ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/8/17
ᠵᠠᠩ ᠬᠠᠢ ᠹᠧᠩ ᠬᠤᠷᠠᠯ ᠡᠷᠭᠢᠯᠡᠪᠡ      ︵ᠰᠤᠷᠪᠤᠯᠵᠢᠯᠠᠭᠴᠢ ᠴᠢ ᠰᠢᠶᠣᠣ ᠶᠠᠨ︶ 8 ᠳ᠋ᠤᠭᠠᠷ ᠰᠠᠷ᠎ᠠ ᠶᠢᠨ 16 ᠤ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠠᠩᠭᠢ ᠶᠢᠨ ᠰᠤᠷᠤᠯᠭ᠎ᠠ ᠡᠬᠢᠯᠡᠬᠦ ᠶᠣᠰᠣᠯᠠᠯ ᠵᠢᠴᠢ ᠤᠯᠤᠰ ᠲᠥᠷᠥ ᠬᠠᠤᠯᠢ ᠴᠠᠭᠠᠵᠠ ᠶᠢᠨ ᠰᠢᠰᠲ᠋ᠧᠮ ᠤᠨ ᠰᠡᠷᠡᠮᠵᠢᠯᠡᠭᠦᠯᠬᠦ ᠬᠥᠮᠦᠵᠢᠯ ᠤᠨ ᠬᠤᠷᠠᠯ ᠬᠤᠷᠠᠯᠳᠤᠪᠠ᠃      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠵᠠᠩ ᠬᠠᠢ ᠹᠧᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ᠃      ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠼᠦᠢ ᠵᠧᠨ ᠦ᠋ ᠶᠠᠷᠢᠶ᠎ᠠ ᠲᠠᠯᠪᠢᠪᠠ᠃      ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠯᠢ ᠵᠢᠶᠦ᠋ᠨ᠂ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠵᠣᠣ ᠰᠢ ᠮᠢᠨ᠂ ᠬᠤᠲᠠ  ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠵᠠᠩ ᠰᠢᠶᠣᠣ ᠬᠤᠩ ᠬᠤᠷᠠᠯ ᠳᠤ ᠣᠷᠣᠯᠴᠠᠭᠰᠠᠨ ᠪᠥᠭᠡᠳ ᠲᠤᠬᠠᠶᠢᠯᠠᠭᠰᠠᠨ ᠠᠵᠢᠯ ᠪᠣᠯᠣᠨ ᠨᠠᠮ ᠤᠨ ᠰᠤᠷᠲᠠᠯ  ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠲᠣᠭᠤᠷᠢᠨ ᠳᠤ ᠶᠠᠷᠢᠶ᠎ᠠ ᠲᠠᠯᠪᠢᠵᠠᠢ᠃      ᠬᠤᠷᠠᠯ ᠳᠡᠭᠡᠷ᠎ᠡ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠲᠥᠪᠯᠡᠷᠡᠭᠦᠯᠦᠨ ᠦᠵᠡᠵᠦ᠂ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠢ ᠵᠥᠷᠢᠴᠡᠭᠰᠡᠨ ᠨᠡᠶᠢᠲᠡᠯᠢᠭ ᠬᠡᠷᠡᠭ ᠢ ᠭᠦᠨᠵᠡᠭᠡᠢ ᠵᠠᠳᠠᠯᠤᠨ ᠰᠢᠨᠵᠢᠯᠡᠵᠦ᠂ ᠪᠦᠬᠦ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠺᠠᠳ᠋ᠷ ᠴᠠᠭᠳᠠᠭ᠎ᠠ ᠶᠢ ᠬᠥᠮᠥᠵᠢᠭᠦᠯᠦᠨ ᠬᠥᠲᠥᠯᠥᠨ ᠵᠢᠯᠤᠭᠤᠳᠴᠤ ᠬᠦᠰᠡᠯᠡᠩ ᠢᠲᠡᠭᠡᠯ ᠪᠢᠰᠢᠷᠡᠯ ᠢ ᠨᠢ ᠤᠯᠠᠮ ᠨᠢᠭᠡ ᠠᠯᠬᠤᠮ ᠪᠠᠲᠤᠳᠬᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠲᠠᠰᠤᠷᠠᠯᠲᠠ ᠦᠭᠡᠢ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠣᠷᠣᠨ ᠤ ᠲᠥᠪ ᠤᠨ ᠤᠯᠤᠰ ᠲᠦᠷᠦ ᠬᠠᠤᠯᠢ ᠴᠠᠭᠠᠵᠠ ᠶᠢᠨ ᠠᠵᠢᠯ ᠤᠨ ᠣᠳᠣᠬᠢᠴᠢᠯᠠᠯᠲᠠ ᠶᠢ ᠠᠬᠢᠭᠤᠯᠬᠤ ᠳᠤ ᠰᠠᠭᠤᠷᠢ ᠶᠢ ᠪᠠᠲᠤᠳᠬᠠᠪᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号