︵ᠰᠤᠷᠪᠤᠯᠵᠢᠯᠠᠭᠴᠢ ᠴᠢ ᠰᠢᠶᠣᠣ ᠶᠠᠨ︶ ᠡᠨᠡ ᠵᠢᠯ ᠠᠴᠠ ᠨᠠᠰᠢ᠂ ᠮᠠᠨ ᠤ ᠬᠤᠲᠠ ︽ᠴᠢᠩ ᠱᠦᠢ ᠾᠧ | ᠤᠨ ᠠᠮᠤ︾ ︽ᠥᠪᠥᠷ ᠮᠣᠩᠭᠤᠯ ᠤᠨ ᠢᠮᠠᠭᠠᠨ ᠤ ᠰᠦᠨ ᠲᠠᠯᠬ᠎ᠠ︾ ︽ᠮᠣᠩᠭᠤᠯ︾ ︽ᠮᠣᠩᠭᠤᠯ︾ | ᠦᠰᠦᠭᠲᠦ ᠲᠡᠮᠳᠡᠭ ᠤᠨ ᠭᠡᠷᠡᠴᠢᠯᠡᠯ ᠤᠨ ᠠᠵᠢᠯ ᠢ ᠢᠳᠡᠪᠬᠢᠲᠡᠢ ᠲᠦᠯᠬᠢᠨ ᠠᠬᠢᠭᠤᠯᠵᠤ᠂ ᠴᠢᠩ ᠱᠦᠢ ᠾᠧ ᠤᠨ | ᠨᠠᠷᠢᠮᠤ᠂ ᠬᠥᠬᠡᠬᠤᠲᠠ ᠣᠷᠣᠨ ᠤ ᠢᠮᠠᠭᠠᠨ ᠤ ᠰᠦᠨ ᠲᠠᠯᠬ᠎ᠠ ᠵᠡᠷᠭᠡ ᠲᠤᠶᠢᠯ ᠤᠨ ᠣᠨᠴᠠᠯᠢᠭ ᠲᠠᠢ ᠳᠠᠪᠠᠭᠤᠯᠢᠭ | ᠨᠡᠷ᠎ᠡ ᠲᠦᠷᠦᠯ ᠳᠤ ᠴᠢᠭᠯᠡᠭᠦᠯᠦᠨ ᠬᠠᠪᠰᠤᠷᠤᠨ ᠲᠡᠳᠬᠦᠬᠦ ᠡᠷᠴᠢᠮ ᠢᠶᠠᠨ ᠴᠢᠩᠭᠠᠷᠠᠭᠤᠯᠪᠠ᠃ᠣᠶᠢᠷ᠎ᠠ ᠳᠤ᠂ | ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠤᠯᠪᠣᠭᠳᠠᠯ ᠪᠦᠬᠦᠢ ᠲᠤᠰᠬᠠᠢ | ᠮᠡᠷᠭᠡᠵᠢᠯᠲᠡᠨ ᠢ ᠤᠷᠢᠵᠤ ᠴᠢᠩ ᠱᠦᠢ ᠾᠧ ᠰᠢᠶᠠᠨ ᠳᠤ ᠭᠦᠨᠵᠡᠭᠡᠶᠢᠷᠡᠭᠦᠯᠦᠨ ᠥᠪᠥᠷ ᠮᠣᠩᠭᠤᠯ ᠤᠨ ᠮᠧᠩ ᠴᠢᠩ | ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠬᠢᠵᠠᠭᠠᠷᠲᠤ ᠬᠠᠷᠢᠭᠤᠴᠠᠯᠭᠠᠲᠤ | ᠺᠣᠮᠫᠠᠨᠢ᠂ ᠥᠪᠥᠷ ᠮᠣᠩᠭᠤᠯ ᠤᠨ ᠮᠧᠩ ᠶᠠᠩ ᠢᠮᠠᠭᠠᠨ ᠰᠦ ᠶᠢᠨ ᠦᠢᠯᠡᠰ ᠤᠨ ᠬᠢᠵᠠᠭᠠᠷᠲᠤ ᠺᠣᠮᠫᠠᠨᠢ ᠳᠤ | ᠪᠠᠶᠢᠴᠠᠭᠠᠨ ᠰᠤᠳᠤᠯᠤᠯᠲᠠ ᠬᠢᠯᠭᠡᠵᠡᠢ᠃ | ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠴᠢᠩ ᠱᠦᠢ ᠾᠧ ᠤᠨ ᠨᠠᠷᠢᠮᠤ ᠶᠢᠨ ᠠᠵᠤ ᠦᠢᠯᠡᠰ ᠤᠨ | ᠬᠥᠭᠵᠢᠯᠲᠡ ᠶᠢᠨ ᠬᠡᠪᠴᠢᠶ᠎ᠡ᠂ ᠡᠭᠦᠯᠳᠡᠷ ᠰᠣᠩᠭᠤᠨ ᠲᠣᠭᠲᠠᠭᠠᠬᠤ᠂ ᠭᠠᠷᠤᠯᠲᠠ ᠶᠢᠨ ᠣᠷᠣᠨ ᠤ ᠣᠷᠴᠢᠨ | ᠲᠣᠭᠤᠷᠢᠨ ᠤ ᠱᠠᠭᠠᠷᠳᠠᠯᠭ᠎ᠠ᠂ ᠦᠢᠯᠡᠳᠪᠦᠷᠢᠯᠡᠵᠦ ᠡᠳ᠋ᠰᠢᠭᠦᠯᠬᠦ ᠵᠠᠩᠭᠢᠯᠠᠭ᠎ᠠ ᠶᠢᠨ ᠡᠵᠡᠮᠳᠡᠬᠦ ᠭᠤᠭᠴᠤᠭ᠎ᠠ᠂ | ᠵᠠᠩᠭᠢᠯᠠᠭ᠎ᠠ ᠶᠢᠨ ᠭᠦᠢᠴᠡᠳᠬᠡᠯ ᠲᠤᠭ᠎ᠠ᠂ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠵᠢᠴᠢ ᠪᠣᠭᠤᠳᠠᠯᠯᠠᠵᠤ | ᠬᠠᠳᠠᠭᠠᠯᠠᠵᠤ ᠵᠥᠭᠡᠭᠡᠪᠦᠷᠢᠯᠡᠬᠦ ᠪᠠ ᠮᠦᠷᠳᠡᠬᠦ ᠮᠡᠷᠭᠡᠵᠢᠯ ᠤᠨ ᠬᠢᠷᠢ ᠬᠡᠮᠵᠢᠶ᠎ᠡ ᠶᠢ ᠣᠶᠢᠯᠠᠭᠠᠵᠤ᠂ ᠮᠧᠩ ᠶᠠᠩ | ᠰᠠᠭᠠᠯᠢ ᠶᠢᠨ ᠦᠢᠯᠡᠰ ᠤᠨ ᠰᠠᠭᠠᠯᠢ ᠶᠢᠨ ᠢᠮᠠᠭ᠎ᠠ ᠲᠡᠵᠢᠭᠡᠨ ᠦᠷᠡᠵᠢᠭᠦᠯᠬᠦ᠂ ᠭᠠᠷᠤᠯᠲᠠ᠂ ᠦᠢᠯᠡᠳᠪᠦᠷᠢᠯᠡᠯ ᠤᠨ | ᠤᠷ᠎ᠠ ᠮᠡᠷᠭᠡᠰᠢᠯ ᠵᠡᠷᠭᠡ ᠵᠠᠩᠭᠢᠯᠠᠭ᠎ᠠ ᠶᠢᠨ ᠭᠤᠭᠴᠤᠭ᠎ᠠ ᠶᠢᠨ ᠡᠵᠡᠮᠳᠡᠬᠦ ᠴᠡᠭ ᠤᠨ ᠭᠤᠣᠯ ᠠᠭᠤᠯᠭ᠎ᠠ ᠶᠢ ᠣᠶᠢᠯᠠᠭᠠᠪᠠ᠃ | ᠡᠭᠦᠨ ᠤ ᠬᠠᠮᠲᠤ ᠠᠵᠤ ᠠᠬᠤᠶᠢᠯᠠᠯ ᠤᠨ ᠣᠲᠣ ᠶᠢᠨ ᠬᠡᠷᠡᠭᠵᠢᠭᠦᠯᠵᠦ ᠪᠠᠶᠢᠭ᠎ᠠ ᠪᠠᠷᠢᠮᠵᠢᠶ᠎ᠠ ᠶᠢᠨ ᠪᠣᠳᠠᠲᠠᠢ ᠪᠠᠶᠢᠳᠠᠯ ᠢ | ᠭᠦᠨᠵᠡᠭᠡᠢ ᠣᠶᠢᠯᠠᠭᠠᠵᠤ᠂ ᠠᠵᠤ ᠠᠬᠤᠶᠢᠯᠠᠯ ᠤᠨ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠭᠡ ᠶᠢ | ᠢᠳᠡᠪᠬᠢᠲᠡᠢ ᠥᠷᠨᠢᠭᠦᠯᠬᠦ ᠶᠢ ᠵᠣᠷᠢᠭᠵᠢᠭᠤᠯᠪᠠ᠃ | ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠪᠣᠯ ᠰᠠᠶᠢᠨ ᠳᠤᠷ᠎ᠠ ᠶᠢᠨ ᠴᠢᠨᠠᠷᠲᠠᠢ ᠪᠦᠲᠦᠭᠡᠭᠳᠡᠬᠦᠨ ᠤ | ᠭᠡᠷᠡᠴᠢᠯᠡᠯ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ ᠠᠴᠠ ᠭᠤᠷᠪᠠᠳᠠᠭᠢ ᠡᠲᠡᠭᠡᠳ ᠤᠨ ᠭᠡᠷᠡᠴᠢᠯᠡᠯ ᠤᠨ ᠪᠠᠶᠢᠭᠤᠯᠤᠮᠵᠢ ᠶᠢ ᠵᠣᠬᠢᠶᠠᠨ ᠪᠠᠶᠢᠭᠤᠯᠤᠨ | ᠭᠡᠷᠡᠴᠢᠯᠡᠯ ᠤᠨ ᠠᠷᠭ᠎ᠠ ᠪᠠᠷᠢᠯ ᠢ ᠬᠡᠷᠡᠭᠯᠡᠨ ᠥᠪᠥᠷ ᠮᠣᠩᠭᠤᠯ ᠢᠷᠡᠯᠲᠡ ᠲᠠᠢ ᠮᠠᠯ ᠤᠨ ᠠᠰᠢᠭ ᠰᠢᠮ᠎ᠡ ᠲᠠᠷᠢᠶᠠᠯᠠᠩ | ᠤᠨ ᠪᠦᠲᠦᠭᠡᠭᠳᠡᠬᠦᠨ ᠤ ᠬᠢᠷᠢ ᠲᠡᠩᠴᠡᠭᠰᠡᠨ ᠢ ᠦᠨᠡᠯᠡᠨ ᠲᠣᠭᠲᠠᠭᠠᠬᠤ ᠠᠷᠭ᠎ᠠ ᠮᠠᠶ᠋ᠢᠭ ᠪᠣᠯᠣᠨ᠎ᠠ᠃ | ᠲᠠᠷᠠᠭᠠᠴᠢ ᠶᠢᠨ ᠠᠯᠬᠤᠮ ᠳᠤ᠂ ᠮᠠᠨ ᠤ ᠬᠤᠲᠠ ᠴᠢᠩ ᠱᠦᠢ ᠾᠧ ᠤᠨ ᠨᠠᠷᠢᠮᠤ᠂ ᠢᠮᠠᠭᠠᠨ ᠤ ᠰᠦᠨ | ᠲᠠᠯᠬ᠎ᠠ ᠶᠢᠨ ᠠᠵᠤ ᠦᠢᠯᠡᠰ ᠤᠨ ᠲᠠᠰ ᠳᠡᠪᠰᠢᠬᠦ ᠶᠢ ᠦᠷᠭᠦᠯᠵᠢᠯᠡᠨ ᠠᠬᠢᠭᠤᠯᠵᠤ᠂ ᠭᠤᠣᠯᠳᠠᠯᠭ᠎ᠠ ᠲᠠᠢ | ᠪᠣᠶᠢᠵᠢᠭᠤᠯᠬᠤ ᠶᠢᠨ ᠬᠠᠮᠲᠤ ︽ᠮᠣᠩᠭᠤᠯ︾ ᠦᠰᠦᠭᠲᠦ ᠲᠡᠮᠳᠡᠭ ᠤᠨ ᠭᠡᠷᠡᠴᠢᠯᠡᠯ ᠤᠨ ᠠᠵᠢᠯ ᠢᠶᠠᠷ ᠳᠠᠮᠵᠢᠭᠤᠯᠤᠨ | ᠦᠢᠯᠡᠳᠬᠦᠨ ᠤ ᠭᠤᠣᠯᠯᠠᠬᠤ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠣᠷᠣᠨ ᠪᠦᠰᠡ ᠶᠢᠨ ᠲᠥᠷᠥᠯ | ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠤᠨ᠂ ᠣᠷᠣᠨ ᠤ ᠲᠥᠪ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠤᠨ᠎ᠠ᠃ | ᠢᠷᠡᠯᠲᠡ᠄ ᠬᠦᠬᠡᠬᠤᠲᠠ ᠶᠢᠨ ᠡᠳᠦᠷ ᠤᠨ ᠰᠣᠨᠢᠨ |