ᠶᠡᠭᠡ ᠲᠥᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠶᠡᠭᠡ ᠲᠥᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠨᠡᠭᠡᠭᠡᠯᠲᠡ ᠬᠢᠬᠦ ᠶᠡᠭᠡ ᠲᠥᠷᠭᠡᠨ ᠭᠤᠣᠯ ᠤᠨ ᠡᠮᠦᠨ᠎ᠡ  ᠲᠠᠯᠠᠩ ᠤᠨ ᠣᠷᠣᠢ ᠶᠢᠨ ᠵᠠᠮ ᠲᠡᠷᠭᠡ ᠨᠡᠪᠲᠡᠷᠡᠬᠦ ᠶᠣᠰᠣᠯᠠᠯ ᠢ ᠲᠣᠭᠤᠷᠢᠨ ᠦᠵᠡᠬᠦ ᠠᠵᠢᠯᠯᠠᠭ᠎ᠠ ᠶᠠᠪᠤᠭᠳᠠᠪᠠ
ᠨᠡᠶᠢᠲᠡᠯᠡᠭᠰᠡᠨ ᠴᠠᠭ᠄
2023/8/25
      ︵ᠰᠤᠷᠪᠤᠯᠵᠢᠯᠠᠭᠴᠢ ᠯᠢᠶᠠᠩ ᠵᠢᠩ ᠱᠦ︶ 8 ᠳ᠋ᠤᠭᠠᠷ ᠰᠠᠷ᠎ᠠ ᠶᠢᠨ 24 ᠤ ᠡᠳᠦᠷ᠂ ᠶᠡᠭᠡ ᠲᠥᠷᠭᠡᠨ ᠭᠤᠣᠯ ᠤᠨ ᠲᠡᠭᠦᠷᠭᠡ ᠶᠢᠨ ᠴᠡᠴᠡᠷᠯᠢᠭ᠂ ᠶᠡᠭᠡ ᠲᠥᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠨᠡᠭᠡᠭᠡᠯᠲᠡ ᠬᠢᠬᠦ ᠶᠡᠭᠡ ᠲᠥᠷᠭᠡᠨ ᠭᠤᠣᠯ ᠤᠨ ᠡᠮᠦᠨ᠎ᠡ ᠳᠠᠯᠠᠩ ᠤᠨ ᠣᠷᠣᠢ ᠶᠢᠨ ᠵᠠᠮ ᠲᠡᠷᠭᠡ ᠨᠡᠪᠲᠡᠷᠡᠬᠦ ᠶᠣᠰᠣᠯᠠᠯ ᠢ ᠲᠣᠭᠤᠷᠢᠨ ᠦᠵᠡᠬᠦ ᠠᠵᠢᠯᠯᠠᠭ᠎ᠠ ᠶᠠᠪᠤᠭᠳᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠣᠷᠤᠯᠴᠠᠪᠠ᠃      ᠾᠧ ᠬᠠᠢ ᠳ᠋ᠦᠩ ᠨᠠᠷ ᠶᠡᠭᠡ ᠲᠥᠷᠭᠡᠨ ᠭᠤᠣᠯ ᠤᠨ ᠲᠡᠭᠦᠷᠭᠡ ᠶᠢᠨ ᠴᠡᠴᠡᠷᠯᠢᠭ ᠤᠨ ᠨᠡᠭᠡᠭᠡᠯᠲᠡ ᠶᠢᠨ ᠶᠣᠰᠣᠯᠠᠯ ᠳᠤ ᠣᠷᠣᠯᠴᠠᠬᠤ ᠶᠢᠨ ᠬᠠᠮᠲᠤ ᠬᠡᠳᠦᠨ ᠭᠠᠵᠠᠷ ᠤᠨ ᠴᠡᠴᠡᠭ ᠤᠨ ᠳᠠᠯᠠᠢ᠂ ᠪᠠᠪᠠᠢ ᠨᠠᠭᠤᠷ ᠤᠨ ᠠᠮᠢ ᠠᠬᠤᠢ ᠶᠢᠨ ᠰᠡᠷᠭᠦᠭᠡᠯᠲᠡ ᠶᠢᠨ ᠢᠨᠵᠧᠨᠧᠷᠢᠩ ᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠦᠷᠦᠯ ᠵᠦᠢᠯ ᠤᠨ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ᠂ ᠪᠠᠷᠢᠯᠭ᠎ᠠ ᠶᠢᠨ ᠠᠬᠢᠴᠠ᠂ ᠢᠵᠢ ᠪᠦᠷᠢᠳᠦᠭᠰᠡᠨ ᠦᠢᠯᠡᠴᠢᠯᠡᠭᠡ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠤᠯᠪᠣᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠢᠨ ᠳᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠣᠶᠢᠯᠠᠭᠠᠭᠳᠠᠬᠤᠨ ᠢ ᠴᠢᠩᠭᠠᠳᠬᠠᠵᠤ᠂ ᠴᠡᠴᠡᠷᠯᠢᠭ ᠢᠶᠠᠷ ᠵᠤᠭᠠᠴᠠᠬᠤ ᠵᠠᠮ᠂ ᠲᠡᠷᠭᠡᠨ ᠵᠣᠭᠰᠣᠭᠠᠯ᠂ ᠰᠡᠷᠢᠭᠦᠨ ᠲᠢᠩᠰᠡ᠂ ᠨᠡᠶᠢᠲᠡ ᠶᠢᠨ ᠵᠣᠷᠯᠣᠩ ᠵᠡᠷᠭᠡ ᠢᠵᠢ ᠪᠦᠷᠢᠳᠦᠭᠦᠯᠬᠦ ᠪᠡᠯᠡᠳᠬᠡᠮᠵᠢ ᠶᠢ ᠬᠦᠮᠦᠡᠯᠢᠭ ᠲᠣᠬᠢᠷᠠᠭᠤᠯᠵᠤ᠂ ᠴᠡᠴᠡᠷᠯᠢᠭ ᠤᠨ ᠦᠵᠡᠮᠵᠢ ᠶᠢᠨ ᠵᠢᠷᠤᠭ ᠲᠥᠯᠥᠪᠯᠡᠭᠡ ᠶᠢ ᠴᠢᠩᠭᠠᠳᠬᠠᠵᠤ᠂ ᠴᠡᠴᠡᠷᠯᠢᠭ ᠢ ᠨᠡᠩ ᠨᠠᠷᠢᠯᠢᠭ᠂ ᠨᠡᠩ ᠴᠢᠨᠠᠷ ᠰᠠᠶᠢᠲᠠᠢ ᠪᠦᠲᠦᠭᠡᠨ ᠪᠠᠶᠢᠭᠤᠯᠵᠤ᠂ ᠬᠤᠳᠠ ᠳᠤ ᠠᠮᠢ ᠠᠬᠤᠢ ᠪᠠᠷ ᠰᠠᠶᠢᠨ᠂ ᠪᠠᠶᠢᠷᠢᠰᠢᠯ ᠢᠶᠠᠷ ᠵᠣᠬᠢᠰᠲᠠᠢ᠂ ᠦᠵᠡᠮᠵᠢ ᠪᠠᠷ ᠨᠠᠷᠢᠯᠢᠭ᠂ ᠠᠭᠤᠯᠤᠭᠳᠠᠬᠤᠨ ᠢᠶᠠᠷ ᠪᠠᠶᠠᠯᠢᠭ ᠨᠡᠩ ᠤᠯᠠᠨ ᠦᠵᠡᠰᠬᠦᠯᠡᠩᠲᠦ ᠰᠠᠶᠢᠬᠠᠨ ᠦᠵᠡᠮᠵᠢ ᠶᠢ ᠨᠡᠮᠡᠷᠢᠯᠡᠬᠦ ᠬᠡᠷᠡᠭᠲᠡᠢ ᠭᠡᠵᠦ ᠵᠠᠬᠢᠪᠠ᠃      ᠶᠡᠭᠡ ᠲᠦᠷᠭᠡᠨ ᠭᠤᠣᠯ ᠤᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠭᠡᠯ ᠤᠨ ᠬᠦᠷᠢᠶᠡᠯᠡᠩ ᠤᠨ ᠨᠡᠭᠡᠭᠡᠯᠲᠡ ᠶᠢᠨ ᠶᠣᠰᠣᠯᠠᠯ ᠳᠡᠭᠡᠷ᠎ᠡ᠂ ᠡᠾᠧ ᠬᠠᠢ ᠳ᠋ᠦᠩ ᠬᠠᠮᠢᠶ᠎ᠠ ᠪᠦᠬᠦᠢ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠢ ᠰᠣᠨᠣᠰᠴᠠᠢ᠃ ᠲᠡᠷᠡ ᠬᠡᠯᠡᠬᠦ ᠳᠡᠭᠡᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠤᠨ ᠶᠠᠪᠤᠳᠠᠯ ᠤᠨ ᠰᠣᠶᠣᠯ ᠤᠨ ᠴᠡᠩᠬᠡᠯ ᠤᠨ ᠬᠦᠷᠢᠶᠡᠯᠡᠩ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠥᠨᠳᠥᠷ ᠪᠠᠷᠢᠮᠵᠢᠶ᠎ᠠ ᠪᠠᠷ ᠲᠥᠯᠥᠪᠵᠢᠭᠦᠯᠦᠨ ᠲᠥᠯᠥᠪᠯᠡᠵᠦ᠂ ᠵᠢᠭᠤᠯᠴᠢᠯᠠᠯ ᠤᠨ ᠦᠢᠯᠡᠰ ᠤᠨ ᠬᠡᠯᠪᠡᠷᠢ ᠪᠠᠶᠢᠳᠠᠯ ᠢ ᠳᠠᠰᠤᠷᠠᠯᠳᠠ ᠦᠭᠡᠢ ᠪᠠᠶᠠᠯᠢᠭᠵᠢᠭᠤᠯᠵᠤ᠂ ᠬᠤᠳᠠ ᠶᠢᠨ ᠠᠷᠠᠳ ᠵᠢᠴᠢ ᠵᠤᠭᠠᠴᠠᠭᠰᠠᠳ ᠤᠨ  ᠥᠪᠡᠷᠮᠢᠴᠡ᠂ ᠤᠯᠠᠨ ᠶᠠᠩᠵᠤ ᠶᠢᠨ ᠦᠢᠯᠡᠴᠢᠯᠡᠭᠡᠨ ᠤ ᠬᠡᠷᠡᠭᠴᠡᠭᠡ ᠶᠢ ᠬᠠᠩᠭᠠᠵᠤ᠂ ᠬᠥᠬᠡᠬᠤᠲᠠ ᠶᠢᠨ  ᠵᠢᠭᠤᠯᠴᠢᠯᠠᠯ ᠤᠨ ᠳᠦᠷᠦᠯ ᠲᠡᠮᠳᠡᠭ ᠢ ᠡᠭᠦᠳᠴᠦ᠂ ᠬᠥᠬᠡᠬᠤᠲᠠ ᠶᠢᠨ ᠵᠢᠭᠤᠯᠴᠢᠯᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠳᠡᠰ ᠳᠡᠪᠰᠢᠭᠦᠯᠬᠦ ᠶᠢ ᠠᠬᠢᠭᠤᠯᠬᠤ ᠬᠡᠷᠡᠭᠲᠡᠢ ᠭᠡᠵᠡᠢ᠃      ᠶᠡᠭᠡ ᠲᠥᠷᠭᠡᠨ ᠭᠤᠣᠯ ᠤᠨ ᠡᠮᠦᠨ᠎ᠡ ᠲᠠᠯᠠᠩ ᠤᠨ ᠣᠷᠣᠢ ᠶᠢᠨ ᠵᠠᠮ ᠲᠡᠷᠭᠡ ᠨᠡᠪᠲᠡᠷᠡᠬᠦ ᠶᠣᠰᠣᠯᠠᠯ ᠤᠨ ᠲᠤᠬᠠᠢ ᠶᠢᠨ ᠲᠠᠯᠠᠪᠤᠷ ᠲᠤ᠂ ᠾᠧ ᠬᠠᠢ ᠳ᠋ᠦᠩ ᠬᠤᠳᠠ ᠶᠢᠨ ᠠᠷᠠᠳ ᠤᠨ ᠲᠥᠯᠥᠭᠡᠯᠡᠭᠴᠢ ᠲᠠᠢ ᠬᠠᠮᠲᠤ ᠪᠠᠷ  ᠶᠡᠭᠡ ᠲᠥᠷᠭᠡᠨ ᠭᠤᠣᠯ ᠤᠨ ᠡᠮᠦᠨ᠎ᠡ ᠬᠤᠶᠢᠨ᠎ᠠ ᠡᠷᠭᠢ ᠶᠢᠨ ᠶᠡᠭᠡ ᠲᠣᠭᠤᠷᠢᠯ ᠵᠠᠮ ᠨᠡᠪᠲᠡᠷᠡᠭᠰᠡᠨ ᠢ ᠬᠡᠷᠡᠴᠢᠯᠡᠪᠡ᠃ ᠲᠡᠷᠭᠡ ᠨᠡᠪᠲᠡᠷᠡᠭᠰᠡᠨ ᠤ ᠳᠠᠷᠠᠭᠠᠬᠢ ᠡᠮᠦᠨ᠎ᠡ ᠲᠠᠯᠠᠩ ᠤᠨ ᠣᠷᠣᠢ ᠶᠢᠨ ᠵᠠᠮ ᠢ 4 ᠮᠧᠲᠷ ᠪᠠᠶᠢᠭᠰᠠᠨ ᠠᠴᠠ 8 ᠮᠧᠲᠷ ᠪᠣᠯᠭᠠᠨ ᠥᠷᠭᠡᠳᠬᠡᠵᠦ᠂ ᠬᠤᠶᠠᠷ ᠴᠢᠭᠯᠡᠯ ᠤᠨ ᠲᠡᠷᠭᠡᠨ ᠤ ᠵᠠᠮ ᠢᠶᠠᠷ ᠰᠠᠭᠠᠳ ᠦᠭᠡᠢ ᠨᠡᠪᠲᠡᠷᠡᠬᠦ ᠶᠢ ᠪᠡᠶᠡᠯᠡᠭᠦᠯᠵᠦ᠂ ᠡᠷᠬᠢᠨ ᠲᠣᠭᠤᠷᠢᠨ ᠵᠢᠴᠢ ᠵᠡᠭᠦᠨ ᠪᠠᠷᠠᠭᠤᠨ ᠬᠤᠶᠠᠷ ᠲᠠᠯ᠎ᠠ ᠶᠢᠨ ᠰᠠᠭᠤᠭᠠᠯᠢ ᠠᠷᠠᠳ ᠤᠨ ᠶᠠᠪᠤᠵᠤ ᠰᠠᠭᠤᠬᠤ ᠳᠤ ᠲᠤᠶᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃      ᠬᠤᠲᠠ ᠶᠢᠨ ᠤᠳᠤᠷᠢᠳᠤᠯᠭ᠎ᠠ ᠶᠢᠨ ᠹᠦ᠋ ᠶᠢᠨ ᠵᠢᠴᠢ ᠬᠤᠯᠪᠤᠭᠳᠠᠯ ᠪᠦᠬᠦᠢ ᠭᠠᠵᠠᠷ ᠣᠷᠣᠨ᠂ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠲᠣᠭᠤᠷᠢᠨ ᠦᠵᠡᠬᠦ ᠠᠵᠢᠯᠯᠠᠭ᠎ᠠ ᠳᠤ ᠣᠷᠣᠯᠴᠠᠪᠠ᠃       ᠢᠷᠡᠯᠲᠡ᠄ ᠬᠦᠬᠡᠬᠤᠲᠠ  ᠡᠳᠦᠷ ᠤᠨ ᠰᠣᠨᠢᠨ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号