︽ᠤᠮᠠᠷᠠᠲᠤ ᠶᠢᠨ ᠭᠤᠷᠪᠠᠨ ᠤᠷᠤᠨ ᠤ ᠵᠤᠷᠢᠭ ᠰᠠᠨᠠᠭ᠎ᠠ︾ ᠶᠢᠨ ᠤᠨᠤᠯ ᠤᠨ ᠰᠤᠳᠤᠯᠤᠨ ᠶᠠᠷᠢᠯᠴᠠᠬᠤ ᠬᠤᠷᠠᠯ ᠬᠦᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2023/9/11
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠨᠠᠮᠤᠭ︶ ᠣᠶᠢᠷ᠎ᠠ ᠳᠤ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ᠂ ᠥᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ ︽ᠤᠮᠠᠷᠠᠲᠤ ᠶᠢᠨ ᠭᠤᠷᠪᠠᠨ ᠤᠷᠤᠨ ᠤ ᠵᠤᠷᠢᠭ ᠰᠠᠨᠠᠭ᠎ᠠ︾ ᠶᠢᠨ ᠣᠨᠣᠯ ᠤᠨ ᠰᠤᠳᠤᠯᠤᠨ ᠶᠠᠷᠢᠯᠴᠠᠬᠤ ᠬᠤᠷᠠᠯ ᠬᠥᠬᠡᠬᠤᠲᠠ ᠳᠤ ᠬᠤᠷᠠᠯᠳᠤᠪᠠ᠃      ᠰᠤᠳᠤᠯᠤᠨ ᠶᠠᠷᠢᠯᠴᠠᠬᠤ ᠬᠤᠷᠠᠯ ᠳᠡᠭᠡᠷ᠎ᠡ ᠳᠤᠮᠳᠠᠳᠤ ᠤᠯᠤᠰ ᠤᠨ ᠤᠢ ᠰᠢᠭᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ᠂ ᠤᠯᠤᠰ ᠤᠨ ᠤᠢ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠤᠢ ᠰᠢᠭᠤᠢ ᠪᠠ ᠨᠤᠲᠤᠭ ᠪᠡᠯᠴᠢᠭᠡᠷ ᠤᠨ ᠪᠠᠶᠢᠴᠠᠭᠠᠯᠲᠠ ᠶᠢᠨ ᠲᠥᠯᠥᠪᠵᠢᠭᠦᠯᠭᠡ ᠶᠢᠨ ᠬᠦᠷᠢᠶᠡᠯᠡᠩ᠂ ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ ᠵᠡᠷᠭᠡ ᠶᠢᠨ ᠲᠤᠰᠬᠠᠢ ᠮᠡᠷᠭᠡᠵᠢᠯᠲᠡᠨ ᠡᠷᠳᠡᠮᠲᠡᠨ᠂ ︽ᠤᠮᠠᠷᠠᠲᠤ ᠶᠢᠨ ᠭᠤᠷᠪᠠᠨ ᠣᠷᠣᠨ︾ ᠤ ᠬᠠᠯᠬᠠᠪᠴᠢ ᠣᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠢᠨᠵᠧᠨᠧᠷᠢᠩ ᠳᠤ ᠬᠤᠯᠪᠣᠭᠳᠠᠭᠰᠠᠨ 13 ᠮᠤᠵᠢ ᠣᠷᠣᠨ ᠬᠤᠳᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠦᠬᠦᠳ ᠰᠠᠨᠠᠯ ᠢᠶᠠᠨ ᠰᠤᠯᠢᠯᠴᠠᠵᠤ᠂ ᠤᠷᠳᠤᠰ ᠬᠤᠳᠠ ᠶᠢᠨ ᠬᠠᠩᠭᠢᠨ ᠬᠤᠰᠢᠭᠤ᠂ ᠪᠠᠶᠠᠨᠨᠠᠭᠤᠷ ᠬᠤᠲᠠ ᠶᠢᠨ ᠳ᠋ᠧᠩᠺᠧᠦ ᠰᠢᠶᠠᠨ ᠤ ᠬᠢᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠭᠰᠠᠨ ᠲᠤᠷᠰᠢᠯᠭ᠎ᠠ ᠪᠠᠨ ᠲᠠᠨᠢᠯᠴᠠᠭᠤᠯᠤᠭᠰᠠᠨ ᠪᠠᠶᠢᠨ᠎ᠠ᠃      ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠢ ᠡᠬᠢᠯᠡᠭᠦᠯᠦᠭᠰᠡᠨ ᠠᠴᠠ ᠨᠠᠭᠠᠰᠢ᠂ ᠮᠠᠨ ᠤ ᠣᠷᠣᠨ ᠨᠡᠶᠢᠲᠡ 56 ᠳ᠋ᠦᠩᠰᠢᠭᠤᠷ ᠲᠥᠭᠦᠷᠢᠭ ᠣᠷᠣᠭᠤᠯᠤᠨ ᠲᠠᠪᠤᠨ ᠬᠤᠭᠤᠴᠠᠭᠠᠨ ᠤ ᠢᠨᠵᠧᠨᠧᠷᠢᠩ ᠢ ᠬᠡᠷᠡᠭᠵᠢᠭᠦᠯᠵᠦ᠂ 12 ᠠᠶᠢᠮᠠᠭ ᠬᠤᠲᠠ ᠶᠢᠨ 100 ᠬᠤᠰᠢᠭᠤ ᠰᠢᠶᠠᠨ ᠢ ᠬᠠᠮᠤᠷᠤᠨ᠂ 1.19 ᠳ᠋ᠦᠩᠰᠢᠭᠤᠷ ᠮᠤ᠋ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ ᠪᠡᠶᠡᠯᠡᠭᠦᠯᠵᠦ᠂ ᠰᠠᠯᠬᠢ ᠡᠯᠡᠰᠦᠨ ᠤ ᠬᠥᠨᠥᠭᠡᠯ ᠪᠠ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠪᠠᠭᠠᠰᠬᠠᠪᠠ  ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠮᠠᠨ ᠤ ᠤᠷᠤᠨ ᠤ ᠤᠢ ᠰᠢᠭᠤᠢ ᠶᠢᠨ ᠪᠦᠷᠬᠦᠴᠡ ᠶᠢᠨ ᠨᠣᠷᠮ᠎ᠠ ᠪᠠ ᠨᠤᠲᠤᠭ ᠪᠡᠯᠴᠢᠭᠡᠷ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠦᠷᠭᠦᠯᠵᠢᠯᠡᠨ ︽ᠬᠤᠣᠰ ᠳᠡᠭᠡᠭᠰᠢᠯᠡᠯᠲᠡ︾ ᠲᠠᠢ ᠪᠤᠯᠵᠤ᠂ ᠴᠦᠯᠯᠡᠷᠭᠡᠭᠵᠢᠭᠰᠡᠨ ᠪᠠ ᠡᠯᠡᠰᠦᠷᠬᠡᠭᠵᠢᠭᠰᠡᠨ ᠭᠠᠵᠠᠷ ᠰᠢᠷᠣᠢ ᠶᠢᠨ ᠲᠠᠯᠠᠪᠠᠢ ᠦᠷᠭᠦᠯᠵᠢᠯᠡᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠂ ᠭᠤᠣᠯᠳᠠᠯᠭ᠎ᠠ ᠲᠠᠢ ᠵᠠᠰᠠᠯᠲᠠ ᠶᠢᠨ ᠣᠷᠣᠨ ᠳᠤ ︽ᠡᠯᠡᠰᠦ ᠤᠷᠤᠭᠰᠢᠯᠠᠵᠤ ᠬᠥᠮᠦᠨ ᠤᠬᠤᠷᠢᠵᠤ ︾ ᠪᠠᠶᠢᠭᠰᠠᠨ ᠠᠴᠠ ᠪᠠᠨ ︽ᠨᠤᠭᠤᠭᠠᠷᠠᠭᠤᠯᠤᠯᠲᠠ ᠤᠷᠤᠭᠰᠢᠯᠠᠵᠤ ᠡᠯᠡᠰᠦ ᠤᠬᠤᠷᠢᠬᠤ︾ ᠪᠣᠯᠣᠭᠰᠠᠨ ᠴᠢᠬᠤᠯᠠ ᠶᠡᠭᠡ ᠬᠤᠪᠢᠷᠠᠯᠲᠠ ᠶᠢ ᠪᠡᠶᠡᠯᠡᠭᠦᠯᠪᠡ᠃      ᠬᠠᠭᠠᠰ ᠵᠠᠭᠤᠨ ᠤ ᠲᠤᠷᠰᠢ᠂ ᠤᠮᠠᠷᠠᠲᠤ ᠶᠢᠨ ᠭᠤᠷᠪᠠᠨ ᠤᠷᠤᠨ ᠳᠠᠬᠢ ᠥᠷᠭᠡᠨ ᠤᠯᠠᠨ ᠺᠠᠳ᠋ᠷ ᠠᠵᠢᠯᠳᠠᠨ ᠠᠵᠢᠯᠴᠢᠨ ᠪᠣᠯᠤᠨ ᠠᠷᠠᠳ ᠣᠯᠠᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠶᠢ ᠴᠥᠬᠦᠷᠡᠰᠢ ᠦᠭᠡᠢ ᠪᠠᠷᠢᠮᠲᠠᠯᠠᠵᠤ᠂ ᠡᠯᠡᠰᠦᠨ ᠴᠥᠯ ᠢ ᠨᠣᠭᠤᠭᠠᠨ ᠪᠦᠷᠢᠲᠦ ᠪᠣᠯᠭᠠᠬᠤ᠂ ᠡᠵᠡᠭᠦᠢ ᠲᠠᠯ᠎ᠠ ᠶᠢ ᠤᠢ ᠰᠢᠭᠤᠢ ᠪᠣᠯᠭᠠᠬᠤ ᠠᠮᠢ ᠠᠬᠤᠢ ᠶᠢᠨ ᠭᠠᠶᠢᠬᠠᠮᠰᠢᠭ ᠢ ᠪᠦᠲᠦᠭᠡᠨ᠂ ᠲᠡᠰᠪᠦᠷᠢ ᠬᠠᠲᠠᠭᠤᠵᠢᠯᠲᠠᠢ ᠲᠡᠮᠡᠴᠡᠬᠦ᠂ ᠭᠤᠶᠠᠴᠢ ᠦᠭᠡᠢ ᠵᠢᠳᠬᠦᠬᠦ᠂ ᠴᠥᠬᠦᠷᠡᠰᠢ ᠦᠭᠡᠢ ᠴᠢᠷᠮᠠᠶᠢᠬᠤ᠂ ᠤᠷᠳᠤ ᠬᠤᠭᠤᠴᠠᠭ᠎ᠠ ᠪᠠᠷ ᠴᠢᠷᠮᠠᠶᠢᠬᠤ ︽ᠭᠤᠷᠪᠠᠨ ᠤᠮᠠᠷᠠᠲᠤ ᠶᠢᠨ ᠵᠣᠷᠢᠭ ᠰᠠᠨᠠᠭ᠎ᠠ︾ ᠶᠢ ᠪᠦᠷᠢᠯᠳᠦᠭᠦᠯᠦᠨ᠂ ᠡᠨᠡ ᠨᠢ ᠰᠢᠨ᠎ᠡ ᠴᠠᠭ ᠦᠶ᠎ᠡ ᠳᠤ ᠬᠥᠮᠥᠨ ᠪᠣᠯᠣᠨ ᠪᠠᠶᠢᠭᠠᠯᠢ ᠶᠢᠨ ᠡᠶ᠎ᠡ ᠵᠣᠬᠢᠴᠠᠩᠭᠤᠢ ᠪᠠᠷ ᠬᠠᠮᠲᠤ ᠣᠷᠣᠰᠢᠬᠤ ᠶᠢ ᠪᠡᠶᠡᠯᠡᠭᠦᠯᠬᠦ᠂ ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ ᠶᠢ ᠠᠬᠢᠭᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠥᠳᠡᠯᠭᠡᠬᠦ ᠬᠦᠴᠦᠨ ᠪᠣᠯᠣᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备11000611号-1号