷᠢᠭᠤᠴᠠᠯᠭᠠᠲᠤ ᠨᠢᠭᠡᠴᠢ ᠶᠢᠨ ᠳᠦᠷᠢᠮ ᠲᠣᠭᠲᠠᠭᠠᠯ ᠤᠨ ᠲᠥᠰᠥᠯ ᠢ ᠬᠢᠨᠠᠮᠠᠭᠠᠢ ᠬᠢᠨᠠᠨ ᠪᠠᠶᠢᠴᠠᠭᠠᠵᠤ᠂ ᠴᠠᠭ ᠲᠤᠬᠠᠢ ᠳᠤᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠳᠡᠪᠰᠢᠭᠦᠯᠵᠦ ᠬᠠᠤᠯᠢ ᠲᠣᠭᠲᠠᠭᠠᠬᠤ ᠴᠤᠪᠤᠷᠠᠯ ᠢᠶᠠᠷ ᠬᠢᠨᠠᠨ ᠲᠣᠭᠲᠠᠭᠠᠯᠭᠠᠵᠤ᠂ 2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠲᠥᠯᠥᠪᠯᠡᠭᠡ ᠶᠢ ᠬᠠᠤᠯᠢ ᠶᠣᠰᠣᠭᠠᠷ ᠥᠨᠳᠥᠷ ᠪᠦᠲᠦᠮᠵᠢᠲᠡᠶ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃      ᠳᠠᠭᠠᠯᠳᠤᠭᠤᠯᠤᠯ᠄ 2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡ            ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                  2023 ᠣᠨ ᠤ 5 ᠳ᠋ᠤᠭᠠᠷ ᠰᠠᠷ᠎ᠠ ᠶᠢᠨ 19 ᠤ ᠡᠳᠦᠷ                  ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠳᠠᠭᠠᠯᠳᠤᠭᠤᠯᠤᠯ᠄2023 ᠣᠨ ᠤ ᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠬᠠᠤᠯᠢ ᠲᠣᠭᠲᠠᠭᠠᠬᠤ ᠲᠥᠯᠥᠪᠯᠡᠭᠡᠳ᠋ᠤᠭᠠᠷᠯᠠᠯᠵᠠᠰᠠᠭ ᠤᠨ ᠣᠷᠳᠣᠨ ᠤ ᠳᠦᠷᠢᠮ ᠲᠣᠭᠲᠠᠭᠠᠯ ᠤᠨ ᠨᠡᠷᠡᠶᠢᠳᠦᠯᠲᠤᠭᠤᠷᠪᠢᠬᠤ ᠰᠠᠯᠠᠭ᠎ᠠ ᠮᠥᠴᠢᠷᠲᠥᠷᠥᠯ ᠵᠦᠢᠯ ᠤᠨ ᠠᠩᠭᠢᠯᠠᠯ1 ᠬᠥᠬᠡᠬᠤᠲᠠ ᠶᠢᠨ ᠣᠷᠣᠨ ᠰᠠᠭᠤᠴᠠ ᠶᠢᠨ ᠲᠤᠰᠬᠠᠢ ᠰᠡᠯᠪᠢᠨ ᠵᠠᠰᠠᠬᠤ ᠮᠥᠩᠭᠦ ᠶᠢᠨ ᠬᠠᠮᠢᠶᠠᠷᠤᠯᠲᠠ ᠶᠢᠨ ᠠᠷᠭ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠣᠭᠲᠠᠭᠠᠨ᠎ᠠ2 ᠬᠥᠬᠡᠬᠤᠲᠠ ᠶᠢᠨ ᠲᠡᠷᠭᠡᠨ ᠵᠣᠭᠰᠣᠭᠠᠯ ᠤᠨ ᠬᠠᠮᠢᠶᠠᠷᠤᠯᠲᠠ ᠶᠢᠨ ᠠᠷᠭ᠎ᠠ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠠᠰᠠᠪᠤᠷᠢ ᠣᠷᠣᠭᠤᠯᠤᠨ᠎ᠠ3 ᠬᠥᠬᠡᠬᠤᠲᠠ ᠶᠢᠨ ᠦᠨᠳᠦᠰᠦᠲᠡᠨ ᠤ ᠠᠵᠢᠯ ᠤᠨ ᠲᠣᠭᠲᠠᠭᠠᠯ ᠤᠳ ᠬᠤᠲᠠ ᠶᠢᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠬᠦᠴᠦᠨ ᠦᠭᠡᠢ ᠪᠣᠯᠭᠠᠨ᠎ᠠ4 ᠬᠥᠬᠡᠬᠤᠲᠠ ᠶᠢᠨ ᠤᠯᠤᠰ ᠤᠨ ᠥᠮᠴᠢᠯᠡᠯ ᠤᠨ ᠭᠠᠵᠠᠷ ᠰᠢᠷᠣᠢ ᠳᠡᠭᠡᠷᠡᠬᠢ ᠭᠡᠷ ᠪᠠᠶᠢᠰᠢᠩ ᠢ ᠲᠠᠲᠠᠪᠤᠷᠢᠯᠠᠬᠤ ᠪᠠ ᠨᠥᠬᠦᠪᠦᠷᠢᠯᠡᠬᠦ ᠠᠷᠭ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠶᠢᠴᠠᠭᠠᠨ ᠰᠤᠳᠤᠯᠤᠨ᠎ᠠ5 ᠬᠥᠬᠡᠬᠤᠲᠠ ᠶᠢᠨ ᠬᠠᠮᠲᠤ ᠶᠢᠨ ᠣᠷᠣᠨ ᠰᠠᠭᠤᠴᠠ ᠶᠢᠨ ᠭᠠᠵᠠᠷ ᠢ ᠲᠠᠲᠠᠪᠤᠷᠢᠯᠠᠭᠰᠠᠨ ᠭᠡᠷ ᠪᠠᠶᠢᠰᠢᠩ ᠢ ᠨᠥᠬᠦᠪᠦᠷᠢᠯᠡᠨ ᠲᠥᠪᠬᠢᠨᠡᠭᠦᠯᠬᠦ ᠠᠷᠭ᠎ᠠ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠶᠢᠴᠠᠭᠠᠨ ᠰᠤᠳᠤᠯᠤᠨ᠎ᠠ  
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号