ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ
ᠨᠡᠶᠢᠲᠡᠯᠡᠭᠰᠡᠨ ᠴᠠᠭ᠄
2023/9/11
     9 ᠳ᠋ᠦ᠋ᠭᠡᠷ ᠰᠠᠷ᠎ᠠ ᠶᠢᠨ 6 ᠤ ᠡᠳᠦᠷ᠂ ᠠᠩᠬᠠᠳᠤᠭᠠᠷ ᠬᠤᠭᠤᠴᠠᠭᠠᠨ ᠤ ᠬᠥᠬᠡᠬᠤᠲᠠ ᠶᠢᠨ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠳᠤ ᠣᠷᠣᠯᠴᠠᠪᠠ᠃ ᠲᠣᠰ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠢ ᠥᠪᠡᠷᠲᠡᠭᠡᠨ ᠵᠠᠰᠠᠬᠤ ᠣᠷᠣᠨ ᠤ ᠠᠷᠠᠯᠵᠢᠶ᠎ᠠ ᠶᠢ ᠠᠬᠢᠭᠤᠯᠬᠤ ᠬᠤᠷᠠᠯ᠂ ᠬᠤᠲᠠ ᠶᠢᠨ ᠵᠠᠰᠠᠭ ᠤᠨ ᠣᠷᠳᠣᠨ ᠠᠴᠠ ᠭᠤᠣᠯᠯᠠᠨ ᠡᠷᠭᠢᠯᠡᠵᠦ᠂ ᠬᠤᠲᠠ ᠶᠢᠨ ᠠᠷᠠᠯᠵᠢᠶ᠎ᠠ ᠶᠢ ᠠᠬᠢᠭᠤᠯᠬᠤ ᠬᠤᠷᠠᠯ᠂ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠠᠴᠠ ᠳᠠᠭᠠᠭᠠᠨ ᠡᠷᠭᠢᠯᠡᠵᠦ᠂ ︽ᠡᠯᠧᠺᠲᠷᠣᠨ ᠬᠤᠳᠠᠯᠳᠤᠭᠠᠨ ᠤ ᠬᠥᠭᠵᠢᠯᠲᠡ ᠪᠠᠷ ᠰᠢᠨ᠎ᠡ ᠪᠠᠶᠢᠷᠢᠰᠢᠯ ᠢ ᠬᠥᠲᠥᠯᠥᠨ ᠳᠠᠭᠠᠭᠤᠯᠬᠤ ·  ᠲᠤᠭᠠᠴᠢᠯᠠᠯᠲᠠ ᠯᠤᠭ᠎ᠠ ᠶᠢᠨ ᠤᠶᠠᠯᠳᠤᠯ ᠢᠶᠠᠷ ᠰᠢᠨ᠎ᠡ ᠦᠷ᠎ᠡ ᠪᠦᠲᠦᠭᠡᠯ ᠢ ᠡᠭᠦᠳᠬᠦ︾ ᠪᠠᠷ ᠭᠤᠣᠯ ᠰᠡᠳᠦᠪ ᠪᠣᠯᠭᠠᠪᠠ ᠃ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠨᠢ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠯᠧᠺᠲᠷᠣᠨ ᠬᠤᠳᠠᠯᠳᠤᠭᠠᠨ ᠤ ᠠᠵᠢᠯ ᠡᠷᠬᠢᠯᠡᠭᠴᠢᠳ ᠪᠠ ᠬᠠᠩᠭᠠᠯᠭ᠎ᠠ ᠶᠢᠨ ᠬᠡᠯᠬᠢᠶᠡᠨ ᠤ ᠬᠤᠳᠠᠯᠳᠤᠭᠠᠴᠢᠳ ᠲᠤ ︽ᠨᠢᠭᠤᠷᠲᠠᠨ ᠬᠠᠨᠳᠤᠬᠤ︾ ᠪᠠᠷᠠᠭ᠎ᠠ ᠰᠣᠩᠭᠤᠬᠤ ᠲᠠᠪᠴᠠᠩ ᠪᠠᠶᠢᠭᠤᠯᠵᠤ ᠥᠭᠭᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠲᠣᠰ ᠬᠤᠭᠤᠴᠠᠭᠠᠨ ᠤ ᠡᠯᠧᠺᠲᠷᠣᠨ ᠬᠤᠳᠠᠯᠳᠤᠭᠠᠨ ᠤ ᠦᠵᠡᠰᠬᠦᠯᠡᠩ ᠤᠨ ᠲᠠᠯᠠᠪᠠᠶ  ᠨᠢ 500 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ 51 ᠠᠵᠤ ᠠᠬᠤᠶᠢᠯᠠᠯ ᠴᠤᠭᠯᠠᠷᠠᠵᠤ᠂ ᠬᠥᠬᠡᠬᠤᠲᠠ ᠶᠢᠨ  ᠲᠦᠷᠦᠯ ᠲᠡᠮᠳᠡᠭᠲᠦ ᠠᠵᠤ ᠠᠬᠤᠶᠢᠯᠠᠯ ᠤᠨ ᠦᠵᠡᠰᠬᠦᠯᠡᠩ ᠤᠨ ᠲᠣᠭᠤᠷᠢᠭ᠂ ᠡᠯᠧᠺᠲᠷᠣᠨ ᠬᠤᠳᠠᠯᠳᠤᠭᠠᠨ ᠤ ᠦᠢᠯᠡᠳᠬᠦᠨ ᠰᠣᠩᠭᠤᠬᠤ ᠲᠣᠭᠤᠷᠢᠭ᠂ ᠰᠢᠭᠤᠳ ᠨᠡᠪᠲᠡᠷᠡᠭᠦᠯᠭᠡ ᠪᠠᠷ ᠪᠠᠷᠠᠭ᠎ᠠ ᠬᠤᠳᠠᠯᠳᠤᠬᠤ ᠲᠣᠭᠤᠷᠢᠭ ᠵᠢᠴᠢ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠲᠣᠭᠤᠷᠢᠭ ᠭᠡᠵᠦ ᠳᠦᠷᠪᠡᠨ ᠦᠵᠡᠰᠬᠦᠯᠡᠩ ᠤᠨ ᠲᠣᠭᠤᠷᠢᠭ ᠭᠠᠷᠭᠠᠵᠠᠢ᠃ ᠳᠠᠳᠤᠯᠭ᠎ᠠ ᠶᠢᠨ ᠰᠤᠷᠪᠤᠯᠵᠢᠯᠠᠭᠴᠢ ᠷᠥᠸᠧ ᠬᠦ᠋ ᠰᠡᠭᠦᠳᠡᠷᠯᠡᠪᠡ
 
ᠢᠷᠡᠯᠲᠡ᠄ ᠬᠤᠲᠤᠩ ᠠᠷᠠᠳ ᠤᠨ ᠲᠣᠭᠤᠷᠢᠭ ᠤᠨ ᠵᠠᠰᠠᠭ ᠤᠨ ᠣᠷᠳᠤᠨ ᠤ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号