ᠬᠥᠬᠡᠬᠤᠲᠠ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ︾ ᠪᠠᠷ ᠦᠨᠡᠯᠡᠭᠳᠡᠪᠡ
ᠨᠡᠶᠢᠲᠡᠯᠡᠭᠰᠡᠨ ᠴᠠᠭ᠄
2023/9/11
      ︵ᠰᠤᠷᠪᠤᠯᠵᠢᠯᠠᠭᠴᠢ ᠶᠦᠨ ᠶᠠᠨ ᠹᠠᠩ︶ 9 ᠳ᠋ᠤᠭᠡᠷ ᠰᠠᠷ᠎ᠠ ᠶᠢᠨ 8 ᠤ ᠡᠳᠦᠷ᠂ ᠬᠤᠷᠢᠨ ᠭᠤᠷᠪᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠤᠯᠠᠨ ᠤᠯᠤᠰ ᠤᠨ ᠪᠡᠯᠡ ᠣᠷᠣᠭᠤᠯᠤᠯᠲᠠ ᠠᠷᠠᠯᠵᠢᠶᠠᠨ ᠤ ᠵᠥᠪᠳᠡᠨ ᠶᠠᠷᠢᠯᠴᠠᠬᠤ ᠬᠤᠷᠠᠯ ︵ᠳᠣᠷᠣᠭᠰᠢ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠭᠡᠵᠦ ᠳᠥᠭᠦᠮᠴᠢᠯᠡᠨ᠎ᠡ ︶ ᠹᠦᠵᠢᠶᠠᠨ ᠤ ᠰᠢᠶᠠᠮᠧᠨ ᠳᠤ ᠡᠬᠢᠯᠡᠵᠦ᠂ ᠬᠥᠬᠡᠬᠤᠲᠠ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ ᠶᠢᠨ ᠴᠣᠯᠠ ᠬᠦᠷᠳᠡᠪᠡ᠃      ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠢ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠠᠴᠠ ᠭᠤᠣᠯᠯᠠᠨ ᠡᠷᠬᠢᠯᠡᠵᠦ᠂ ᠪᠦᠬᠦ ᠳᠡᠯᠡᠬᠡᠢ ᠶᠢᠨ ᠬᠠᠮᠤᠭ ᠤᠨ ᠶᠡᠭᠡ ᠨᠥᠯᠥᠭᠡᠯᠡᠬᠦ ᠬᠦᠴᠦᠨ ᠲᠠᠢ ᠤᠯᠠᠨ ᠤᠯᠤᠰ ᠤᠨ ᠪᠡᠯᠡ ᠣᠷᠣᠭᠤᠯᠤᠯᠲᠠ ᠶᠢᠨ ᠦᠪᠡᠳᠡᠭᠰᠢ ᠴᠤᠭᠯᠠᠭᠠᠨ ᠤ ᠨᠢᠭᠡ ᠪᠣᠯᠣᠨ᠎ᠠ᠃ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠨᠢ ᠬᠤᠣᠰ ᠴᠢᠭᠯᠡᠯ ᠤᠨ ᠪᠡᠯᠡ ᠣᠷᠣᠭᠤᠯᠤᠯᠲᠠ ᠶᠢ ᠠᠬᠢᠭᠤᠯᠬᠤ᠂ ᠡᠷᠬᠡ ᠰᠦᠷᠲᠦ ᠮᠡᠳᠡᠭᠡ ᠵᠠᠩᠭᠢ ᠶᠢ ᠨᠡᠶᠢᠲᠡᠯᠡᠬᠦ ᠪᠠ ᠪᠡᠯᠡ ᠣᠷᠣᠭᠤᠯᠤᠯᠲᠠ ᠶᠢᠨ ᠬᠠᠨᠳᠤᠰᠢ ᠶᠢ ᠰᠤᠳᠤᠯᠤᠨ ᠶᠠᠷᠢᠯᠴᠠᠬᠤ ᠭᠤᠷᠪᠠᠨ ᠶᠡᠭᠡ ᠲᠠᠪᠴᠠᠩ ᠢ ᠪᠠᠶᠢᠭᠤᠯᠬᠤ ᠪᠠᠷ ᠴᠢᠷᠮᠠᠶᠢᠵᠤ᠂ ᠲᠤᠰ ᠬᠤᠭᠤᠴᠠᠭᠠᠨ ᠤ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠳᠤ 100 ᠰᠢᠬᠠᠮ ᠤᠯᠤᠰ ᠪᠠ ᠭᠠᠵᠠᠷ ᠣᠷᠣᠨ᠂ 1000 ᠰᠢᠬᠠᠮ ᠬᠤᠳᠠᠯᠳᠤᠭᠠᠴᠢᠨ ᠤ ᠪᠦᠯᠬᠦᠮ ᠳᠤᠭᠤᠶᠢᠯᠠᠩ᠂ 8 ᠲᠦᠮᠡ ᠰᠢᠬᠠᠮ ᠬᠤᠳᠠᠯᠳᠤᠭᠠᠴᠢᠨ ᠣᠷᠣᠯᠴᠠᠪᠠ᠃ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ ᠪᠣᠯ 2023 ᠣᠨ ᠤ ᠤᠯᠤᠰ ᠤᠨ ᠬᠤᠳᠠᠯᠳᠤᠭᠠᠨ ᠤ ᠶᠠᠪᠤᠳᠠᠯ ᠤᠨ ᠶᠠᠮᠤᠨ ᠤ ︽ᠪᠡᠯᠡ ᠣᠷᠣᠭᠤᠯᠤᠯᠲᠠ ᠶᠢᠨ ᠳᠤᠮᠳᠠᠳᠤ ᠶᠢᠨ ᠣᠨ︾ ᠤ ᠰᠢᠷᠢᠰ ᠠᠵᠢᠯᠯᠠᠭ᠎ᠠ ᠶᠢᠨ ᠨᠢᠭᠡ ᠪᠣᠯᠣᠨ᠎ᠠ᠂ ᠲᠤᠰ ᠬᠤᠭᠤᠴᠠᠭᠠᠨ ᠤ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠠᠴᠠ ︽ᠳᠤᠮᠳᠠᠳᠤ ᠤᠯᠤᠰ ᠤᠨ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ︾ ᠶᠢ ᠨᠡᠶᠢᠳᠡ 18 ᠶᠢ ᠰᠢᠯᠭᠠᠷᠠᠭᠤᠯᠤᠨ ᠤᠬᠠᠭᠤᠯᠤᠨ ᠲᠠᠨᠢᠯᠴᠠᠭᠤᠯᠵᠤ᠂ ᠡᠯ᠎ᠡ ᠭᠠᠵᠠᠷ ᠢ ᠬᠠᠪᠰᠤᠷᠤᠨ ᠬᠤᠳᠠ ᠶᠢᠨ ᠳᠦᠷᠢ ᠲᠥᠷᠬᠦ᠂ ᠬᠥᠭᠵᠢᠯᠲᠡ ᠶᠢᠨ ᠳᠠᠯᠳᠠ ᠴᠢᠳᠠᠪᠤᠷᠢ ᠪᠣᠯᠣᠨ ᠪᠡᠯᠡ ᠣᠷᠣᠭᠤᠯᠤᠯᠲᠠ ᠶᠢᠨ ᠠᠵᠠ ᠲᠣᠬᠢᠶᠠᠯ ᠢ ᠭᠦᠢᠴᠡᠳ ᠬᠠᠷᠠᠭᠤᠯᠵᠤ᠂ ᠡᠯ᠎ᠡ ᠪᠡᠯᠡ ᠣᠷᠣᠭᠤᠯᠤᠯᠲᠠ ᠶᠢᠨ ᠬᠠᠯᠠᠮᠰᠢᠯ ᠬᠤᠳᠠ ᠶᠢᠨ ᠲᠦᠷᠦᠯ ᠲᠡᠮᠳᠡᠭᠲᠦ ᠶᠢᠨ ᠳᠦᠷᠢ ᠲᠥᠷᠬᠦ ᠶᠢ ᠳᠡᠭᠡᠭᠰᠢᠯᠡᠭᠦᠯᠬᠦ ᠳᠤ ᠬᠦᠴᠦᠨ ᠨᠡᠮᠡᠷᠢᠯᠡᠵᠡᠢ᠃      ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠤᠨ ᠬᠤᠭᠤᠴᠠᠭᠠᠨ ᠳᠤ᠂ ᠮᠠᠨ ᠤ ᠬᠤᠲᠠ ᠪᠡᠯᠡ ᠣᠷᠣᠭᠤᠯᠤᠯᠲᠠ ᠶᠢᠨ ᠬᠠᠯᠠᠮᠰᠢᠯ ᠬᠤᠲᠠ ᠶᠢᠨ ᠦᠵᠡᠭᠦᠯᠦᠯᠭᠡ ᠶᠢᠨ ᠲᠣᠭᠤᠷᠢᠭ ᠲᠤ 90 ᠲᠡᠭᠰᠢ ᠳᠥᠷᠪᠡᠯᠵᠢᠨ ᠮᠧᠲᠷ ᠤᠨ ᠣᠨᠴᠠ ᠴᠢᠮᠡᠭᠰᠡᠨ ᠦᠵᠡᠭᠦᠯᠦᠯᠭᠡ ᠶᠢᠨ ᠲᠣᠭᠤᠷᠢᠭ ᠭᠠᠷᠭᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠦᠷ᠎ᠡ ᠪᠦᠲᠦᠭᠡᠯ᠂ ᠪᠡᠯᠡ ᠣᠷᠣᠭᠤᠯᠤᠯᠲᠠ ᠶᠢᠨ ᠣᠷᠴᠢᠨ ᠨᠦᠬᠦᠴᠡᠯ ᠪᠠ ᠠᠵᠤ ᠦᠢᠯᠡᠰ ᠤᠨ ᠡᠬᠢ ᠪᠠᠶᠠᠯᠢᠭ ᠤᠨ ᠳᠠᠪᠠᠭᠤᠯᠢᠭ ᠵᠢᠴᠢ ᠬᠥᠭᠵᠢᠯᠲᠡ ᠶᠢᠨ ᠳᠠᠯᠳᠠ ᠬᠦᠴᠦᠨ ᠢ ᠳᠡᠯᠭᠡᠨ ᠦᠵᠡᠭᠦᠯᠵᠡᠢ᠃ ︽ᠦᠵᠡᠰᠬᠦᠯᠡᠩᠲᠦ ᠰᠠᠶᠢᠬᠠᠨ ᠬᠥᠬᠡ ᠬᠤᠲᠠ ᠥᠨᠢᠷ ᠪᠠᠶᠠᠯᠢᠭ ᠲᠠᠯ᠎ᠠ ᠶᠢᠨ ᠬᠤᠲᠠ︾ ᠪᠠᠷ ᠭᠤᠣᠯ ᠰᠡᠳᠦᠪ ᠪᠣᠯᠭᠠᠵᠤ᠂ ᠮᠠᠨ ᠤ ᠬᠤᠲᠠ ᠶᠢᠨ ︽ᠵᠢᠷᠭᠤᠭᠠᠨ ᠲᠣᠮᠣ ᠠᠵᠤ ᠦᠢᠯᠡᠰ ᠤᠨ ᠪᠥᠭᠡᠮᠨᠡᠷᠡᠯ︾ ᠤᠨ ᠬᠥᠭᠵᠢᠯᠲᠡ ᠶᠢᠨ ᠠᠮᠵᠢᠯᠲᠠ ᠪᠦᠲᠦᠮᠵᠢ᠂ ᠠᠵᠤ ᠦᠢᠯᠡᠰ ᠤᠨ ᠬᠡᠯᠬᠢᠶ᠎ᠡ ᠶᠢᠨ ᠲᠣᠯᠣᠭᠠᠶᠢᠯᠠᠭᠴᠢ ᠠᠵᠤ ᠠᠬᠤᠶᠢᠯᠠᠯ ᠤᠨ ᠣᠨᠴᠠᠯᠢᠭᠲᠤ ᠦᠢᠯᠡᠳᠬᠦᠨ᠂ ᠬᠤᠲᠠ ᠶᠢᠨ ᠵᠠᠮ ᠬᠠᠷᠢᠯᠴᠠᠭᠠᠨ ᠤ ᠲᠣᠣᠷ᠂ ᠪᠠᠷᠠᠭᠠᠨ ᠤ ᠭᠦᠢᠯᠭᠡᠭᠡᠨ ᠤ ᠬᠦᠢᠰᠦ᠂ ᠰᠣᠶᠣᠯ ᠵᠢᠭᠤᠯᠴᠢᠯᠠᠯ ᠵᠡᠷᠭᠡ ᠣᠷᠣᠨ ᠪᠠᠶᠢᠷᠢ ᠶᠢᠨ ᠳᠠᠪᠠᠭᠤᠯᠢᠭ ᠪᠠ ᠭᠠᠳᠠᠭᠰᠢ ᠨᠡᠭᠡᠭᠡᠯᠲᠡ ᠬᠢᠬᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠳᠠᠪᠠᠭᠤᠯᠢᠭ ᠢ ᠲᠥᠪᠯᠡᠷᠡᠭᠦᠯᠦᠨ ᠳᠡᠯᠭᠡᠨ ᠦᠵᠡᠭᠦᠯᠵᠦ᠂ ᠪᠡᠯᠡ ᠣᠷᠣᠭᠤᠯᠤᠯᠲᠠ ᠶᠢᠨ ᠵᠥᠪᠳᠡᠨ ᠶᠠᠷᠢᠯᠴᠠᠬᠤ ᠬᠤᠷᠠᠯ ᠢ ᠠᠰᠢᠭᠯᠠᠨ ᠮᠠᠨ ᠤ ᠬᠤᠲᠠ ᠶᠢᠨ ᠭᠠᠳᠠᠭᠠᠳᠤ ᠯᠤᠭ᠎ᠠ ᠶᠢᠨ ᠬᠠᠮᠲᠤᠷᠠᠯᠴᠠᠭ᠎ᠠ ᠶᠢᠨ ᠨᠥᠯᠥᠭᠡᠯᠡᠬᠦ ᠬᠦᠴᠦᠨ ᠢ ᠥᠷᠭᠡᠳᠬᠡᠵᠦ᠂ ᠤᠯᠤᠰ ᠤᠨ ᠳᠣᠲᠣᠭᠠᠳᠤ ᠭᠠᠳᠠᠭᠠᠳᠤ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠥᠬᠡᠬᠤᠲᠠ ᠶᠢ ᠪᠥᠬᠦ ᠲᠠᠯ᠎ᠠ ᠪᠠᠷ ᠣᠶᠢᠯᠠᠭᠠᠬᠤ ᠲᠣᠬᠢᠶᠠᠯ ᠣᠯᠭᠤᠵᠤ᠂ ᠮᠥᠨ ᠴᠦ ᠮᠠᠨ ᠤ ᠬᠤᠲᠠ ᠶᠢᠨ ᠠᠵᠤ ᠠᠬᠤᠶᠢᠯᠠᠯ ᠬᠢᠭᠡᠳ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠶᠢᠯᠠᠯ ᠤᠨ ᠤᠯᠠᠮ ᠨᠢᠭᠡ ᠠᠯᠬᠤᠮ ᠬᠠᠮᠲᠤᠷᠠᠯᠴᠠᠬᠤ ᠳᠤ ᠰᠣᠯᠢᠯᠴᠠᠭᠠᠨ ᠤ ᠲᠠᠪᠴᠠᠩ ᠬᠠᠩᠭᠠᠵᠠᠢ᠃
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号