ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠪᠡ ᠮᠠᠨ ᠤ ᠬᠤᠲᠠ ᠶᠢᠨ 5 ᠠᠵᠤ ᠠᠬᠤᠶᠢᠯᠠᠯ ᠬᠢᠨᠠᠨ ᠲᠣᠭᠲᠠᠭᠠᠯᠲᠠ ᠶᠢ ᠥᠩᠭᠡᠷᠡᠭᠡᠪᠡ
ᠨᠡᠶᠢᠲᠡᠯᠡᠭᠰᠡᠨ ᠴᠠᠭ᠄
2023/8/28
      ︵ᠰᠤᠷᠪᠤᠯᠵᠢᠯᠠᠭᠴᠢ ᠰᠦᠩ ᠰᠢᠶᠠᠩ ᠬᠤᠸᠠ︶ ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠬᠤᠶᠠᠳᠤᠭᠠᠷ ᠪᠦᠯᠦᠭ ᠤᠨ ᠥᠪᠡᠷᠲᠡᠭᠡᠨ ᠵᠠᠰᠠᠬᠤ ᠣᠷᠣᠨ ᠤ ᠮᠡᠷᠭᠡᠵᠢᠯ ᠤᠨ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠨᠡᠷᠡᠰ ᠢ ᠨᠡᠶᠢᠲᠡᠯᠡᠵᠦ᠂ ᠪᠦᠬᠦ ᠣᠷᠣᠨ ᠤ 12 ᠠᠵᠤ ᠠᠬᠤᠶᠢᠯᠠᠯ ᠬᠢᠨᠠᠨ ᠲᠣᠭᠲᠠᠭᠠᠯᠲᠠ ᠶᠢ ᠥᠩᠭᠡᠷᠡᠭᠡᠪᠡ᠂ ᠡᠭᠦᠨ ᠳᠤ᠂ ᠮᠠᠨ ᠤ ᠬᠤᠳᠠ ᠶᠢᠨ 5 ᠠᠵᠤ ᠠᠬᠤᠶᠢᠯᠠᠯ ︵ᠵᠦᠩ ᠬᠤᠸᠠᠨ ᠲᠠᠯᠠᠰᠲᠤ ᠪᠡᠶ᠎ᠡ᠂ ᠶᠢᠨ ᠾᠧ ᠠᠮᠢᠳᠤ ᠪᠣᠳᠠᠰ᠂ ᠶᠢᠨ ᠳ᠋ᠠ ᠸᠧᠢ ᠡᠮ ᠤᠨ ᠦᠢᠯᠡᠰ᠂ ᠴᠢ ᠯᠦ ᠡᠮ ᠤᠨ ᠦᠢᠯᠡᠰ᠂ ᠱᠤᠸᠠᠩ ᠴᠢ ᠡᠮ ᠤᠨ ᠦᠢᠯᠡᠰ︶ ᠬᠢᠨᠠᠨ ᠲᠣᠭᠲᠠᠭᠠᠯᠲᠠ ᠶᠢ ᠥᠩᠭᠡᠷᠡᠭᠡᠪᠡ᠃      ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠠᠵᠤ ᠠᠬᠤᠶᠢᠯᠠᠯ ᠢᠶᠠᠷ ᠭᠤᠣᠯ ᠴᠣᠭᠴᠠ ᠪᠣᠯᠭᠠᠭᠰᠠᠨ᠂ ᠵᠠᠬ᠎ᠠ ᠳᠡᠯᠭᠡᠭᠦᠷ ᠢᠶᠠᠷ ᠤᠳᠤᠷᠢᠳᠤᠮᠵᠢ ᠪᠣᠯᠭᠠᠭᠰᠠᠨ᠂ ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ ᠶᠢ ᠭᠦᠨᠵᠡᠭᠡᠢ ᠠᠭᠤᠰᠤᠯᠴᠠᠭᠤᠯᠤᠭᠰᠠᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠢᠩᠬᠢᠮ ᠠᠴᠠ ᠲᠣᠰ ᠤᠳᠠᠭᠠᠨ ᠤ ᠬᠢᠨᠠᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠡᠢ᠃ ᠡᠨᠡ ᠬᠤᠭᠤᠴᠠᠭᠠᠨ ᠳᠤ᠂ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ ᠡᠯ᠎ᠡ ᠲᠥᠷᠥᠯ ᠤᠨ ᠰᠢᠨ᠎ᠡ ᠶᠢ ᠡᠭᠦᠳᠬᠦ ᠲᠠᠪᠴᠠᠩ᠂ ᠰᠢᠨ᠎ᠡ ᠶᠢ ᠡᠭᠦᠳᠬᠦ ᠠᠵᠤ ᠠᠬᠤᠶᠢᠯᠠᠯ ᠢ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ᠂ ᠱᠠᠲᠤ ᠬᠤᠪᠢᠶᠠᠨ ᠪᠣᠶᠢᠵᠢᠭᠤᠯᠬᠤ ᠲᠥᠯᠥᠪᠯᠡᠭᠡ ᠭᠠᠷᠭᠠᠬᠤ᠂ ᠭᠤᠶᠤᠴᠢᠯᠠᠨ ᠮᠡᠳᠡᠭᠦᠯᠵᠦ ᠬᠠᠪᠰᠤᠷᠤᠨ ᠵᠢᠯᠤᠭᠤᠳᠬᠤ ᠵᠡᠷᠭᠡ ᠲᠠᠯ᠎ᠠ ᠪᠠᠷ ᠣᠯᠠᠨ ᠲᠠᠯ᠎ᠠ ᠠᠴᠠ ᠦᠷᠭᠦᠯᠵᠢᠯᠡᠨ ᠬᠦᠴᠦᠯᠡᠵᠦ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠬᠥᠭᠵᠢᠭᠡᠪᠡ᠃ ᠳᠠᠷᠠᠭᠠᠴᠢ ᠶᠢᠨ ᠠᠯᠬᠤᠮ ᠳᠤ᠂ ᠲᠤᠰ ᠲᠣᠪᠴᠢᠶ᠎ᠠ ᠠᠴᠠ ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠴᠢᠬᠤᠯᠠ ᠶᠡᠭᠡ ᠮᠡᠷᠭᠡᠵᠢᠯ ᠤᠨ ᠪᠣᠭᠤᠮᠲᠠ ᠰᠢᠪᠲᠤᠯᠬᠤ ᠶᠢ ᠦᠷᠭᠦᠯᠵᠢᠯᠡᠨ ᠵᠣᠷᠢᠭᠵᠢᠭᠤᠯᠬᠤ ᠪᠠ ᠬᠥᠲᠥᠯᠥᠨ ᠵᠢᠯᠤᠭᠤᠳᠴᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠣᠯᠣᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠵᠦ᠂ ᠪᠦᠬᠦ ᠬᠤᠳᠠ ᠶᠢᠨ ᠠᠵᠤ ᠦᠢᠯᠡᠳᠪᠦᠷᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号