ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠨᠢᠭᠡᠳᠦᠭᠡᠷ ᠵᠠᠬᠢᠶᠠᠯᠠᠭ᠎ᠠ ︽ᠣᠷᠣᠨ ᠪᠠ ᠭᠠᠷᠠᠮ ᠬᠤᠯᠪᠤᠭᠠᠯᠠᠨ  ᠬᠦᠳᠡᠯᠦᠯᠴᠡᠬᠦ︾ ᠭᠠᠳᠠᠭᠠᠳᠤ ᠠᠴᠠ ᠣᠷᠣᠭᠤᠯᠬᠤ ᠲᠤᠬᠠᠶᠢᠯᠠᠭᠰᠠᠨ ᠠᠵᠢᠯ ᠠᠮᠵᠢᠯᠲᠠ ᠲᠠᠢ ᠪᠠᠷ ᠭᠠᠶᠢᠯᠢ ᠪᠠᠲᠤᠯᠠᠬᠤ ᠣᠷᠣᠨ ᠳᠤ ᠣᠷᠣᠵᠤ ᠪᠣᠭᠤᠮᠲᠠ ᠥᠩᠭᠡᠷᠡᠪᠡ
ᠨᠡᠶᠢᠲᠡᠯᠡᠭᠰᠡᠨ ᠴᠠᠭ᠄
2023/8/22
     8 ᠳ᠋ᠤᠭᠠᠷ ᠰᠠᠷ᠎ᠠ ᠶᠢᠨ 21 ᠤ ᠡᠳᠦᠷ᠂ 24 ᠴᠢᠩᠬᠡᠯᠢᠭᠲᠦ ᠠᠴᠢᠶᠠᠨ ᠤ ᠮᠠᠰᠢᠨ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠣᠶᠤᠨᠴᠢᠯᠠᠭᠰᠠᠨ ᠪᠣᠭᠤᠮᠲᠠ ᠪᠠᠷ ᠡᠮᠬᠢ ᠵᠢᠷᠤᠮ ᠲᠠᠢ ᠥᠩᠭᠡᠷᠡᠵᠦ᠂ ᠬᠦᠷᠢᠶᠡᠯᠡᠩ ᠲᠣᠭᠤᠷᠢᠭ ᠤᠨ ᠴᠢᠩᠭᠡᠯᠢᠭ ᠤᠨ ᠳᠠᠮᠵᠢᠭᠤᠯᠤᠨ ᠲᠡᠭᠡᠭᠡᠪᠦᠷᠢᠯᠡᠬᠦ ᠲᠥᠪ ᠲᠤ ᠤᠷᠤᠭᠰᠢᠲᠠᠢ ᠪᠠᠷ ᠣᠷᠣᠬᠤ ᠶᠢ ᠳᠠᠭᠠᠯᠳᠤᠨ᠂ ︽ᠣᠷᠣᠨ ᠪᠠ ᠭᠠᠷᠠᠮ ᠬᠤᠯᠪᠤᠭᠠᠯᠠᠨ ᠬᠥᠳᠡᠯᠦᠯᠴᠡᠬᠦ︾ ᠵᠠᠭᠪᠤᠷ ᠤᠨ ᠠᠩᠬᠠᠨ ᠤ ᠪᠦᠯᠦᠭ ᠬᠢᠯᠢ ᠪᠠᠷ ᠣᠷᠣᠭᠰᠠᠨ ᠪᠠᠷᠠᠭ᠎ᠠ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠳᠤ ᠠᠮᠵᠢᠯᠲᠠ ᠲᠠᠢ ᠪᠠᠷ ᠪᠣᠭᠤᠮᠲᠠ ᠥᠩᠭᠡᠷᠡᠪᠡ᠃      ᠲᠣᠰ ᠤᠳᠠᠭᠠᠨ ᠤ ᠪᠣᠭᠤᠮᠲᠠ ᠪᠠᠷ ᠥᠩᠭᠡᠷᠡᠬᠦ ᠪᠠᠷ ᠮᠡᠳᠡᠭᠦᠯᠦᠭᠰᠡᠨ ᠪᠠᠷᠠᠭ᠎ᠠ ᠨᠢ ᠭᠠᠳᠠᠭᠠᠳᠤ ᠠᠴᠠ ᠣᠷᠣᠭᠤᠯᠤᠭᠰᠠᠨ ᠴᠠᠷᠭᠠᠰᠤ ᠶᠢᠨ ᠡᠪᠡᠰᠦ ᠪᠣᠯᠣᠨ᠎ᠠ᠂ ᠨᠡᠶᠢᠲᠡ 24 ᠪᠠᠷᠠᠭᠠᠨ ᠤ ᠠᠪᠳᠠᠷ᠎ᠠ᠂ ᠪᠠᠷᠠᠭᠠᠨ ᠤ ᠥᠷᠲᠡᠭ  ᠨᠢ ᠪᠠᠷᠤᠭ 200 ᠲᠦᠮᠡᠨ ᠲᠥᠭᠦᠷᠢᠭ ᠬᠦᠷᠦᠨ᠎ᠡ᠂ ᠡᠨᠡ ᠪᠣᠯ ᠬᠥᠬᠡᠬᠤᠲᠠ ᠶᠢᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠬᠢᠭᠡᠳ ᠲᠢᠶᠠᠨᠵᠢᠨ ᠭᠠᠷᠠᠮ ᠤᠨ ᠬᠠᠮᠲᠤᠷᠠᠯᠴᠠᠭᠰᠠᠨ ᠠᠩᠬᠠᠨ ᠤ ︽ᠣᠷᠣᠨ ᠪᠠ ᠭᠠᠷᠠᠮ ᠬᠤᠯᠪᠤᠭᠠᠯᠠᠨ ᠬᠥᠳᠡᠯᠦᠯᠴᠡᠬᠦ︾ ᠲᠤᠬᠠᠶᠢᠯᠠᠭᠰᠠᠨ ᠠᠵᠢᠯ ᠮᠥᠨ᠂ ᠪᠠᠰᠠ ᠴᠤ ᠮᠠᠨ ᠤ ᠬᠤᠲᠠ ᠶᠢᠨ ᠠᠩᠬᠠᠨ ᠤ ︽ᠣᠷᠣᠨ ᠪᠠ ᠭᠠᠷᠠᠮ ᠬᠤᠯᠪᠤᠭᠠᠯᠠᠨ ᠬᠥᠳᠡᠯᠦᠯᠴᠡᠬᠦ︾ ᠵᠠᠭᠪᠤᠷ ᠤᠨ ᠭᠠᠳᠠᠭᠠᠳᠤ ᠠᠴᠠ ᠣᠷᠣᠭᠤᠯᠬᠤ ᠲᠤᠬᠠᠶᠢᠯᠠᠭᠰᠠᠨ ᠠᠵᠢᠯ ᠮᠥᠨ᠃ ᠰᠤᠷᠪᠤᠯᠵᠢᠯᠠᠭᠴᠢ ᠶᠦᠨ ᠶᠠᠨ ᠹᠠᠩ  ᠭᠧᠩ ᠰᠢᠨ ᠴᠢᠮᠡᠭᠡᠯᠡᠭᠴᠢ ᠭᠤᠤ ᠬᠤᠩ ᠢᠦᠢ ᠰᠡᠭᠦᠳᠡᠷᠯᠡᠪᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号